ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠥ ᠶᠢᠨ ᠠᠵᠤ ᠥᠢᠯᠡᠰ ᠢ ᠬᠦᠭᠵᠢᠬᠦᠯᠥᠨ ᠪᠠᠶᠠᠵᠢᠯ ᠤᠨ ᠵᠠᠮ ᠢᠶᠠᠨ ᠰᠠᠷᠠᠭᠤᠯᠵᠢᠭᠤᠯᠵᠤ ᠪᠠᠶᠢᠭ᠎ᠠ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/12/21
     ︵ᠰᠤᠷᠪᠤᠯᠵᠢᠯᠠᠭᠴᠢ ᠤᠷᠠᠨᠳᠤᠳᠢ︶ ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠥ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠬᠦᠭᠡᠷᠦᠮᠵᠢᠲᠦ ᠲᠠᠷᠢᠶᠠᠯᠠᠩ᠂ ᠰᠣᠶᠣᠯ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠰᠡᠨ ᠪᠠᠶᠢᠨ᠎ᠠ᠃
   ᠭᠡᠭᠡᠨᠰᠦ᠋ᠮ᠎ᠠ ᠪᠠᠯᠭᠠᠰᠥ ᠶᠢᠨ ᠲᠥᠬᠦᠭᠡᠷᠦᠮᠵᠢᠳᠥ ᠲᠠᠷᠢᠶᠠᠯᠠᠩ ᠤᠨ ᠬᠦᠷᠢᠶᠡᠯᠡᠩ ᠤᠨ ᠲᠠᠷᠢᠮᠠᠯ ᠤᠨ ᠡᠷᠦᠬᠡ ᠡᠦ ᠯᠢ ᠫᠢᠩ ᠤᠨ ᠳᠤᠯᠠᠭᠠᠨ ᠬᠦᠯᠡᠮᠵᠢ ᠳᠤ ᠬᠦᠷᠪᠡᠯ᠂ ᠪᠠᠢ ᠰᠢᠶᠠᠩ ᠬᠦᠸᠧ ᠵᠢᠮᠢᠰ ᠤᠨ ᠠᠩᠬᠢᠯᠤᠮ᠎ᠠ ᠰᠠᠶᠢᠬᠠᠨ ᠦᠨᠥᠷ ᠬᠠᠨᠭ᠍ᠬᠤᠯᠵᠤ᠂ ᠰᠠᠭᠤᠭᠰᠠᠨ ᠵᠢᠮᠢᠰ ᠨᠢ ᠮᠥᠴᠢᠷ ᠢᠶᠠᠨ ᠳᠠᠭᠠᠭᠠᠵᠤ ᠶᠠᠳᠠᠮ᠎ᠠ ᠤᠨᠵᠠᠶᠢᠵᠤ ᠪᠠᠶᠢᠯ᠎ᠠ᠃ ᠡᠦ ᠯᠢ ᠫᠢᠩ ᠵᠢᠮᠢᠰ ᠤᠨ ᠮᠤᠳᠥᠨ ᠤ ᠰᠠᠯᠠᠭ᠎ᠠ ᠨᠠᠮᠠᠭ᠎ᠠ ᠶᠢ ᠵᠠᠰᠠᠬᠤ ᠶᠢᠨ ᠳᠠᠭᠠᠥ᠄ ︽ᠡᠳᠡᠭᠡᠷ ᠵᠢᠮᠢᠰ ᠪᠠᠷᠤᠭ ᠬᠤᠶᠠᠷ ᠰᠠᠷ᠎ᠠ ᠶᠢᠨ ᠰᠡᠬᠦᠯᠴᠢ ᠭᠤᠷᠪᠠᠨ ᠰᠠᠷ᠎ᠠ ᠶᠢᠨ ᠡᠬᠢ ᠪᠠᠷ ᠪᠤᠯᠪᠠᠰᠤᠷᠠᠨ᠎ᠠ᠂ ᠨᠢᠭᠡ ᠬᠦᠯᠡᠮᠵᠢ ᠠᠴᠠ ᠪᠠᠷᠤᠭ 3000 ᠵᠢᠩ ᠣᠷᠴᠢᠮ ᠵᠢᠮᠢᠰ ᠬᠤᠷᠢᠶᠠᠨ᠎ᠠ᠂ ᠮᠠᠨ ᠤ ᠳᠠᠷᠢᠭᠰᠠᠨ ᠵᠢᠮᠢᠰ ᠬᠢᠮᠢ ᠶᠢᠨ ᠪᠤᠷᠳᠤᠭᠤᠷ ᠣᠷᠣᠭᠤᠯᠬᠤ ᠦᠭᠡᠢ᠂ ᠪᠤᠬᠢᠷᠳᠤᠯ ᠦᠬᠡᠢ ᠤᠷᠭᠠᠨᠢᠭ ᠪᠠᠶᠢᠳᠠᠭ ᠢᠶᠠᠷ ᠢᠶᠠᠨ ᠠᠮᠳᠠ ᠰᠠᠶᠢᠳᠠᠢ᠂ ᠰᠢᠮ᠎ᠡ ᠳᠡᠵᠢᠭᠡᠯ ᠦᠨᠳᠥᠷ ᠪᠠᠶᠢᠳᠠᠭ︾ ᠭᠡᠵᠤ ᠲᠠᠨᠢᠯᠴᠠᠭᠤᠯᠵᠤ ᠪᠠᠶᠢᠯ᠎ᠠ᠃    ᠤᠶᠢᠷ᠎ᠠ ᠶᠢᠨ ᠵᠢᠯ ᠳᠤ᠂ ᠭᠡᠭᠡᠨᠰᠦ᠋ᠮ᠎ᠠ ᠪᠠᠯᠭᠠᠰᠥ ᠲᠦᠬᠦᠭᠡᠷᠦᠮᠵᠢᠳᠤ ᠲᠠᠷᠢᠶᠠᠯᠠᠩ ᠢ ᠶᠡᠭᠡ ᠪᠠᠷ ᠬᠦᠭᠵᠢᠬᠦᠯᠥᠭᠰᠡᠨ ᠢᠶᠠᠷ ᠪᠠᠷᠠᠬᠤ ᠦᠭᠡᠶ᠂ ᠵᠢᠭᠤᠯᠴᠢᠯᠠᠯ ᠤᠨ ᠥᠢᠯᠡᠰ ᠢ ᠴᠤ ᠲᠦᠷᠭᠡᠨ ᠬᠦᠭᠵᠢᠬᠦᠯᠥᠨ᠂ ᠤᠨᠴᠠᠯᠢᠬᠳᠥ ᠠᠵᠤ ᠥᠢᠯᠡᠰ ᠢ ᠳᠠᠶᠢᠴᠢᠯᠠᠨ ᠠᠷᠠᠳ ᠤᠨ ᠤᠷᠤᠯᠭ᠎ᠠ ᠶᠢ ᠨᠡᠮᠡᠭᠳᠡᠬᠦᠯᠥᠭᠰᠡᠨ ᠪᠠᠶᠢᠨ᠎ᠠ᠃ ᠡᠷᠳᠡᠨ ᠤ ᠪᠠᠷᠢᠯᠭ᠎ᠠ ᠶᠢᠨ ᠤᠨᠴᠠᠯᠢᠭ ᠲᠠᠢ ᠵᠢᠭᠤᠯᠴᠢᠯᠠᠯ ᠤᠨ ᠭᠠᠵᠠᠷ᠂ ᠤᠷᠤᠨ ᠨᠤᠳᠤᠭ ᠤᠨ ᠠᠮᠳᠠᠳᠥ ᠢᠳᠡᠭᠡᠨ ᠤ ᠵᠡᠭᠡᠯᠢ ᠵᠡᠷᠭᠡ ᠨᠢ ᠬᠤᠳᠠ ᠶᠢᠨ ᠠᠷᠠᠳ ᠪᠠ ᠵᠢᠭᠤᠯᠴᠢᠯᠠᠭᠰᠠᠳ ᠤᠨ ᠵᠢᠭᠤᠯᠴᠢᠯᠠᠨ ᠳᠤᠭᠤᠷᠢᠬᠤ ᠳᠡᠷᠢᠬᠦᠨ ᠰᠤᠩᠭᠤᠯᠳᠠ ᠶᠢᠨ ᠭᠠᠵᠠᠷ ᠪᠣᠯᠵᠠᠢ᠃
   ᠭᠡᠭᠡᠨᠰᠦ᠋ᠮ᠎ᠠ ᠪᠠᠯᠭᠠᠰᠥ ᠲᠦᠬᠦᠭᠡᠷᠦᠮᠵᠢᠲᠦ ᠲᠠᠷᠢᠶᠠᠯᠠᠩ᠂ ᠰᠣᠶᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠳᠠᠲᠠᠢ ᠭᠠᠷᠳᠠᠴᠠ ᠪᠣᠯᠭᠠᠵᠤ᠂ ᠵᠢᠭᠤᠯᠴᠢᠯᠠᠯ ᠤᠨ ᠱᠤᠭᠤᠮ ᠢᠶᠠᠨ ᠰᠢᠨᠡᠳᠭᠡᠨ᠂ ᠵᠢᠯ ᠪᠦᠷᠢ ᠠᠷᠪᠠᠭᠠᠳ ᠤᠳᠠᠭ᠎ᠠ ᠲᠤᠮᠤ ᠬᠡᠯᠪᠡᠷᠢ ᠶᠢᠨ ᠮᠤᠷᠢᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠵᠢᠯ ᠪᠦᠷᠢ ᠵᠢᠭᠤᠯᠴᠢᠯᠠᠭᠰᠠᠳ ᠲᠤ ᠠᠳᠠᠯᠢ ᠪᠤᠰᠥ ᠪᠡᠶᠡᠴᠢᠯᠡᠨ ᠤᠶᠢᠯᠠᠭᠠᠬᠤ ᠲᠦᠷᠥᠭᠳᠡᠯ ᠦᠭᠴᠥ ᠪᠤᠢ᠃    ᠪᠦᠬᠦ ᠪᠠᠯᠭᠠᠰᠤ ᠶᠢᠨ 749 ᠬᠦᠯᠡᠮᠵᠢ ᠳᠤ ᠵᠢᠯ ᠪᠦᠷᠢ ᠪᠣᠬᠢᠷᠲᠤᠯ ᠦᠭᠡᠢ ᠤᠷᠭᠠᠨᠢᠭ ᠵᠢᠮᠢᠰ ᠨᠣᠭᠤᠭ᠎ᠠ ᠶᠢ 6000 ᠭᠠᠷᠤᠢ ᠲᠣᠨ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠦᠷᠳᠡᠭ ᠢ 7490 ᠲᠦᠮᠡᠨ ᠲᠥᠭᠦᠷᠢᠭ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠠᠷᠠᠳ ᠤᠯᠠᠨ ᠤ ᠪᠠᠶᠠᠵᠢᠨ ᠴᠢᠨᠡᠭᠡᠯᠢᠭᠵᠢᠬᠦ ᠠᠬᠢᠴᠠ ᠶᠢ ᠲᠦᠷᠭᠡᠳᠭᠡᠪᠡ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号