ᠤᠯᠠᠭᠠᠨᠬᠤᠲᠠ ᠶᠢᠨ ᠨᠡᠶᠢᠭᠡᠮ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2023/12/29
   ᠨᠢᠭᠡ᠂ ᠭᠤᠣᠯ ᠡᠭᠦᠷᠭᠡ ᠬᠠᠷᠢᠭᠤᠴᠠᠯᠭ᠎ᠠ    1. ᠤᠯᠠᠭᠠᠨᠬᠤᠲᠠ ᠶᠢᠨ ᠬᠤᠲᠠ ᠪᠠᠯᠭᠠᠰᠤ ᠶᠢᠨ ︽ᠣᠨᠴᠠ ᠬᠦᠴᠢᠷᠳᠡᠯᠲᠡᠢ︾ ᠨᠠᠰᠤᠲᠠᠶᠢᠴᠤᠳ ᠢ ᠡᠷᠭᠦᠨ ᠲᠡᠵᠢᠭᠡᠬᠦ᠂ ᠨᠡᠶᠢᠭᠡᠮ ᠤᠨ ᠨᠠᠰᠤᠲᠠᠶᠢᠴᠤᠳ ᠢ ᠡᠷᠭᠦᠨ ᠲᠡᠵᠢᠭᠡᠬᠦ ᠵᠢᠴᠢ ᠡᠷᠭᠦᠨ ᠲᠡᠵᠢᠭᠡᠭᠳᠡᠬᠦ ᠡᠲᠡᠭᠡᠳ ᠲᠤ ᠡᠷᠡᠭᠦᠯᠵᠢᠭᠦᠯᠬᠦ ᠡᠮᠴᠢᠯᠡᠭᠡ ᠬᠢᠬᠦ ᠵᠡᠷᠭᠡ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    2. ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠡᠲᠡᠭᠡᠳ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠵᠡᠷᠭᠡ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠡᠳᠡᠭᠡᠳ ᠲᠤ ᠦᠢᠯᠡᠴᠢᠯᠡᠬᠦ ᠠᠵᠢᠯ ᠢ ᠡᠭᠦᠷᠭᠡᠯᠡᠨ᠎ᠡ᠃    3. ᠨᠠᠰᠤᠵᠢᠯ ᠤᠨ ᠠᠰᠠᠷᠠᠮᠵᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    4. ᠳᠡᠭᠡᠳᠦ ᠱᠠᠲᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠪᠥᠬᠦ ᠬᠤᠲᠠ ᠶᠢᠨ ᠵᠡᠭᠡᠯᠢ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠬᠥᠳᠡᠭᠡ ᠲᠣᠰᠬᠤᠨ ᠤ ᠣᠷᠣᠨ ᠪᠦᠰᠡ ᠶᠢᠨ ᠴᠢᠨᠠᠷᠳᠠᠢ ᠨᠠᠰᠤᠳᠠᠨ ᠤ ᠬᠦᠷᠢᠶᠡᠯᠡᠩ ᠢ ᠬᠠᠮᠢᠶᠠᠷᠤᠨ᠎ᠠ᠃    5. ᠳᠡᠭᠡᠳᠦ ᠱᠠᠲᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠨᠠᠰᠤᠵᠢᠯ ᠤᠨ ᠪᠠᠶᠢᠭᠤᠯᠤᠮᠵᠢ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠱᠠᠯᠠᠪᠳᠠᠭᠤᠯᠤᠨ ᠵᠢᠯᠤᠭᠤᠳᠴᠤ᠂ ᠬᠢᠨᠠᠯᠲᠠ ᠲᠠᠯᠪᠢᠨ ᠬᠠᠮᠢᠶᠠᠷᠤᠨ᠎ᠠ᠃    6. ᠳᠡᠭᠡᠳᠦ ᠱᠠᠲᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠤᠲᠠ ᠬᠥᠳᠡᠭᠡ ᠶᠢᠨ ᠦᠨᠤᠴᠢᠨ ᠨᠠᠰᠤᠳᠠᠨ ᠪᠠ ᠬᠥᠳᠡᠭᠡ ᠲᠣᠰᠬᠤᠨ ᠤ ᠭᠡᠷ ᠲᠡᠭᠡᠨ ᠦᠯᠡᠳᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠠᠬᠢᠭᠤᠯᠤᠨ᠎ᠠ᠃    7. ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号