ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/12/19
   ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄    ︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ   ᠶᠢᠨ ᠶᠠᠪᠤᠳᠠᠯ ᠤᠨ ᠬᠤᠷᠢᠶ᠎ᠠ ᠠᠴᠠ ᠲᠠᠷᠬᠠᠭᠠᠭᠰᠠᠨ ﹇2022 ﹈ 22 ᠳ᠋ᠤᠭᠠᠷ ᠲᠣᠭᠠᠲᠤ︶᠂ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠪᠣᠯᠣᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠠᠶᠢᠮᠠᠭ ᠤᠨ ᠵᠠᠬᠢᠷᠭ᠎ᠠ ᠠᠴᠠ ᠲᠠᠷᠬᠠᠭᠠᠭᠰᠠᠨ ﹇2023﹈ 55 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠳᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠬᠤᠳᠠ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃    ※ᠨᠠᠷᠢᠨ ᠠᠭᠤᠯᠭ᠎ᠠ ᠶᠢ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ ᠠᠩᠬᠠᠷᠤᠭᠠᠷᠠᠢ︕
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号