ᠬᠤᠳᠠ ᠶᠢᠨ ᠲᠡᠳ᠋ ᠲᠠᠷᠤᠭ᠎ᠠ ᠸᠠᠩ ᠭᠦᠸᠧ ᠠᠨ ᠤ 2023 ᠤᠨ ᠤ 8 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/6
    8 ᠰᠠᠷ᠎ᠠ ᠶᠢᠨ 1 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠢᠶᠠᠷ ᠬᠦᠷᠴᠦ᠂ ᠲᠥᠷᠥᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠱᠠᠯᠠᠪᠳᠠᠭᠤᠯᠤᠨ ᠵᠢᠯᠤᠭᠤᠳᠪᠠ᠃    8 ᠰᠠᠷ᠎ᠠ ᠶᠢᠨ 2 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ    8 ᠰᠠᠷ᠎ᠠ ᠶᠢᠨ 3 ᠤ ᠡᠳᠦᠷ᠂ ᠬᠤᠲᠠ ᠶᠢᠨ  ᠳᠡᠳ᠋ ᠳᠠᠷᠤᠭ᠎ᠠ ᠸᠠᠩ ᠭᠦᠸᠧ ᠠᠨ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠳᠠᠰᠤᠳᠤ ᠬᠤᠷᠠᠯ ᠵᠢᠴᠢ ᠪᠥᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠳᠠᠰᠤᠳᠤ ᠬᠤᠷᠠᠯ ᠳᠤ ᠤᠷᠤᠯᠴᠠᠪᠠ᠃   8 ᠰᠠᠷ᠎ᠠ ᠶᠢᠨ 4 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠤᠨ ᠰᠢᠰᠲ᠋ᠧᠮ ᠤᠨ ᠵᠢᠭᠰᠠᠭᠠᠨ ᠪᠠᠶᠢᠴᠠᠭᠠᠬᠤ ᠭᠤᠣᠯᠳᠠᠯᠭ᠎ᠠ ᠲᠠᠢ ᠨᠢᠭᠡᠴᠢ ᠲᠠᠢ ᠪᠣᠯᠵᠣᠨ ᠶᠠᠷᠢᠯᠴᠠᠬᠤ ᠬᠤᠷᠠᠯ ᠬᠢᠪᠡ   8 ᠰᠠᠷ᠎ᠠ ᠶᠢᠨ 11 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠨᠡᠭᠦᠬᠦ ᠭᠡᠵᠤ ᠪᠠᠶᠢᠭ᠎ᠠ ᠰᠢᠨ᠎ᠡ ᠰᠠᠭᠤᠴᠠ ᠳᠤ ᠬᠦᠷᠴᠤ ᠠᠵᠢᠯᠯᠠᠪᠠ᠃  8 ᠰᠠᠷ᠎ᠠ ᠶᠢᠨ 16 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠤᠰᠬᠠᠢ ᠪᠡᠯᠡ ᠮᠥᠩᠭᠦ ᠶᠢᠨ ᠲᠥᠰᠥᠪ ᠢ ᠭᠦᠢᠴᠡᠳᠬᠡᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠵᠤ᠂ ᠲᠠᠪᠢᠨ ᠥᠷᠲᠡᠭᠡ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠵᠤ᠂ 2023 ᠣᠨ ᠤ ᠪᠥᠬᠦ ᠠᠶᠢᠮᠠᠭ ᠤᠨ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠪᠠᠶᠢᠴᠠᠭᠠᠨ ᠪᠣᠯᠪᠠᠰᠤᠷᠠᠭᠤᠯᠬᠤ ᠠᠵᠢᠯᠯᠠᠭ᠎ᠠ ᠳᠤ ᠣᠷᠣᠯᠴᠠᠪᠠ᠃  8 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠤᠯᠠᠭᠠᠨᠬᠤᠲᠠ ᠶᠢᠨ 2023 ᠣᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠢ ᠬᠤᠷᠠᠯᠳᠤᠭᠤᠯᠵᠤ᠂ 2023 ᠣᠨ ᠤ ᠠᠩᠬᠠᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠵᠤ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃  8 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃  8 ᠰᠠᠷ᠎ᠠ ᠶᠢᠨ 27 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠳᠥᠷᠪᠡᠳᠦᠭᠡᠷ ᠳᠤᠮᠳᠠᠳᠤ ᠰᠤᠷᠭᠠᠭᠤᠯᠢ᠂ ᠨᠠᠢᠮᠠᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢᠶᠠᠷ ᠬᠦᠷᠴᠦ ᠠᠵᠢᠯᠯᠠᠪᠠ᠃  8 ᠰᠠᠷ᠎ᠠ ᠶᠢᠨ 31 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠧᠯᠸᠢᠰ  ᠤᠳᠠᠰᠤᠳᠤ ᠬᠤᠷᠠᠯ᠂ ᠪᠥᠬᠦ ᠠᠶᠢᠮᠠᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠳᠤ ᠤᠷᠤᠯᠴᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号