ᠬᠤᠳᠠ ᠶᠢᠨ ᠲᠡᠳ᠋ ᠲᠠᠷᠤᠭ᠎ᠠ ᠸᠠᠩ ᠭᠦᠸᠧ ᠠᠨ ᠤ 2023 ᠤᠨ ᠤ 7 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/6
   7 ᠰᠠᠷ᠎ᠠ ᠶᠢᠨ 2 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠳᠤ ᠣᠷᠣᠯᠴᠠᠪᠠ᠃    7 ᠰᠠᠷ᠎ᠠ ᠶᠢᠨ 3 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠠᠶᠢᠮᠠᠭ ᠤᠨ ᠨᠠᠮ ᠤᠨ ᠬᠤᠷᠢᠶᠠᠨ ᠤ ᠺᠠᠳ᠋ᠷ ᠬᠦᠷᠭᠡᠬᠦ ᠬᠤᠷᠠᠯ ᠳᠤ ᠣᠷᠣᠯᠴᠠᠪᠠ᠃     7 ᠰᠠᠷ᠎ᠠ ᠶᠢᠨ 4 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      7 ᠰᠠᠷ᠎ᠠ ᠶᠢᠨ 5 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠲᠡᠮᠤᠷ ᠵᠠᠮ ᠤᠨ ᠪᠠᠷᠠᠭᠤᠨᠳᠠᠬᠢ ᠬᠡᠷᠡᠭ ᠡᠷᠬᠢᠯᠡᠬᠦ ᠭᠠᠵᠠᠷ ᠤᠨ ᠭᠠᠩ ᠬᠤᠸᠠ ᠨᠡᠶᠢᠭᠡᠮ ᠲᠣᠭᠤᠷᠢᠭ ᠢᠶᠠᠷ ᠬᠦᠷᠴᠦ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃     7 ᠰᠠᠷ᠎ᠠ ᠶᠢᠨ 9 ᠤ ᠡᠳᠦᠷ᠂ ᠬᠤᠳᠠ ᠶᠢᠨ ᠳᠡᠳ᠋ ᠳᠠᠷᠤᠭ᠎ᠠ ᠸᠠᠩ ᠭᠦᠸᠧ ᠠᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ  ᠲᠤᠬᠠᠢ ᠶᠠᠷᠢᠯᠴᠠᠬᠤ ᠬᠤᠷᠠᠯ ᠳᠤ ᠣᠷᠣᠯᠴᠠᠪᠠ᠃     7 ᠰᠠᠷ᠎ᠠ ᠶᠢᠨ 10 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠤᠯᠠᠭᠠᠨᠬᠤᠲᠠ ᠶᠢᠨ ᠳᠠᠷᠤᠶᠢᠬᠠᠨ ᠨᠡᠭᠡᠭᠡᠬᠦ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠭᠤᠸᠠ ᠭᠤᠸᠠ ᠯᠧ ᠭᠡᠷ ᠤᠨ ᠭᠠᠳᠠᠨᠠᠬᠢ ᠪᠣᠷᠤᠯᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠬᠤ ᠬᠤᠷᠠᠯ ᠳᠤ ᠣᠷᠣᠯᠴᠠᠪᠠ᠃    7 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠤᠲᠠ ᠶᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃    7 ᠰᠠᠷ᠎ᠠ ᠶᠢᠨ 18 ᠤ ᠡᠳᠦᠷ᠂  ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃    7 ᠰᠠᠷ᠎ᠠ ᠶᠢᠨ 26 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃   7 ᠰᠠᠷ᠎ᠠ ᠶᠢᠨ 27 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠤᠯᠠᠭᠠᠨᠬᠤᠲᠠ ᠶᠢᠨ 2023 ᠣᠨ ᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠤᠨ ᠪᠠᠶᠢᠷᠢ ᠰᠣᠩᠭᠤᠨ ᠲᠥᠪᠬᠢᠨᠡᠭᠦᠯᠬᠦ ᠠᠵᠢᠯ ᠤᠨ ᠬᠤᠷᠠᠯ ᠬᠢᠪᠡ   7 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠢᠩᠭᠠᠨ ᠠᠶᠢᠮᠠᠭ ᠤᠨ ︽ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠶ᠎ᠡ︾ ᠭᠡᠬᠦ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠣᠶ ᠶᠢ ᠳᠤᠷᠠᠰᠬᠠᠬᠤ ᠬᠤᠶᠠᠷ ᠢ ᠬᠦᠷᠢᠶᠡᠯᠡᠬᠦ ᠤᠷᠠᠨ ᠰᠠᠶᠢᠬᠠᠨ ᠤ ᠦᠳᠡᠰᠢᠯᠡᠭᠡ ᠳᠤ ᠣᠷᠣᠯᠴᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号