︽ᠬᠠᠮᠤᠭ ᠤᠨ ᠰᠠᠶᠢᠬᠠᠨ ᠬᠥᠷᠰᠢ ᠠᠶᠢᠯ︾︱ ᠯᠢᠦ ᠵᠠᠨ᠎ᠠ
ᠨᠡᠶᠢᠲᠡᠯᠡᠭᠰᠡᠨ ᠴᠠᠭ᠄
2023/12/21
   75 ᠨᠠᠰᠤᠲᠠᠢ ᠯᠢᠦ ᠵᠠᠨ᠎ᠠ ᠪᠣᠯ ᠱᠦᠨ ᠳ᠋ᠡ ᠨᠡᠶᠢᠭᠡᠮ ᠲᠣᠭᠤᠷᠢᠭ ᠤᠨ ᠤᠯᠠᠭᠠᠨ ᠵᠢᠩ ᠳ᠋ᠢᠶᠠᠨ ᠭᠤᠷᠪᠠᠳᠤᠭᠠᠷ ᠠᠰᠠᠷ ᠤᠨ ᠰᠠᠭᠤᠭᠠᠯᠢ ᠠᠷᠠᠳ᠂ ᠭᠡᠭᠡᠨᠰᠦ᠋ᠮ᠎ᠡ ᠶᠢᠨ ᠪᠠᠯᠭᠠᠰᠤᠨ ᠤ ᠠᠵᠤ ᠠᠬᠤᠶᠢᠯᠠᠯ ᠠᠴᠠ ᠠᠵᠢᠯ ᠠᠴᠠ ᠪᠠᠨ ᠠᠮᠠᠷᠠᠪᠠ᠂ ᠲᠡᠷᠡ ᠬᠡᠳᠦᠶᠢᠪᠡᠷ ᠡᠳᠦᠷ ᠪᠦᠷᠢ ᠡᠷᠲᠡ ᠭᠠᠷᠴᠤ ᠣᠷᠣᠢ ᠬᠠᠷᠢᠵᠤ ᠶᠠᠪ ᠶᠠᠭᠠᠷᠠᠤ ᠪᠣᠯᠪᠠᠴᠤ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠢ ᠪᠠᠶᠢᠵᠤ᠂ ᠬᠥᠷᠰᠢ ᠵᠡᠷᠭᠡᠯᠡᠳᠡᠭᠡ ᠪᠠᠨ ᠬᠠᠪᠰᠤᠷᠤᠨ ᠲᠡᠳᠬᠦᠬᠦ᠂ ᠣᠷᠴᠢᠨ ᠲᠣᠭᠤᠷᠢᠨ ᠢ ᠬᠠᠮᠠᠭᠠᠯᠠᠵᠤ ᠨᠣᠭᠤᠭᠠᠷᠠᠭᠤᠯᠬᠤ ᠵᠡᠷᠭᠡ ᠲᠠᠯ᠎ᠠ ᠪᠠᠷ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠭᠦᠨ ᠢ ︽ᠯᠢᠦ ᠠᠪᠠᠭ᠎ᠠ︾ ᠭᠡᠵᠦ ᠳᠣᠲᠣᠨᠣᠰᠤᠭ ᠢᠶᠠᠷ ᠳᠠᠭᠤᠳᠠᠨ᠎ᠠ᠃    ᠯᠢᠦ ᠠᠪᠠᠭ᠎ᠠ ᠶᠢᠨ ᠵᠠᠩ ᠠᠭᠠᠰᠢ ᠠᠰᠪᠤᠷᠢ ᠰᠢᠯᠤᠭᠤᠨ᠂ ᠪᠤᠰᠤᠳ ᠢ ᠲᠤᠰᠠᠯᠠᠬᠤ ᠳᠤᠷᠠᠲᠠᠢ᠃ ᠲᠡᠷᠡ ᠦᠷᠭᠦᠯᠵᠢ ᠪᠤᠰᠤᠳ ᠲᠤ᠄ ︽ᠣᠳᠣ ᠮᠠᠨ ᠤ ᠭᠡᠷ ᠣᠷᠣᠨ ᠤᠯᠠᠮ ᠠᠴᠠ ᠤᠯᠠᠮ ᠰᠠᠶᠢᠨ ᠰᠠᠶᠢᠬᠠᠨ ᠪᠣᠯᠵᠤ ᠪᠠᠶᠢᠨ᠎ᠠ᠂ ᠪᠢ ᠨᠡᠶᠢᠭᠡᠮ ᠳᠤ ᠬᠠᠷᠢᠭᠤᠴᠠᠯᠭ᠎ᠠ ᠪᠠᠨ ᠭᠦᠢᠴᠡᠳᠬᠡᠵᠦ᠂ ᠪᠤᠰᠤᠳ ᠲᠤ ᠨᠢᠭᠡ ᠬᠤᠪᠢ ᠬᠠᠶᠢᠷ᠎ᠠ ᠬᠠᠯᠠᠮᠵᠢ ᠬᠦᠷᠭᠡᠨ᠎ᠡ︾ ᠭᠡᠵᠦ ᠬᠡᠯᠡᠳᠡᠭ᠃ ᠨᠡᠶᠢᠭᠡᠮ ᠲᠣᠭᠤᠷᠢᠭ ᠤᠨ ᠨᠢᠳᠤᠨᠤᠨ ᠤ ᠰᠠᠭᠤᠭᠠᠯᠢ ᠠᠷᠠᠳ ᠤᠨ ᠲᠣᠭᠤᠷᠢᠭ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠶᠠᠪᠤᠴᠠ ᠳᠤ᠂ ᠲᠡᠷᠡ ᠥᠪᠡᠷᠲᠡᠭᠡᠨ ᠵᠣᠭᠤᠰ ᠭᠠᠷᠭᠠᠨ ᠰᠠᠭᠤᠭᠠᠯᠢ ᠠᠷᠠᠳ ᠤᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠰᠡ ᠳᠤ ᠵᠢᠮᠢᠰ ᠤᠨ ᠮᠣᠳᠣ ᠲᠠᠷᠢᠵᠦ᠂ ᠠᠳᠠᠯ ᠠᠬᠤᠢ ᠶᠢᠨ ᠺᠣᠮᠫᠠᠨᠢ ᠶᠢ ᠬᠠᠪᠰᠤᠷᠤᠨ ᠠᠳᠠᠯ ᠠᠬᠤᠢ ᠶᠢᠨ ᠬᠡᠷᠡᠭᠯᠡᠭᠡᠨ ᠤ ᠭᠡᠷ ᠪᠠᠶᠢᠰᠢᠩ ᠢ ᠰᠡᠯᠪᠢᠨ ᠵᠠᠰᠠᠵᠤ᠂ ᠠᠳᠠᠯ ᠠᠬᠤᠢ ᠶᠢᠨ ᠭᠠᠵᠠᠷ ᠲᠤ ᠲᠧᠯᠸᠢᠰ ᠬᠤᠳᠠᠯᠳᠤᠨ ᠠᠪᠴᠤ ᠥᠭᠴᠡᠢ᠃ ᠯᠢᠦ ᠠᠪᠠᠭ᠎ᠠ᠄ ︽ᠠᠳᠠᠯ ᠠᠬᠤᠢ ᠶᠢᠨ ᠭᠠᠵᠠᠷ  ᠨᠢ ᠤᠯᠠᠨ ᠳᠤ ᠦᠢᠯᠡᠴᠢᠯᠡᠳᠡᠭ᠂ ᠪᠢᠳᠡ ᠪᠠᠰᠠ ᠴᠢᠳᠠᠯ ᠤᠨ ᠬᠢᠷᠢ ᠪᠠᠷ ᠢᠶᠠᠨ ᠬᠢᠪᠡᠯ ᠵᠣᠬᠢᠨ᠎ᠠ  ︕︾ ᠭᠡᠵᠦ ᠬᠡᠯᠡᠪᠡ
   ᠡᠳᠦᠷ ᠲᠤᠲᠤᠮ ᠤᠨ ᠠᠮᠢᠳᠤᠷᠠᠯ ᠳᠤᠮᠳᠠ ᠯᠢᠦ ᠠᠪᠠᠭ᠎ᠠ ᠴᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠯ᠎ᠡ ᠵᠦᠢᠯ ᠤᠨ ᠡᠷᠬᠡ ᠠᠰᠢᠭ ᠢ ᠤᠯᠭᠤᠬᠤ ᠪᠠᠷ ᠢᠳᠡᠪᠬᠢᠲᠡᠢ ᠴᠢᠷᠮᠠᠶᠢᠳᠠᠭ᠂ ᠤᠰᠤ ᠴᠠᠬᠢᠯᠭᠠᠨ ᠤ ᠠᠰᠠᠭᠤᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠴᠤ ᠲᠡᠷᠡ᠂ ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠠᠭ᠎ᠠ ᠶᠢᠨ ᠠᠰᠠᠭᠤᠳᠠᠯ ᠴᠤ ᠲᠡᠷᠡ᠂ ᠯᠢᠦ ᠠᠪᠠᠭ᠎ᠠ ᠤᠳᠠᠭ᠎ᠠ ᠪᠣᠯᠭᠠᠨ ᠪᠡᠶ᠎ᠡ ᠪᠠᠷ ᠢᠶᠠᠨ ᠣᠷᠣᠯᠴᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠯᠠᠨ ᠤ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠣᠯᠠᠨ ᠤ ᠶᠠᠪᠤᠳᠠᠯ  ᠢ ᠥᠪᠡᠷ ᠤᠨ ᠢᠶᠠᠨ ᠶᠠᠪᠤᠳᠠᠯ ᠪᠣᠯᠭᠠᠨ ᠬᠢᠳᠡᠭ᠃ ᠭᠡᠷ ᠲᠡᠭᠡᠨ ᠡᠭᠡᠯᠵᠢᠯᠡᠨ ᠠᠮᠠᠷᠠᠬᠤ ᠪᠣᠯᠭᠠᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠶᠠᠪᠤᠴᠠ ᠳᠠᠬᠢ ᠡᠯ᠎ᠡ ᠵᠦᠢᠯ ᠤᠨ ᠤᠴᠢᠷ ᠶᠠᠪᠤᠳᠠᠯ ᠢ ᠡᠮᠦᠨ᠎ᠡ ᠬᠤᠶᠢᠨ᠎ᠠ ᠠᠴᠠ ᠨᠢ ᠬᠠᠪᠰᠤᠷᠤᠨ ᠵᠣᠬᠢᠴᠠᠭᠤᠯᠵᠤ ᠥᠭᠲᠡᠭ᠃ ᠵᠡᠷᠭᠡᠯᠡᠳᠡᠭᠡ ᠭᠡᠷ ᠤᠨ ᠭᠠᠭᠴᠠᠭᠠᠷ ᠰᠠᠭᠤᠭ᠎ᠠ ᠨᠠᠰᠤᠲᠠᠳ ᠢ ᠬᠠᠪᠰᠤᠷᠤᠨ ᠤᠰᠤᠨ ᠬᠤᠭᠤᠯᠠᠢ ᠶᠢ ᠨᠢ ᠰᠡᠯᠪᠢᠨ ᠵᠠᠰᠠᠵᠤ᠂ ᠵᠠᠮ ᠳᠡᠭᠡᠷᠡᠬᠢ ᠮᠠᠯᠲᠠᠭᠰᠠᠨ ᠠᠴᠠ ᠪᠣᠯᠵᠤ ᠶᠠᠪᠤᠵᠤ ᠰᠠᠭᠤᠬᠤ ᠳᠤ ᠳᠥᠭᠦᠮ ᠦᠭᠡᠢ ᠭᠠᠵᠠᠷ ᠲᠤ ᠰᠡᠷᠡᠮᠵᠢ ᠶᠢᠨ ᠫᠠᠶᠢᠰᠠ ᠪᠣᠰᠬᠠᠵᠤ᠂ ᠪᠠᠷᠢᠯᠭ᠎ᠠ ᠶᠢᠨ ᠠᠵᠢᠯᠲᠠᠳ ᠲᠠᠢ ᠨᠡᠪᠲᠡᠷᠡᠯᠴᠡᠨ᠂ ᠤᠰᠤᠨ ᠬᠤᠭᠤᠯᠠᠢ ᠶᠢ ᠳᠡᠪᠢᠰᠦᠭᠰᠡᠨ ᠤ ᠳᠠᠷᠠᠭᠠᠬᠢ ᠱᠦᠢᠨᠢ ᠶᠢᠨ ᠬᠠᠲᠠᠭᠤᠷᠠᠯ ᠤᠨ ᠠᠭᠤᠯᠵᠠᠷ ᠲᠤ ᠨᠢᠭᠡ ᠢᠮᠠᠬᠤ ᠶᠢᠨ ᠵᠠᠢ ᠦᠯᠡᠳᠡᠭᠡᠵᠦ ᠬᠤᠸᠠᠷ ᠴᠡᠴᠡᠭ ᠳᠠᠷᠢᠭᠤᠯᠵᠤ᠂ ᠣᠷᠴᠢᠨ ᠲᠣᠭᠤᠷᠢᠨ ᠢ ᠨᠢ ᠭᠤᠶᠣᠵᠢᠭᠤᠯᠳᠠᠭ ……ᠲᠡᠷᠡ ᠬᠡᠵᠢᠶᠡᠳᠡ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠮᠳᠠ ᠭᠤᠸ᠎ᠠ ᠰᠠᠶᠢᠬᠠᠨ ᠢ ᠡᠭᠦᠳᠴᠦ᠂ ᠭᠤᠸ᠎ᠠ ᠰᠠᠶᠢᠬᠠᠨ ᠢ ᠤᠯᠠᠮᠵᠢᠯᠠᠨ ᠳᠡᠯᠭᠡᠷᠡᠭᠦᠯᠬᠦ ᠶᠢ ᠪᠠᠷᠢᠮᠲᠠᠯᠠᠳᠠᠭ᠃    ᠲᠡᠷᠡ ᠰᠠᠨᠠᠭᠠᠴᠢᠯᠠᠭ᠎ᠠ ᠠᠴᠠ ᠪᠠᠨ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠵᠤ᠂ ᠠᠰᠠᠷ ᠤᠨ ᠲᠡᠭᠡᠷ᠎ᠡ ᠲᠣᠤᠷᠠᠬᠢ ᠡᠷᠦᠬᠡ ᠪᠣᠯᠭᠠᠨ ᠢᠶᠠᠷ ᠬᠦᠷᠴᠦ᠂ ᠰᠠᠭᠤᠭᠠᠯᠢ ᠠᠷᠠᠳ ᠤᠨ ᠵᠥᠪᠯᠡᠯ ᠤᠨ ᠥᠪᠡᠷᠲᠡᠭᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠳᠠᠮᠵᠢᠭᠤᠯᠳᠠᠭ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ᠲᠡᠷᠡ ᠰᠠᠨᠠᠭᠠᠴᠢᠯᠠᠭ᠎ᠠ ᠠᠴᠠ ᠪᠠᠨ ᠰᠠᠭᠤᠭᠠᠯᠢ ᠠᠷᠠᠳ ᠤᠨ ᠲᠣᠭᠤᠷᠢᠭ ᠤᠨ ᠨᠠᠰᠤᠲᠠᠨ ᠲᠠᠢ ᠠᠭᠤᠯᠵᠠᠵᠤ᠂ ᠨᠠᠰᠤᠲᠠᠨ ᠲᠠᠢ ᠵᠣᠭᠤᠭᠳᠠᠳᠠᠭ᠂ ᠡᠭᠦᠨ ᠤ ᠬᠠᠮᠲᠤ᠂ ᠲᠡᠷᠡ ᠪᠠᠰᠠ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠭᠢᠯᠤᠮ᠎ᠠ ᠰᠡᠳᠬᠢᠯᠭᠡ ᠪᠠᠷ ᠣᠷᠤᠯᠴᠠᠵᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠳᠠᠭ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠠᠭᠠᠭᠢᠮ᠎ᠠ ᠬᠠᠯᠠᠭᠤᠨ ᠵᠤᠨ ᠤ ᠤᠯᠠᠷᠢᠯ ᠴᠤ ᠲᠡᠷᠡ᠂ ᠬᠠᠬᠢᠷ ᠬᠦᠢᠲᠡᠨ ᠡᠪᠦᠯ ᠤᠨ ᠤᠯᠠᠷᠢᠯ ᠴᠤ ᠲᠡᠷᠡ᠂ ᠤᠯᠠᠨ ᠢᠶᠠᠷ ᠢᠶᠠᠨ ᠬᠡᠷᠡᠭᠴᠡᠭᠡ ᠲᠠᠢ ᠯᠡ ᠶᠤᠮ ᠪᠣᠯ ᠲᠡᠷᠡ ᠳᠠᠷᠤᠢ ᠬᠡᠵᠢᠶ᠎ᠡ ᠳᠠᠭᠤᠳᠠᠪᠠᠯ ᠬᠡᠵᠢᠶ᠎ᠡ ᠣᠴᠢᠵᠤ᠂ ᠶᠡᠷᠦ ᠠᠴᠠ ᠬᠠᠷᠠᠮᠰᠠᠯ ᠭᠤᠮᠣᠳᠠᠯ ᠦᠭᠡᠢ︕    ᠯᠢᠦ ᠠᠪᠠᠭ᠎ᠠ ᠪᠣᠯ ᠨᠡᠷ᠎ᠡ ᠨᠢᠳᠡᠷ ᠲᠡᠭᠡᠨ ᠲᠣᠬᠢᠷᠠᠭᠰᠠᠨ ︽ᠬᠠᠮᠤᠭ ᠤᠨ ᠰᠠᠶᠢᠬᠠᠨ ᠬᠥᠷᠰᠢ ᠠᠶᠢᠯ︾ ᠶᠤᠮ︕ ᠲᠡᠭᠦᠨ ᠤ ᠦᠢᠯᠡ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠳᠣᠲᠣᠷᠠᠬᠢ ᠮᠠᠰᠢ ᠣᠯᠠᠨ ᠰᠠᠭᠤᠭᠠᠯᠢ ᠠᠷᠠᠳ ᠢ ᠳᠠᠶᠢᠴᠢᠯᠠᠨ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠵᠠᠢ᠂ ᠭᠡᠬᠦ  ᠲᠡᠭᠡᠨ ᠶᠠᠭ ᠡᠶᠢᠮᠦᠷᠬᠦᠦ ᠪᠣᠯᠪᠠᠰᠤᠨ ᠬᠥᠮᠥᠰ ᠤᠨ ᠪᠣᠯᠪᠠᠰᠤᠨ ᠶᠠᠪᠤᠳᠠᠯ ᠨᠢ ᠰᠠᠶ᠋ᠢ ᠡᠨᠡ ᠬᠦ ᠬᠤᠲᠠ ᠶᠢ ᠨᠡᠩ ᠡᠶ᠎ᠡ ᠵᠣᠬᠢᠴᠠᠯ  ᠲᠠᠢ᠂ ᠨᠡᠩ ᠬᠠᠯᠠᠭᠤᠨ ᠳᠤᠯᠠᠭᠠᠨ᠂ ᠨᠡᠩ ᠵᠣᠯ ᠵᠢᠷᠭᠠᠯ ᠲᠠᠢ ᠪᠣᠯᠭᠠᠵᠤ ᠴᠢᠳᠠᠨ᠎ᠠ︕  
 
ᠢᠷᠡᠯᠲᠡ᠄ ᠬᠢᠩᠭᠠᠨ ᠵᠡᠭᠡᠯᠢ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号