ᠬᠤᠳᠠ ᠶᠢᠨ ᠲᠡᠳ᠋ ᠲᠠᠷᠤᠭ᠎ᠠ ᠸᠠᠩ ᠭᠦᠸᠧ ᠠᠨ ᠤ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/6
     9 ᠰᠠᠷ᠎ᠠ ᠶᠢᠨ 4 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠳᠤ ᠣᠷᠣᠯᠴᠠᠪᠠ᠃     9 ᠰᠠᠷ᠎ᠠ ᠶᠢᠨ 6 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠳᠤ ᠪᠠᠷ᠎ᠠ ᠪᠣᠯᠵᠤ ᠬᠢᠩᠭᠠᠨ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠨᠠᠢᠮᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ ᠪᠠᠷ ᠭᠦᠨᠵᠡᠭᠡᠶᠢᠷᠡᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠠᠶᠤᠯᠭᠦᠢ ᠦᠢᠯᠡᠳᠪᠦᠷᠢᠯᠡᠯ᠂ ᠰᠤᠷᠭᠠᠭᠤᠯᠢ  ᠶᠢ ᠨᠡᠭᠦᠯᠭᠡᠭᠰᠡᠨ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠤᠯᠤᠰ ᠤᠨ ᠢᠴᠢᠭᠦᠷᠢ ᠶᠢ ᠥᠯᠥ ᠮᠠᠷᠲᠠᠬᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠵᠢᠴᠢ ︽9.18︾ ᠤ ᠠᠭᠠᠷ ᠤᠨ ᠰᠡᠷᠭᠡᠶᠢᠯᠡᠯᠲᠡ ᠪᠣᠯᠣᠨ ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠢᠶᠠᠷ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠳᠤ ᠣᠷᠣᠯᠴᠠᠪᠠ᠃     9 ᠰᠠᠷ᠎ᠠ ᠶᠢᠨ 19 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠰᠢᠯᠭᠠᠨ ᠦᠨᠡᠯᠡᠬᠦ ᠪᠠᠶᠢᠴᠠᠭᠠᠨ ᠰᠤᠳᠤᠯᠤᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠰᠢᠯᠭᠠᠨ ᠦᠨᠡᠯᠡᠬᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤ ᠪᠠᠷ᠎ᠠ ᠪᠣᠯᠵᠤ ᠮᠠᠨ ᠤ ᠬᠤᠲᠠ ᠳᠤ ᠶᠠᠷᠢᠯᠴᠠᠬᠤ ᠬᠤᠷᠠᠯ ᠪᠠ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 20 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠠᠶᠢᠮᠠᠭ ᠤᠨ ᠨᠠᠮ ᠵᠠᠰᠠᠭ ᠤᠨ ᠲᠣᠮᠣ ᠠᠰᠠᠷ ᠤᠨ 18 ᠳ᠋ᠤᠭᠠᠷ ᠲᠠᠪᠬᠤᠷᠭ᠎ᠠ ᠠᠰᠠᠷ ᠤᠨ ᠳᠤᠮᠳᠠᠬᠢ ᠬᠤᠷᠠᠯ ᠤᠨ ᠭᠡᠷ ᠲᠤ ᠬᠦᠷᠴᠦ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢ ᠰᠠᠯᠭᠠᠨ ᠥᠭᠬᠦ ᠵᠡᠷᠭᠡ ᠰᠤᠷᠭᠠᠨ ᠬᠥᠮᠦᠵᠢᠯ ᠤᠨ ᠬᠦᠷᠢᠶᠡᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠵᠦ᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠶᠢᠨ  ᠬᠢᠨ ᠳᠤ ᠪᠠᠷ᠎ᠠ ᠪᠣᠯᠵᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠠᠭᠤᠴᠠ ᠳᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠨ᠂ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠨᠣᠮ ᠤᠨ ᠰᠠᠩ ᠤᠨ ᠭᠠᠯ ᠤᠨᠲᠠᠷᠠᠭᠠᠬᠤ ᠰᠢᠯᠭᠠᠨ ᠠᠪᠬᠤ ᠠᠵᠢᠯ ᠢ ᠠᠬᠢᠭᠤᠯᠪᠠ᠃     9 ᠰᠠᠷ᠎ᠠ ᠶᠢᠨ 22 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠠᠭᠤᠰᠬᠢᠨ ᠤ ᠰᠦᠷᠢᠶ᠎ᠡ ᠡᠪᠡᠳᠴᠢᠨ ᠢ ᠰᠢᠢᠳᠪᠦᠷᠢᠯᠡᠬᠦ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃     9 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶   ᠶᠢᠨ ᠬᠤᠷᠠᠯ ᠳᠤ ᠣᠷᠣᠯᠴᠠᠪᠠ᠃     9 ᠰᠠᠷ᠎ᠠ ᠶᠢᠨ 25 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠪᠥᠬᠦ ᠠᠶᠢᠮᠠᠭ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠳᠤ ᠤᠷᠤᠯᠴᠠᠪᠠ᠃     9 ᠰᠠᠷ᠎ᠠ ᠶᠢᠨ 26 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠰᠣᠶᠣᠯ ᠤᠷᠠᠯᠢᠭ ᠤᠨ ᠨᠠᠶᠢᠷ ᠵᠢᠴᠢ ᠳᠥᠴᠢᠨ ᠨᠢᠭᠡᠳᠦᠭᠡᠷ ᠬᠤᠭᠤᠴᠠᠭᠠᠨ ᠤ ᠬᠦᠨᠳᠦ ᠬᠥᠩᠭᠡᠨ ᠲᠠᠮᠢᠷ ᠤᠨ ᠴᠤᠭᠯᠠᠭᠠᠨ ᠤ ᠡᠬᠢᠯᠡᠬᠦ ᠶᠣᠰᠣᠯᠠᠯ ᠳᠤ ᠣᠷᠣᠯᠴᠠᠵᠤ᠂ ᠪᠠᠢ ᠯᠤ᠋ ᠰᠤᠷᠭᠠᠭᠤᠯᠢ  ᠶᠢᠨ ᠪᠠᠢ ᠯᠤ᠋ ᠠᠩᠭᠢ ᠶᠢᠨ ᠭᠤᠷᠪᠠᠳᠤᠭᠠᠷ ᠠᠩᠭᠢ ᠶᠢᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠪᠦᠬᠦ ᠠᠶᠢᠮᠠᠭ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠳᠤ ᠤᠷᠤᠯᠴᠠᠪᠠ᠃     9 ᠰᠠᠷ᠎ᠠ ᠶᠢᠨ 27 ︱ 28 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠪᠥᠬᠦ ᠠᠶᠢᠮᠠᠭ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号