ᠬᠤᠳᠠ ᠶᠢᠨ ᠲᠡᠳ᠋ ᠲᠠᠷᠤᠭ᠎ᠠ ᠮᠠ ᠱᠤ᠋ ᠭᠠᠩ ᠤᠨ 2023 ᠤᠨ ᠤ 7 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/8
   7 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠢᠯᠡᠯᠳᠡ ᠪᠠᠯᠭᠠᠰᠤᠨ ᠤ ᠮᠢᠨ ᠱᠧᠩ ᠭᠠᠴᠠᠭ᠎ᠠ᠂ ᠳ᠋ᠦᠩ ᠪᠦᠦ ᠭᠠᠴᠠᠭ᠎ᠠ ᠪᠠᠷ ᠬᠦᠷᠴᠦ᠂ ᠲᠡᠬᠦᠯᠢᠨ ᠵᠡᠭᠡᠯᠢ ᠶᠢᠨ ᠬᠠᠷᠢᠶ᠎ᠠ ᠲᠣᠭᠤᠷᠢᠭ ᠤᠨ ᠬᠤᠲᠠ ᠶᠢᠨ ᠬᠤᠲᠣᠭᠤᠷ ᠭᠠᠵᠠᠷ᠂ ᠡᠮᠦᠨ᠎ᠡ ᠵᠦᠷᠢᠯᠢᠭ ᠬᠥᠭᠦᠷᠭᠡ᠂ ᠬᠤᠲᠠ ᠶᠢᠨ ᠰᠡᠷᠭᠡᠶᠢᠯᠡᠯᠲᠡ ᠶᠢᠨ ᠳᠠᠯᠠᠩ᠂ ᠰᠢᠨ᠎ᠡ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠥᠮᠥᠷᠭᠡ ᠳᠤ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ᠂ ᠬᠥᠮᠥᠰ ᠢ ᠰᠢᠯᠵᠢᠭᠦᠯᠦᠨ ᠲᠠᠷᠬᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠪᠠᠶᠢᠭᠤᠯᠤᠯᠲᠠ᠂ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ᠂ ᠣᠶᠢᠷ᠎ᠠ ᠶᠢᠨ ᠬᠤᠭᠤᠴᠠᠭᠠᠨ ᠳᠤ ᠭᠠᠷᠴᠤ ᠮᠡᠳᠡᠬᠦ ᠠᠭᠠᠳᠠᠷ ᠪᠣᠷᠣᠭᠠᠨ ᠲᠠᠢ ᠴᠠᠭ ᠠᠭᠤᠷ ᠤᠨ ᠦᠶᠡᠷ ᠢ ᠰᠡᠷᠭᠡᠶᠢᠯᠡᠬᠦ ᠠᠵᠢᠯ ᠳᠤ ᠱᠠᠭᠠᠷᠳᠠᠯᠭ᠎ᠠ ᠳᠤᠷᠠᠳᠴᠤ ᠪᠠᠶᠢᠷᠢᠯᠠᠭᠤᠯᠤᠯᠲᠠ ᠬᠢᠪᠡ᠃    7 ᠰᠠᠷ᠎ᠠ ᠶᠢᠨ 11  ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠮᠠ ᠱᠤ᠋ ᠭᠠᠩ ᠤᠷᠢᠳ ᠬᠤᠵᠢᠳ ᠤᠯᠠᠭᠠᠨᠬᠤᠳᠠ ᠪᠣᠯᠣᠳ ᠲᠡᠮᠦᠷ ᠤᠨ ᠺᠣᠮᠫᠠᠨᠢ᠂ ᠶᠢᠨ ᠴᠢᠦ ᠢᠦᠢ ᠯᠠᠨ ᠵᠤᠴᠢᠳ ᠤᠨ ᠪᠠᠭᠤᠳᠠᠯ᠂ ᠰᠢᠶᠦ᠋ᠨ ᠢ ᠼᠤᠤ ᠪᠠᠭᠤᠳᠠᠯ᠂ ᠯᠸ ᠡᠾᠦ᠋ᠸᠧ ᠪᠠᠭᠤᠳᠠᠯ᠂ ᠵᠢᠩ ᠳ᠋ᠢᠶᠠᠨ ᠴᠢᠴᠢᠭᠦᠷ ᠪᠥᠮᠪᠦᠭᠡ ᠶᠢᠨ ᠣᠷᠳᠣᠨ ᠢᠶᠠᠷ ᠬᠦᠷᠴᠦ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠨᠢᠭᠡᠳ ᠨᠢᠭᠡ ᠪᠠᠷ ᠬᠠᠷᠭᠤᠭᠤᠯᠵᠤ᠂ ᠨᠢᠭᠡᠳ ᠨᠢᠭᠡ ᠪᠠᠷ ᠪᠠᠶᠢᠴᠠᠭᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠠᠭ ᠤᠨ ᠳᠠᠷᠠᠭᠠᠯᠠᠯ ᠤᠨ ᠠᠬᠢᠴᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠠᠢ    7 ᠰᠠᠷ᠎ᠠ ᠶᠢᠨ 13 ᠤ ᠣᠷᠣᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠪᠦᠯᠬᠦᠮ ᠳᠠᠭᠠᠭᠤᠯᠤᠨ᠂ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠶᠢᠨ ᠪᠦᠬᠦ ᠠᠵᠢᠯᠲᠠᠳ ᠠᠵᠢᠯ ᠤᠨ ᠪᠠᠶᠢᠷᠢᠨ ᠳᠠᠭᠠᠨ ᠵᠠᠷᠯᠢᠭ ᠬᠦᠯᠢᠶᠡᠵᠦ᠂ ᠥᠷᠯᠥᠭᠡ ᠡᠷᠲᠡ ᠭᠠᠷᠴᠤ ᠮᠡᠳᠡᠬᠦ ᠠᠭᠠᠳᠠᠷ ᠪᠣᠷᠣᠭᠠᠨ ᠢ ᠠᠷᠭᠠᠴᠠᠭᠠᠬᠤ ᠪᠠᠷ ᠲᠣᠬᠢᠷᠠᠭᠤᠯᠵᠤ᠂ ᠦᠶᠡᠷ ᠢ ᠠᠮᠤᠷ ᠲᠦᠪᠰᠢᠨ ᠪᠥᠭᠡᠳ ᠲᠣᠭᠲᠠᠭᠤᠨ ᠢᠶᠠᠷ ᠥᠩᠭᠡᠷᠡᠭᠦᠯᠬᠦ ᠶᠢ ᠪᠠᠲᠤᠯᠠᠭᠰᠠᠨ ᠪᠠᠶᠢᠨ᠎ᠠ᠃    7 ᠰᠠᠷ᠎ᠠ ᠶᠢᠨ 14 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠲᠡᠮᠤᠷ ᠵᠠᠮ ᠤᠨ ᠪᠠᠷᠠᠭᠤᠨᠳᠠᠬᠢ ᠬᠡᠷᠡᠭ ᠡᠷᠬᠢᠯᠡᠬᠦ ᠭᠠᠵᠠᠷ᠂ ᠾᠧ ᠫᠢᠩ ᠬᠡᠷᠡᠭ ᠡᠷᠬᠢᠯᠡᠬᠦ ᠭᠠᠵᠠᠷ ᠤᠨ ᠪᠠᠶᠢᠰᠢᠩ ᠭᠡᠷ ᠤᠨ ᠲᠣᠭᠤᠷᠢᠭ ᠢᠶᠠᠷ ᠬᠦᠷᠴᠦ ᠦᠶᠡᠷ ᠢ ᠰᠡᠷᠭᠡᠶᠢᠯᠡᠭᠰᠡᠨ ᠪᠠᠶᠢᠳᠠᠯ ᠢ ᠪᠠᠶᠢᠴᠠᠭᠠᠨ ᠦᠵᠡᠬᠦ ᠳᠡᠭᠡᠨ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠭᠠᠵᠠᠷ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠬᠠᠮᠤᠭ ᠤᠨ ᠲᠦᠷᠤᠬᠦᠨ ᠳᠤ ᠢᠯᠡᠷᠡᠭᠦᠯᠵᠦ᠂ ᠬᠠᠮᠤᠭ ᠤᠨ ᠲᠦᠷᠦᠬᠦᠨ ᠳᠤ ᠮᠡᠳᠡᠭᠦᠯᠵᠦ᠂ ᠬᠠᠮᠤᠭ ᠤᠨ ᠲᠦᠷᠦᠬᠦᠨ ᠳᠤ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     7 ᠰᠠᠷ᠎ᠠ ᠶᠢᠨ 19 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ 12345  ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠦᠬᠦᠮ ᠦᠵᠡᠬᠦᠯᠬᠦ ᠬᠠᠯᠠᠮᠰᠢᠯ ᠤᠳᠠᠰᠤᠨ ᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ ᠃ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠠᠢ᠃    7 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠮᠠ ᠱᠤ᠋ ᠭᠠᠩ ᠵᠠᠬᠢᠳᠠᠯ ᠰᠣᠷᠪᠤᠯᠵᠢᠯᠠᠯ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ᠃    7 ᠰᠠᠷ᠎ᠠ ᠶᠢᠨ 24 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠯ ᠤᠨ ᠬᠡᠷᠡᠭ ᠢ ᠰᠢᠢᠳᠪᠤᠷᠢᠯᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    7 ᠰᠠᠷ᠎ᠠ ᠶᠢᠨ 27 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠯᠠᠭᠠᠨᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠠᠰᠠ ᠤᠯᠠᠭᠠᠨᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃  
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号