ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠰᠠᠶᠢᠲᠤᠷ ᠭᠢᠵᠦ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠤ ᠪᠠᠶᠢᠭ᠎ᠠ ᠤᠯᠠᠭᠠᠨᠬᠤᠳᠠ ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/12/19
    ᠣᠶᠢᠷ᠎ᠠ ᠶᠢᠨ ᠵᠢᠯ ᠤᠳ ᠲᠤ᠂ ᠤᠯᠠᠭᠠᠨᠬᠤᠲᠠ ᠴᠢᠨᠠᠷ ᠰᠠᠶᠢᠲᠠᠢ ᠥᠨᠳᠥᠷ ᠪᠦᠲᠦᠮᠵᠢᠲᠡᠶ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠣᠯᠠᠨ ᠲᠦᠮᠡᠨ ᠳᠤ ᠬᠦᠷᠲᠡᠭᠡᠵᠦ᠂ ︽ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ︽ᠣᠶᠢᠷ᠎ᠠ ᠬᠠᠪᠢ ᠳᠠᠭᠠᠨ ᠭᠦᠢᠴᠡᠳᠬᠡᠬᠦ︾᠂ ︽ᠭᠠᠷ ᠤᠳᠠᠰᠤ ᠪᠠᠷ ᠭᠦᠢᠴᠡᠳᠬᠡᠬᠦ︾᠂ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠠᠬᠢᠭᠤᠯᠵᠤ᠂ ︽ᠪᠦᠬᠦᠯᠢ ᠡᠳᠦᠷ ᠢᠶᠠᠷ︾ ︽ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠦᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
   ᠤᠯᠠᠭᠠᠨᠬᠤᠲᠠ ᠶᠢᠨ ᠾᠧ ᠫᠢᠩ ᠵᠡᠭᠡᠯᠢ ᠶᠢᠨ ᠬᠤᠩ ᠫᠦ᠋ ᠨᠡᠶᠢᠭᠡᠮ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠳᠤ᠂ ᠠᠵᠢᠯᠲᠠᠳ ᠡᠮ ᠡᠮᠨᠡᠯᠭᠡ ᠶᠢᠨ ᠳᠠᠭᠠᠳᠬᠠᠯ ᠢᠶᠠᠨ ᠲᠤᠰᠢᠶᠠᠬᠤ ᠪᠠᠷ ᠢᠷᠡᠭᠰᠡᠨ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠣᠳᠠᠲᠠᠢ ᠠᠯᠬᠤᠮ ᠳᠠᠷᠠᠭ᠎ᠠ᠂ ᠶᠠᠪᠤᠴᠠ ᠶᠢ ᠨᠠᠷᠢᠨ ᠲᠠᠶᠢᠯᠪᠤᠷᠢᠯᠠᠨ᠎ᠠ᠂ ᠰᠠᠭᠤᠭᠠᠯᠢ ᠠᠷᠠᠳ ᠭᠤᠸᠠᠨ ᠶᠢᠨ ᠯᠢᠶᠠᠩ ᠠᠵᠢᠯᠲᠠᠨ ᠤ  ᠵᠢᠯᠣᠭᠤᠳᠤᠯᠭ᠎ᠠ ᠳᠣᠣᠷ᠎ᠠ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠢᠶᠠᠨ ᠤᠷᠤᠭᠰᠢᠲᠠᠢ ᠪᠡᠶᠡᠯᠡᠭᠦᠯᠵᠡᠢ᠂ ᠲᠡᠷᠡ ᠰᠤᠷᠪᠤᠯᠵᠢᠯᠠᠭᠴᠢ ᠳᠤ᠂ ︽ᠣᠲᠣ ᠡᠮ ᠡᠮᠨᠡᠯᠭᠡ ᠶᠢᠨ ᠳᠠᠭᠠᠳᠬᠠᠯ ᠢᠶᠠᠨ ᠲᠤᠰᠢᠶᠠᠬᠤ ᠳᠤ ᠮᠠᠰᠢ ᠲᠥᠬᠦᠮ ᠪᠣᠯᠵᠠᠢ᠂ ᠨᠡᠶᠢᠭᠡᠮ ᠲᠣᠭᠤᠷᠢᠭ ᠤᠨ ᠠᠵᠢᠯᠲᠠᠨ ᠭᠠᠷ ᠤᠲᠠᠰᠤᠨ ᠳᠡᠭᠡᠷ᠎ᠡ ᠪᠢᠳᠡᠨ ᠳᠤ ᠬᠠᠪᠰᠤᠷᠤᠨ ᠭᠦᠢᠴᠡᠳᠬᠡᠵᠦ ᠥᠭᠴᠦ ᠪᠣᠯᠣᠨ᠎ᠠ︾ ᠭᠡᠵᠦ ᠬᠡᠯᠡᠪᠡ᠃
   ᠡᠭᠦᠨ ᠤ ᠬᠠᠮᠲᠤ᠂ ᠤᠯᠠᠭᠠᠨᠬᠤᠲᠠ ᠶᠢᠨ ᠢᠯᠠᠯᠲᠠ ᠪᠠᠯᠭᠠᠰᠤᠨ ᠤ ᠴᠠᠭᠠᠨ ᠭᠠᠴᠠᠭ᠎ᠠ ᠳᠤ᠂ ᠠᠵᠢᠯᠲᠠᠳ ᠡᠷᠦᠬᠡ  ᠪᠠᠷ ᠬᠦᠷᠴᠦ ᠰᠤᠷᠪᠤᠯᠵᠢᠯᠠᠬᠤ ᠬᠡᠯᠪᠡᠷᠢ ᠪᠠᠷ ᠳᠠᠮᠵᠢᠨ᠂ ᠨᠠᠰᠤ ᠠᠬᠠᠰᠢᠷᠠᠵᠤ ᠪᠡᠶ᠎ᠡ ᠪᠠᠭᠤᠷᠠᠢ᠂ ᠬᠥᠳᠡᠯᠵᠦ ᠪᠠᠷᠢᠬᠤ ᠳᠤ ᠳᠥᠭᠦᠮ ᠦᠭᠡᠢ᠂ ᠵᠠᠰᠠᠭ ᠤᠨ ᠣᠷᠳᠣᠨ ᠠᠴᠠ ᠣᠷᠣᠯᠠᠨ ᠲᠤᠰᠢᠶᠠᠬᠤ ᠵᠡᠷᠭᠡ ᠬᠥᠮᠥᠰ ᠲᠤ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠰᠦᠢᠳᠬᠡᠯ ᠲᠤᠰᠢᠶᠠᠬᠤ᠂ ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠶᠢ ᠬᠠᠪᠰᠤᠷᠴᠤ᠂ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ᠂ ᠰᠦᠢᠳᠬᠡᠯ ᠲᠤᠰᠢᠶᠠᠬᠤ ᠪᠠᠷᠢᠮᠵᠢᠶ᠎ᠠ᠂ ᠲᠤᠰᠢᠶᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠨᠠᠷᠢᠯᠢᠭ ᠣᠶᠢᠯᠠᠭᠠᠭᠤᠯᠵᠤ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ ᠂ ᠬᠥᠮᠥᠨ ᠪᠣᠯᠭᠠᠨ ᠳᠠᠭᠠᠳᠬᠠᠯ ᠳᠤ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠢ᠃
   ᠣᠶᠢᠷ᠎ᠠ ᠶᠢᠨ ᠵᠢᠯ ᠤᠳ ᠲᠤ᠂ ᠤᠯᠠᠭᠠᠨᠬᠤᠲᠠ ᠠᠷᠠᠳ ᠲᠦᠮᠡᠨ ᠤ ᠡᠷᠡᠭᠦᠯ ᠮᠡᠨᠳᠦ ᠶᠢ ᠤᠷᠢᠳᠠᠪᠠᠷ ᠬᠥᠭᠵᠢᠭᠦᠯᠬᠦ  ᠪᠠᠶᠢᠯᠳᠤᠬᠤ ᠪᠣᠳᠣᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠡᠮ ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠴᠢᠩᠭᠠᠳᠬᠠᠵᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠨᠠᠩ ᠪᠠᠲᠤᠯᠠᠭ᠎ᠠ ᠲᠠᠢ ᠪᠣᠯᠭᠠᠪᠠ᠃ ᠪᠦᠷᠢᠳᠬᠡᠯ ᠢ ᠦᠨᠳᠦᠰᠦᠯᠡᠪᠡᠯ᠂ 2022 ᠣᠨ ᠤ 9 ᠰᠠᠷ᠎ᠠ ᠶᠢᠨ 1 ᠤ ᠡᠳᠦᠷ ᠠᠴᠠ 2023 ᠣᠨ ᠤ 2 ᠰᠠᠷ᠎ᠠ ᠶᠢᠨ 10 ᠤ ᠡᠳᠦᠷ ᠪᠣᠯᠲᠠᠯ᠎ᠠ᠂ ᠤᠯᠠᠭᠠᠨᠬᠤᠲᠠ ᠶᠢᠨ 123269 ᠬᠥᠮᠥᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠵᠠᠢ᠃    ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠠᠰᠤᠭ ᠤᠨ ᠳᠠᠷᠤᠭ᠎ᠠ ᠵᠠᠩ ᠶᠠᠩ ᠠᠴᠠ᠄ ︽ᠵᠢᠯ ᠪᠦᠷᠢ ᠶᠢᠨ 9 ᠰᠠᠷ᠎ᠠ   ᠶᠢᠨ 1 ᠤ ᠡᠳᠦᠷ ᠠᠴᠠ ᠳᠠᠷᠠᠭ᠎ᠠ ᠵᠢᠯ ᠤᠨ 3 ᠰᠠᠷ᠎ᠠ   ᠶᠢᠨ 24 ᠤ ᠡᠳᠦᠷ ᠪᠣᠯᠲᠠᠯᠠᠬᠢ ᠬᠤᠭᠤᠴᠠᠭ᠎ᠠ ᠪᠣᠯ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠪᠣᠯᠣᠨ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠭᠠᠷ ᠤᠲᠠᠰᠤᠨ ᠤ APP  ᠪᠠᠷ ᠰᠦᠢᠳᠬᠡᠯ ᠲᠤᠰᠢᠶᠠᠬᠤ᠂ ᠲᠥᠷᠥᠯ ᠰᠠᠳᠤᠨ ᠨᠢ ᠣᠷᠣᠯᠠᠨ ᠲᠤᠰᠢᠶᠠᠬᠤ᠂ ᠴᠣᠩᠬᠤᠪᠴᠢ  ᠪᠠᠷ ᠰᠦᠢᠳᠬᠡᠯ ᠲᠤᠰᠢᠶᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠰᠦᠢᠳᠬᠡᠯ ᠲᠤᠰᠢᠶᠠᠵᠤ ᠪᠣᠯᠣᠨ᠎ᠠ᠂ ᠳᠠᠷᠠᠭᠠᠴᠢ   ᠶᠢᠨ ᠠᠯᠬᠤᠮ ᠳᠤ ᠪᠢᠳᠡ ᠥᠷᠭᠡᠨ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠴᠠᠭ ᠲᠤᠬᠠᠢ  ᠳᠤᠨᠢ ᠰᠦᠢᠳᠬᠡᠯ ᠲᠤᠰᠢᠶᠠᠯᠭᠠᠵᠤ᠂ ᠣᠯᠠᠨ ᠲᠦᠮᠡᠨ ᠤ ︿ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠯᠭᠠᠵᠤ ᠂ ᠨᠢᠭᠡ ᠶᠢ ᠴᠦ ᠣᠷᠬᠢᠭᠳᠠᠭᠤᠯᠬᠤ ᠦᠭᠡᠢ﹀ ᠪᠠᠶᠢᠬᠤ ᠶᠢ ᠪᠠᠲᠤᠯᠠᠨ᠎ᠠ︾ ᠭᠡᠵᠦ ᠢᠯᠡᠷᠬᠡᠶᠢᠯᠡᠵᠡᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号