ᠬᠤᠳᠠ ᠶᠢᠨ ᠲᠡᠳ᠋ ᠲᠠᠷᠤᠭ᠎ᠠ ᠸᠠᠩ ᠬᠠᠢ ᠵᠢᠶᠠᠩ ᠤᠨ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/4
   9 ᠰᠠᠷ᠎ᠠ ᠶᠢᠨ 6 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠵᠤ ᠦᠢᠯᠡᠳᠪᠦᠷᠢ ᠪᠤᠯᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢᠨ ᠵᠥᠪᠳᠡᠯᠴᠡᠭᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ ᠳᠤ ᠪᠠᠷ᠎ᠠ ᠪᠣᠯᠵᠤ ᠬᠤᠯᠪᠤᠭᠠᠯᠠᠨ ᠲᠠᠭᠠᠭᠠᠴᠢᠯᠠᠭᠰᠠᠨ ᠠᠵᠤ ᠠᠬᠤᠶᠢᠯᠠᠯ ᠲᠠᠯ᠎ᠠ ᠨᠤᠲᠤᠭ ᠤᠨ ᠰᠠᠨ ᠡᠾᠧ ᠪᠠᠷ ᠭᠦᠨᠵᠡᠬᠡᠶᠢᠷᠡᠵᠤ᠂ ᠦᠢᠯᠡᠳᠪᠦᠷᠢᠯᠡᠯ ᠤᠨ ᠠᠵᠢᠯᠯᠠᠭ᠎ᠠ᠂ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ᠂ ᠰᠢᠨ᠎ᠡ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 8 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠪᠣᠷᠣᠳᠣᠬᠤᠢ ᠶᠢᠨ ᠤᠯᠠᠭᠠᠨᠬᠤᠲᠠ ᠶᠢᠨ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠣᠰᠣᠯᠠᠯ ᠳᠤ ᠣᠷᠣᠯᠴᠠᠪᠠ᠃ ᠵᠢᠩ ᠳ᠋ᠦᠩ ᠪᠠᠷᠠᠭᠠᠨ ᠤ ᠭᠦᠢᠯᠭᠡᠭᠡᠨ ᠤ ᠪᠸᠢ ᠹᠠᠩ ᠺᠣᠮᠫᠠᠨᠢ ᠶᠢᠨ ᠠᠷᠠᠯᠵᠢᠶᠠᠴᠢᠨ ᠤᠷᠢᠬᠤ ᠵᠥᠪᠳᠡᠯᠴᠡᠭᠡᠷ ᠤᠨ ᠬᠤᠷᠠᠯ ᠢ ᠬᠤᠷᠠᠯᠳᠤᠭᠤᠯᠵᠠᠢ᠃     9 ᠰᠠᠷ᠎ᠠ ᠶᠢᠨ 14 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠵᠢᠶᠠᠩᠰᠤ ᠶᠢᠨ ᠰᠢᠦ᠋ᠢᠵᠸᠤ ᠶᠢᠨ ᠬᠤᠢ ᠲᠢᠶᠠᠨ ᠱᠧᠩ ᠬᠢᠵᠠᠭᠠᠷᠲᠤ ᠺᠣᠮᠫᠠᠨᠢ ᠶᠢᠨ ᠠᠷᠠᠯᠵᠢᠶᠠᠴᠢᠨ ᠤᠷᠢᠬᠤ ᠵᠥᠪᠳᠡᠯᠴᠡᠭᠡᠨ ᠤ ᠬᠤᠷᠠᠯ ᠬᠢᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠺᠣᠮᠫᠠᠨᠢ ᠶᠢ ᠣᠷᠣᠭᠤᠯᠤᠨ ᠠᠪᠴᠢᠷᠠᠬᠤ ᠶᠠᠪᠤᠳᠠᠯ ᠢ ᠵᠣᠯᠭᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 62 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃     9 ᠰᠠᠷ᠎ᠠ ᠶᠢᠨ 18  ᠤ ᠡᠳᠦᠷ᠂ ᠬᠤᠳᠠ ᠶᠢᠨ ᠳᠡᠳ᠋ ᠳᠠᠷᠤᠭ᠎ᠠ ᠸᠠᠩ ᠬᠠᠢ ᠵᠢᠶᠠᠩ᠂  ᠵᠢᠩ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠭᠠᠨ ᠫᠦᠸᠧ ᠳᠤ ᠪᠠᠷ᠎ᠠ ᠪᠣᠯᠵᠤ ᠤᠯᠠᠭᠠᠨᠬᠤᠳᠠ ᠪᠣᠯᠣᠳ ᠲᠡᠮᠦᠷ ᠤᠨ ᠺᠣᠮᠫᠠᠨᠢ ᠶᠢᠨ ᠦᠢᠯᠡᠳᠪᠦᠷᠢᠯᠡᠯ ᠤᠨ ᠠᠵᠢᠯᠯᠠᠭ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃   ᠡᠸᠤ ᠶᠠ᠂ ᠸᠠᠨ ᠳ᠋ᠠ᠂ ᠰᠢᠨ ᠶᠤᠸᠠᠢ ᠬᠤᠢ ᠵᠤᠭ᠎ᠠ ᠴᠡᠩᠭᠡᠯ ᠤᠨ ᠬᠤᠳᠠ᠂ ᠵᠢᠶᠠ ᠾᠧ ᠵᠢᠢ ᠬᠡᠯᠬᠢᠶᠡᠵᠢᠭᠰᠡᠨ ᠴᠢᠯᠦᠭᠡᠳᠤ ᠳᠡᠯᠭᠡᠭᠦᠷ ᠵᠡᠷᠭᠡ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢᠶᠠᠷ ᠬᠦᠷᠴᠦ᠂ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    9 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 64 ᠳ᠋ᠤᠭᠡᠷ ᠤᠳᠠᠭ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭᠠᠨ ᠤ ᠬᠤᠷᠠᠯ  ᠳᠤ ᠤᠷᠤᠯᠴᠠᠪᠠ᠃     9 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 65 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃     9 ᠰᠠᠷ᠎ᠠ ᠶᠢᠨ 30 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠲᠤ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠡᠷᠭᠦᠬᠦ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号