ᠬᠤᠳᠠ ᠶᠢᠨ ᠲᠡᠳ᠋ ᠲᠠᠷᠤᠭ᠎ᠠ ᠮᠠ ᠱᠤ᠋ ᠭᠠᠩ ᠤᠨ 2023 ᠤᠨ ᠤ 8 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/8
      8 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠤ ᠦᠶᠡᠷ ᠢ ᠰᠡᠷᠭᠡᠶᠢᠯᠡᠬᠦ ᠠᠵᠢᠯ ᠢ ᠵᠤᠬᠢᠴᠠᠭᠤᠯᠵᠠᠢ᠃       8 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       8 ᠰᠠᠷ᠎ᠠ ᠶᠢᠨ 9  ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠮᠠ ᠱᠤ᠋ ᠭᠠᠩ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃       8 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠤ ᠲᠥᠪ ᠤᠨ ᠲᠥᠰᠥᠪ ᠤᠨ ᠪᠡᠯᠡ ᠣᠷᠣᠭᠤᠯᠤᠯᠲᠠ ᠶᠢᠨ ᠲᠦᠷᠤᠯ ᠵᠤᠶᠢᠯ ᠢ ᠭᠤᠶᠤᠴᠢᠯᠠᠨ ᠮᠡᠳᠡᠭᠦᠯᠵᠦ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       8 ᠰᠠᠷ᠎ᠠ ᠶᠢᠨ 15 ᠤ ᠦᠳᠡ ᠶᠢᠨ ᠡᠮᠦᠨ᠎ᠡ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠤ ᠲᠡᠰ ᠤᠨ  ᠬᠤᠳᠠ ᠶᠢᠨ ᠲᠥᠪ ᠤᠨ ᠲᠥᠰᠥᠪ ᠤᠨ ᠪᠡᠯᠡ ᠣᠷᠣᠭᠤᠯᠤᠯᠲᠠ ᠶᠢᠨ ᠲᠦᠷᠤᠯ ᠵᠤᠶᠢᠯ ᠢ ᠭᠤᠶᠤᠴᠢᠯᠠᠨ ᠮᠡᠳᠡᠭᠦᠯᠬᠦ ᠠᠵᠢᠯ ᠤᠨ ᠲᠣᠭᠤᠷᠢᠨ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠲᠡᠮᠦᠷ ᠵᠠᠮ ᠤᠨ ᠪᠠᠷᠠᠭᠤᠨᠳᠠᠬᠢ ᠨᠢᠭᠡᠳᠦᠭᠡᠷ ᠪᠠᠭ᠎ᠠ ᠰᠤᠷᠭᠠᠭᠤᠯᠢ ᠪᠠᠷ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂  ᠲᠦᠷᠤᠯ ᠵᠤᠶᠢᠯ ᠢ ᠪᠣᠭᠤᠳᠠᠯᠯᠠᠨ ᠲᠦᠰᠤᠪᠯᠡᠬᠦ ᠠᠵᠢᠯ ᠢ ᠠᠬᠢᠭᠤᠯᠪᠠ᠃ ᠳᠠᠷᠠᠭ᠎ᠠ ᠨᠢ᠂ ᠬᠤᠯᠪᠤᠭᠠᠯᠠᠨ ᠲᠠᠭᠠᠭᠠᠴᠢᠯᠠᠭᠰᠠᠨ ᠲᠡᠬᠦᠯᠢᠨ ᠬᠡᠷᠡᠭ ᠡᠷᠬᠢᠯᠡᠬᠦ ᠭᠠᠵᠠᠷ ᠢᠶᠠᠷ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠵᠠᠬᠢᠳᠠᠯ ᠰᠣᠷᠪᠤᠯᠵᠢᠯᠠᠯ ᠤᠨ ᠳᠠᠭᠠᠭᠠᠴᠢᠯᠠᠯᠲᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠠᠬᠢᠭᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠨ ᠬᠡᠷᠡᠭ ᠡᠷᠬᠢᠯᠡᠬᠦ ᠭᠠᠵᠠᠷ ᠤᠨ ᠲᠤᠰᠬᠠᠭᠰᠠᠨ ᠵᠠᠮ ᠵᠠᠰᠠᠬᠤ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠢ ᠠᠬᠢᠭᠤᠯᠪᠠ᠃      8 ᠰᠠᠷ᠎ᠠ ᠶᠢᠨ 16 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠯᠠᠭᠠᠨᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠢᠭᠡᠴᠢ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠡᠬᠢᠯᠡᠭᠦᠯᠬᠦ ᠬᠤᠷᠠᠯ ᠢ ᠡᠷᠭᠢᠯᠡᠨ ᠬᠤᠷᠠᠯᠳᠤᠭᠤᠯᠪᠠ᠃     8 ᠰᠠᠷ᠎ᠠ ᠶᠢᠨ 21 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ᠂  ᠵᠢᠩ ᠨᠧᠩ᠂ ᠶᠢᠨ ᠹᠧᠩ ᠰᠢᠨ᠎ᠡ ᠡᠨᠧᠷᠭᠢ ᠶᠢᠨ ᠰᠤᠷᠪᠤᠯᠵᠢ ᠶᠢᠨ ᠲᠦᠷᠤᠯ ᠵᠤᠶᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     8 ᠰᠠᠷ᠎ᠠ ᠶᠢᠨ 31 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠨᠡᠶᠢᠭᠡᠮ ᠲᠣᠭᠤᠷᠢᠭ ᠤᠨ ᠵᠠᠷᠤᠳᠠᠯ ᠤᠨ ᠲᠤᠰᠬᠠᠢ ᠬᠢᠨᠠᠨ ᠪᠣᠳᠣᠯᠲᠠ ᠶᠢᠨ ᠴᠡᠭ ᠲᠤ ᠣᠷᠣᠬᠤ ᠬᠤᠷᠠᠯ ᠢ ᠡᠷᠭᠢᠯᠡᠨ ᠬᠤᠷᠠᠯᠳᠤᠭᠤᠯᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号