ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠤᠯᠠᠭᠠᠨᠬᠤᠲᠠ ᠶᠢᠨ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ᠂ ᠤᠯᠠᠭᠠᠨᠬᠤᠲᠠ ᠶᠢᠨ ᠣᠷᠤᠭ ᠤᠨ ᠳᠠᠩᠰᠠᠯᠠᠯᠲᠠ ᠶᠢᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶
ᠨᠡᠶᠢᠲᠡᠯᠡᠭᠰᠡᠨ ᠴᠠᠭ᠄
2023/12/29
   ᠭᠤᠣᠯ ᠡᠭᠦᠷᠭᠡ ᠬᠠᠷᠢᠭᠤᠴᠠᠯᠭ᠎ᠠ    1. ᠲᠡᠨᠦᠭᠦᠴᠢᠯᠡᠵᠤ᠂ ᠭᠤᠶᠢᠷᠠᠨᠴᠢᠯᠠᠵᠤ ᠪᠠᠶᠢᠭ᠎ᠠ ᠪᠤᠶᠤ ᠭᠡᠷ ᠠᠴᠠ ᠪᠠᠨ ᠰᠠᠯᠵᠤ ᠶᠠᠪᠤᠭ᠎ᠠ ᠨᠠᠰᠤᠨ ᠳᠤ ᠦᠯᠤ ᠬᠥᠷᠦᠭᠰᠡᠳ ᠲᠤ ᠠᠪᠤᠷᠠᠨ ᠲᠤᠰᠠᠯᠠᠬᠤ ᠪᠠ ᠬᠠᠮᠠᠭᠠᠯᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠠᠯᠳᠠᠯᠭ᠎ᠠ ᠳᠤ ᠤᠴᠠᠷᠠᠭᠰᠠᠨ ᠤ ᠳᠠᠷᠠᠭ᠎ᠠ ᠲᠦᠷ ᠴᠠᠭ ᠭᠡᠷ ᠲᠡᠭᠡᠨ ᠬᠠᠷᠢᠵᠤ ᠰᠠᠭᠤᠬᠤ ᠶᠢᠨ ᠠᠷᠭ᠎ᠠ ᠦᠭᠡᠢ ᠪᠣᠯᠤᠭᠰᠠᠨ ᠬᠤᠤᠷ ᠠᠮᠰᠠᠭᠴᠢ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠤᠤᠷ ᠠᠮᠰᠠᠭᠴᠢ ᠳᠤ ᠲᠦᠷ ᠴᠠᠭ ᠤᠨ ᠠᠪᠤᠷᠠᠨ ᠲᠤᠰᠠᠯᠠᠵᠤ ᠬᠠᠮᠠᠭᠠᠯᠠᠬᠤ ᠭᠠᠵᠠᠷ ᠬᠠᠩᠭᠠᠬᠤ ᠶᠢ ᠱᠠᠭᠠᠷᠳᠠᠭᠰᠠᠨ ᠪᠠᠶᠢᠪᠠᠯ᠂ ᠲᠦᠷ ᠴᠠᠭ ᠤᠨ ᠠᠪᠤᠷᠠᠨ ᠲᠤᠰᠠᠯᠠᠬᠤ ᠭᠠᠵᠠᠷ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠠᠵᠢᠯ ᠢ ᠬᠠᠷᠢᠭᠤᠴᠠᠨ᠎ᠠ᠃    2. ᠳᠡᠭᠡᠳᠦ ᠱᠠᠲᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠤᠯᠢ ᠶᠣᠰᠣᠭᠠᠷ ᠬᠠᠮᠵᠢᠨ ᠤᠷᠤᠭ ᠤᠨ ᠪᠦᠷᠢᠳᠬᠡᠯ ᠬᠢᠬᠦ᠂ ᠤᠷᠤᠭ ᠤᠨ ᠪᠦᠷᠢᠳᠬᠡᠯ ᠤᠨ ᠦᠨᠡᠮᠯᠡᠯ ᠢ ᠨᠥᠬᠦᠵᠦ ᠣᠯᠭᠤᠨ᠎ᠠ᠃    3. ᠵᠠᠰᠠᠭ ᠤᠨ ᠣᠷᠳᠣᠨ ᠠᠴᠠ ᠠᠰᠠᠷᠠᠨ ᠲᠡᠵᠢᠭᠡᠵᠦ ᠪᠠᠶᠢᠭ᠎ᠠ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠪᠠ ᠲᠥᠯᠥᠪᠦᠷᠢ ᠲᠠᠢ ᠦᠢᠯᠡᠴᠢᠯᠡᠭᠡᠨ ᠤ ᠣᠷᠣᠵᠤ ᠰᠠᠭᠤᠭᠰᠠᠳ ᠢ ᠰᠤᠪᠢᠯᠠᠨ ᠬᠠᠮᠠᠭᠠᠯᠠᠭᠤᠯᠬᠤ᠂ ᠡᠷᠡᠭᠦᠯᠵᠢᠭᠦᠯᠬᠦ᠂ ᠨᠠᠶᠢᠳᠠᠨ ᠬᠠᠮᠢᠶᠠᠷᠤᠭᠤᠯᠬᠤ ᠵᠡᠷᠭᠡ ᠠᠵᠢᠯ ᠢ ᠬᠠᠷᠢᠭᠤᠴᠠᠨ᠎ᠠ᠃    4. ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号