ᠬᠤᠶᠠᠷ ᠰᠤᠷᠭᠠᠭᠤᠯᠢ ᠶᠢᠨ ᠬᠠᠮᠳᠤᠷᠠᠭᠰᠠᠨ ᠵᠢᠭᠠᠨ ᠰᠤᠷᠭᠠᠯᠳᠠ ᠶᠢᠨ ᠰᠤᠯᠢᠯᠴᠠᠭᠠᠨ ᠤ ᠠᠵᠢᠯᠯᠠᠭ᠎ᠠ
ᠨᠡᠶᠢᠲᠡᠯᠡᠭᠰᠡᠨ ᠴᠠᠭ᠄
2023/12/25
     ᠤᠶᠢᠷ᠎ᠠ ᠶᠢᠨ ᠡᠳᠦᠷ᠂ ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠠᠴᠠ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠪᠠᠶᠠᠨᠬᠤᠰᠢᠭᠤ ᠨᠢᠭᠡᠳᠦᠭᠡᠷ ᠳᠤᠮᠳᠠᠳᠦ ᠰᠤᠷᠭᠠᠭᠤᠯᠢ ᠪᠠ ᠪᠠᠶᠠᠨᠬᠤᠰᠢᠭᠤ ᠭᠤᠷᠪᠠᠳᠤᠭᠠᠷ ᠳᠤᠮᠳᠠᠳᠦ ᠰᠤᠷᠭᠠᠭᠤᠯᠢ ᠬᠠᠮᠳᠤᠷᠠᠨ ᠵᠢᠭᠠᠨ ᠰᠤᠷᠭᠠᠯᠲᠠ ᠶᠢᠨ ᠰᠣᠯᠢᠯᠴᠠᠭᠠᠨ ᠤ ᠠᠵᠢᠯᠯᠠᠭ᠎ᠠ ᠦᠷᠨᠢᠭᠦᠯᠪᠡ᠃      ᠲᠤᠰ ᠠᠵᠢᠯᠯᠠᠭ᠎ᠠ ᠳᠤ᠂ ︽ᠵᠢᠭᠠᠨ ᠰᠤᠷᠭᠠᠯᠲᠠ ᠪᠠᠨ ᠬᠠᠮᠲᠦᠪᠠᠷ ᠵᠦᠪᠳᠡᠯᠴᠡᠨ᠂ ᠵᠢᠭᠠᠨ ᠰᠤᠷᠭᠠᠯᠲᠠ ᠪᠠᠨ ᠬᠠᠮᠲᠦᠪᠡᠷ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠰᠢᠨ᠎ᠡ ᠬᠢᠴᠢᠶᠡᠯ ᠤᠨ ᠣᠨᠤᠯ ᠤᠨ ᠣᠶᠢᠯᠠᠭᠠᠭᠳᠠᠬᠤᠨ ᠢᠶᠠᠨ ᠭᠦᠨᠵᠡᠭᠡᠶᠢᠷᠡᠭᠦᠯᠦᠨ᠂ ᠰᠢᠨ᠎ᠡ ᠵᠢᠭᠠᠬᠤ ᠮᠠᠲ᠋ᠧᠷᠢᠶᠠᠯ ᠢ ᠰᠠᠶᠢᠲᠦᠷ ᠡᠵᠡᠮᠰᠢᠵᠤ᠂ ᠰᠢᠨ᠎ᠡ ᠬᠢᠴᠢᠶᠡᠯ ᠤᠨ ᠦᠭᠡᠷᠡᠴᠢᠯᠡᠯᠲᠡ ᠶᠢ ᠯᠠᠪᠳᠠᠭᠤᠨ ᠪᠠᠲᠦᠲᠠᠢ ᠲᠤᠭᠤᠰᠢᠯᠠᠭᠤᠯᠵᠤ᠂ ᠪᠠᠭᠰᠢ ᠶᠢᠨ ᠵᠢᠭᠠᠨ ᠰᠤᠷᠭᠠᠯᠲᠠ ᠶᠢᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠷᠢᠯᠴᠠᠨ ᠰᠤᠷᠤᠯᠴᠠᠵᠤ ᠬᠠᠮᠲᠦ ᠪᠠᠷ ᠳᠠᠪᠰᠢᠬᠤ ᠪᠠᠷ ᠭᠤᠣᠯ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ ᠡᠭᠦᠨ ᠳᠤ᠂ ᠲᠤᠰᠬᠠᠢ ᠮᠡᠷᠭᠡᠵᠢᠯᠲᠡᠳ ᠤᠨ ᠲᠠᠶᠢᠯᠤᠮᠵᠢ᠂ ᠰᠤᠷᠭᠠᠭᠤᠯᠢ ᠶᠢᠨ ᠬᠤᠭᠤᠷᠤᠨᠳᠤᠬᠢ ᠵᠢᠭᠠᠨ ᠰᠤᠷᠭᠠᠯᠲᠠ ᠶᠢᠨ ᠲᠣᠷᠰᠢᠯᠭ᠎ᠠ ᠰᠤᠯᠢᠯᠴᠠᠭ᠎ᠠ᠂ ᠪᠢᠴᠢᠯ ᠬᠢᠴᠢᠶᠡᠯᠯᠡᠭᠡ ᠶᠢᠨ ᠦᠵᠡᠭᠦᠯᠭᠡ᠂ ᠰᠠᠮᠪᠠᠷᠠᠴᠢᠯᠠᠯ ᠤᠨ ᠣᠷᠤᠯᠳᠤᠭᠠᠨ᠂ ᠵᠢᠭᠠᠨ ᠰᠤᠷᠭᠠᠯᠲᠠ ᠶᠢᠨ ᠦᠵᠡᠭᠦᠯᠭᠡ᠂ ᠠᠳᠠᠯᠢ ᠬᠢᠴᠢᠶᠡᠯ ᠢᠵᠢᠯ ᠪᠣᠰᠤ ᠰᠡᠳᠭᠢᠮᠵᠢᠲᠦ ᠦᠵᠡᠭᠦᠯᠭᠡ ᠶᠢᠨ ᠬᠢᠴᠢᠶᠡᠯᠯᠡᠭᠡ᠂ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠭᠤᠷᠪᠠᠨ ᠬᠢᠴᠢᠶᠡᠯ ᠤᠨ ᠦᠵᠡᠭᠦᠯᠭᠡ ᠵᠡᠷᠭᠡ ᠪᠠᠶᠠᠯᠢᠭ ᠠᠭᠤᠯᠭ᠎ᠠ ᠶᠢ ᠲᠣᠬᠢᠷᠠᠭᠤᠯᠤᠨ ᠠᠯᠬᠤᠮ ᠳᠠᠷᠠᠭ᠎ᠠ ᠲᠠᠢ ᠦᠷᠨᠢᠭᠦᠯᠵᠠᠢ᠃
    ᠰᠤᠯᠢᠯᠴᠠᠭᠠᠨ ᠤ ᠠᠵᠢᠯᠯᠠᠭᠠᠨ ᠳᠤ᠂ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠬᠢᠨᠠᠨ ᠵᠢᠯᠤᠭᠤᠳᠴᠤ ᠦᠨᠡᠯᠡᠨ ᠵᠢᠱᠢᠬᠦ ᠲᠥᠪ ᠤᠨ ᠡᠷᠬᠢᠯᠡᠭᠴᠢ ᠪᠠᠢ ᠰᠢᠤᠸᠠᠢ ᠹᠧᠩ ︽ᠭᠤᠣᠯᠯᠠᠭᠴᠢ ᠬᠡᠪ ᠪᠣᠯᠪᠠᠰᠤᠷᠠᠯ ᠤᠨ ᠬᠠᠷᠠᠭᠠᠨ ᠳᠠᠬᠢ ᠲᠠᠪᠤᠨ ᠰᠤᠷᠤᠯᠴᠠᠯᠭ᠎ᠠ ᠭᠤᠷᠪᠠᠨ ᠪᠤᠯᠪᠠᠰᠤᠷᠠᠯᠲᠦ ᠦᠨᠳᠦᠷ ᠦᠷ᠎ᠡ ᠠᠰᠢᠭᠲᠤ ᠬᠢᠴᠢᠶᠡᠯᠯᠡᠭᠡ ᠶᠢᠨ ᠪᠦᠲᠦᠭᠡᠨ ᠪᠠᠶᠢᠭᠤᠯᠤᠯᠲᠠ︾ ᠭᠡᠬᠦ ᠰᠡᠳᠦᠪ ᠢᠶᠠᠷ ᠲᠠᠶᠢᠯᠤᠮᠵᠢ ᠬᠢᠭᠰᠡᠨ ᠪᠦᠭᠡᠳ ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠶᠢᠨ ᠲᠡᠳ᠋ ᠵᠠᠬᠢᠷᠤᠯ ᠪᠤᠶᠠᠨᠪᠠᠲᠦ ᠠᠴᠠ ︽ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠶᠢᠨ ᠬᠢᠴᠢᠶᠡᠯ ᠤᠨ ᠪᠦᠲᠦᠭᠡᠨ ᠪᠠᠶᠢᠭᠤᠯᠤᠯᠲᠠ ᠶᠢᠨ ᠲᠦᠰᠦᠪ︾᠂ ︽ᠣᠯᠠᠨ ᠡᠰᠢᠲᠦ ᠨᠢᠭᠡ ᠴᠣᠭᠴᠠᠵᠢᠭᠤᠯᠤᠬᠰᠠᠨ ᠰᠤᠷᠬᠤ ᠪᠠᠷ ᠦᠨᠳᠦᠰᠦ ᠪᠣᠯᠭᠠᠭᠰᠠᠨ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢᠨ ᠳᠤᠬᠠᠢ ᠶᠠᠷᠢᠵᠤ᠂ ᠢᠳᠡᠷ ᠵᠠᠯᠠᠭᠤ ᠪᠠᠭᠰᠢ ᠨᠠᠷ ᠪᠣᠯᠪᠠᠰᠤᠷᠠᠯ ᠤᠨ ᠲᠤᠬᠠᠢ ᠰᠣᠯᠢᠯᠴᠠᠭ᠎ᠠ ᠬᠢᠪᠡ᠃ ᠪᠠᠶᠠᠨᠬᠤᠰᠢᠭᠤ ᠭᠤᠷᠪᠠᠳᠤᠭᠠᠷ ᠳᠤᠮᠳᠠᠳᠦ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠲᠡᠳ᠋ ᠡᠷᠬᠢᠯᠡᠭᠴᠢ ᠢᠦᠢ ᠾᠦᠢ ᠵᠢᠩ ᠦᠪᠡᠷ ᠤᠨ ᠰᠤᠷᠭᠠᠭᠤᠯᠢ ᠶᠢᠨ ᠢᠶᠠᠨ ᠰᠢᠨ᠎ᠡ ᠬᠢᠴᠢᠶᠡᠯ ᠤᠨ ᠦᠭᠡᠷᠡᠴᠢᠯᠡᠯᠲᠡ ᠶᠢ ᠦᠢᠯᠡᠳᠦᠯᠭᠡᠵᠢᠭᠦᠯᠵᠤ ᠪᠠᠶᠢᠭ᠎ᠠ ᠲᠣᠷᠰᠢᠯᠭ᠎ᠠ ᠪᠠᠨ ᠰᠣᠯᠢᠯᠴᠠᠵᠠᠢ᠃ ᠳᠠᠷᠠᠭ᠎ᠠ ᠨᠢ᠂ ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠶᠢᠨ ᠪᠠᠭᠰᠢ ᠨᠠᠷ ᠤᠨ ᠰᠠᠮᠪᠠᠷᠠᠴᠢᠯᠠᠯ ᠤᠨ ᠰᠢᠢᠳᠪᠦᠷᠢᠲᠦ ᠤᠷᠤᠯᠳᠤᠭᠠᠨ ᠳᠤ ᠳᠡᠪᠰᠢᠭᠦᠯᠦᠭᠳᠡᠭᠰᠡᠨ 40 ᠪᠦᠲᠦᠭᠡᠯ ᠢ ᠰᠢᠯᠭᠠᠷᠠᠭᠤᠯᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠬᠤᠶᠠᠷ ᠳᠤᠭᠤᠶᠢᠯᠠᠩ ᠳᠤ ᠨᠠᠴᠢᠨ ᠵᠡᠷᠭᠡ 10 ᠪᠠᠭᠰᠢ ᠪᠢᠴᠢᠯ ᠬᠢᠴᠢᠶᠡᠯᠯᠡᠭᠡ ᠶᠢᠨ ᠦᠵᠡᠭᠦᠯᠭᠡ ᠬᠢᠵᠤ᠂ ᠪᠠᠶᠠᠨᠬᠤᠰᠢᠭᠤ ᠨᠢᠭᠡᠳᠦᠭᠡᠷ ᠳᠤᠮᠳᠠᠳᠦ ᠰᠤᠷᠭᠠᠭᠤᠯᠢ ᠶᠢᠨ ᠪᠤᠤ ᠮᠢᠩ ᠾᠦᠢ ᠵᠡᠷᠭᠡ 4 ᠪᠠᠭᠰᠢ ᠪᠠ ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠶᠢᠨ ᠯᠢᠦ ᡁᠢ ᠶᠤᠸᠠᠨ ᠵᠡᠷᠭᠡ 4 ᠪᠠᠭᠰᠢ ᠠᠳᠠᠯᠢ ᠬᠢᠴᠢᠶᠡᠯ ᠢᠵᠢᠯ ᠪᠣᠰᠤ ᠰᠡᠳᠭᠢᠮᠵᠢᠲᠦ ᠦᠵᠡᠭᠦᠯᠭᠡ ᠶᠢᠨ ᠬᠢᠴᠢᠶᠡᠯᠯᠡᠭᠡ ᠬᠢᠭᠰᠡᠨ ᠪᠦᠭᠡᠳ ᠪᠠᠶᠠᠨᠬᠤᠰᠢᠭᠤ ᠭᠤᠷᠪᠠᠳᠤᠭᠠᠷ ᠳᠤᠮᠳᠠᠳᠦ ᠰᠤᠷᠭᠠᠭᠤᠯᠢ ᠶᠢᠨ ᠪᠤᠤ ᠯᠥᠩ ᠶᠦᠨ ᠵᠡᠷᠭᠡ 4 ᠪᠠᠭᠰᠢ ᠦᠵᠡᠭᠦᠯᠭᠡ ᠶᠢᠨ ᠬᠢᠴᠢᠶᠡᠯ ᠨᠡᠭᠡᠭᠡᠵᠤ᠂ ᠬᠠᠮᠤᠭ ᠰᠡᠭᠦᠯ ᠳᠤ 6 ᠵᠢᠭᠠᠨ ᠰᠤᠳᠤᠯᠬᠤ ᠲᠠᠰᠤᠭ ᠤᠨ ᠪᠠᠭᠰᠢ ᠨᠠᠷ ᠰᠣᠯᠢᠯᠴᠠᠭ᠎ᠠ ᠦᠷᠨᠢᠭᠦᠯᠵᠠᠢ᠃
    ᠬᠤᠶᠠᠷ ᠡᠳᠦᠷ ᠤᠨ ᠲᠤᠷᠰᠢ᠂ ᠠᠵᠢᠯᠯᠠᠭ᠎ᠠ ᠳᠤ ᠣᠷᠤᠯᠴᠠᠭᠴᠢ 500 ᠬᠦᠮᠦᠨ ︵ᠤᠳᠠᠭ᠎ᠠ︶᠂ ᠲᠠᠶᠢᠯᠤᠮᠵᠢ ᠬᠢᠵᠤ᠂ ᠦᠵᠡᠭᠦᠯᠭᠡ᠂ ᠰᠣᠯᠢᠯᠴᠠᠭ᠎ᠠ ᠬᠢᠭᠰᠡᠨ ᠪᠠᠭᠰᠢ 25 ᠬᠦᠮᠦᠨ ︵ᠤᠳᠠᠭ᠎ᠠ︶ ᠬᠢᠴᠢᠶᠡᠯ ᠰᠣᠨᠤᠰᠤᠭᠴᠢ 350 ᠬᠦᠮᠦᠨ ︵ᠤᠳᠠᠭ᠎ᠠ︶ ᠲᠤᠯᠵᠠᠢ᠃ ᠲᠤᠰ ᠠᠵᠢᠯᠯᠠᠭ᠎ᠠ ᠨᠢ ᠤᠳᠤᠷᠢᠳᠤᠯᠭ᠎ᠠ ᠪᠠᠭᠰᠢ ᠨᠠᠷ ᠤᠨ ᠦᠢᠯᠡᠰ ᠢᠶᠠᠨ ᠳᠡᠭᠡᠳᠦᠯᠡᠬᠦ ᠬᠠᠯᠠᠭᠤᠨ ᠰᠡᠳᠭᠢᠯᠭᠡ᠂ ᠠᠵᠢᠯ ᠢᠶᠠᠨ ᠡᠷᠬᠢᠮᠯᠡᠬᠦ ᠬᠠᠶᠢᠷ᠎ᠠ ᠬᠠᠷᠢᠭᠤᠴᠠᠯᠭ᠎ᠠ᠂ ᠦᠪᠡᠷ ᠢ ᠪᠠᠨ ᠵᠣᠷᠢᠭᠤᠯᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠮᠦᠷᠲᠡᠬᠡᠨ ᠬᠠᠷᠢᠯᠴᠠᠨ ᠰᠤᠷᠤᠯᠴᠠᠵᠤ ᠬᠠᠮᠲᠦ ᠪᠠᠷ ᠳᠠᠪᠰᠢᠬᠤ ᠳᠤ ᠴᠢᠬᠤᠯᠠ ᠦᠢᠯᠡᠳᠦᠯ ᠦᠵᠡᠭᠦᠯᠵᠠᠢ᠃ ︵ᠵᠧᠦ ᠸᠧᠨ ᠰᠢᠶᠠᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号