ᠬᠤᠳᠠ ᠶᠢᠨ ᠲᠡᠳ᠋ ᠲᠠᠷᠤᠭ᠎ᠠ ᠮᠠ ᠱᠤ᠋ ᠭᠠᠩ ᠤᠨ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/8
   9 ᠰᠠᠷ᠎ᠠ ᠶᠢᠨ 6 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠬᠤᠲᠠ ᠶᠢᠨ 12345 ᠬᠠᠯᠠᠮᠰᠢᠯ ᠤᠳᠠᠰᠤᠨ ᠤ ᠲᠥᠪ ᠢᠶᠠᠷ ᠬᠦᠷᠴᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠡ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ  ᠪᠠᠨ ᠪᠣᠳᠠᠲᠠᠶᠢᠵᠢᠭᠤᠯᠵᠤ᠂ ᠳᠡᠭᠡᠭᠰᠢ ᠵᠣᠯᠭᠠᠭᠤᠯᠬᠤ ᠶᠢ ᠴᠢᠩᠭᠠᠳᠬᠠᠵᠤ᠂ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ 12345 ᠬᠠᠯᠠᠮᠰᠢᠯ ᠤᠲᠠᠰᠤᠨ ᠤ ᠠᠶᠠᠳᠠᠮᠵᠢ᠂ ᠰᠢᠢᠳᠪᠦᠷᠢᠯᠡᠬᠦ ᠨᠤᠷᠮ᠎ᠡ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠣᠷᠣᠯᠴᠠᠵᠠᠢ᠃    9 ᠰᠠᠷ᠎ᠠ ᠶᠢᠨ 12 ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠯᠠᠭᠠᠨᠬᠤᠲᠠ ᠶᠢᠨ 2023 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠪᠠᠲᠤᠯᠠᠭ᠎ᠠ ᠶᠢᠨ ᠨᠡᠭᠦᠷᠡᠰᠦ ᠲᠠᠷᠬᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    9 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠯᠠᠭᠠᠨᠬᠤᠲᠠ ᠶᠢᠨ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠮᠤ ᠪᠤᠳᠠᠭ᠎ᠠ ᠶᠢ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ︽ᠪᠤᠭᠤᠮᠳᠠ ᠰᠢᠪᠳᠤᠯᠬᠤ ᠰᠠᠷ᠎ᠠ︾ ᠶᠢᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     9 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠷᠢᠳ ᠬᠤᠵᠢᠳ ᠲᠡᠬᠦᠯᠢᠨ᠂ ᠬᠢᠩᠭᠠᠨ᠂ ᠠᠶᠢᠬᠦ᠋ᠸᠧ᠂ ᠡᠤ ᠢ 4 ᠬᠡᠷᠡᠭ ᠡᠷᠬᠢᠯᠡᠬᠦ ᠭᠠᠵᠠᠷ ᠢᠶᠠᠷ ᠬᠦᠷᠴᠦ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ︾   ᠶᠢᠨ ᠨᠢᠭᠡᠴᠢ ᠶᠢᠨ ᠢᠯᠭᠠᠷᠠᠭᠤᠯᠤᠨ ᠪᠠᠶᠢᠴᠠᠭᠠᠬᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ ᠮᠠ ᠱᠤ᠋ ᠭᠠᠩ ᠬᠤᠲᠠ ᠶᠢᠨ ᠲᠡᠳ᠋ ᠳᠠᠷᠤᠭ᠎ᠠ ᠠᠴᠠ᠂ ᠡᠬᠡ ᠳᠡᠪᠲᠡᠷ ᠪᠣᠯᠣᠨ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠤᠨ ᠬᠠᠷᠢᠭᠤ ᠲᠤᠰᠬᠠᠭᠰᠠᠨ ᠮᠡᠳᠡᠭᠡ ᠵᠠᠩᠭᠢ ᠲᠠᠢ ᠬᠠᠷᠢᠴᠠᠭᠤᠯᠤᠨ᠂ ᠬᠡᠪᠢᠰ ᠤᠨ ᠬᠡᠯᠪᠡᠷᠢ ᠪᠠᠷ ᠢᠯᠭᠠᠷᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠭᠡᠭᠡᠭᠳᠡᠵᠦ ᠣᠷᠬᠢᠭᠳᠠᠭᠰᠠᠨ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠦᠷᠢᠯᠡᠵᠦ᠂ 9 ᠰᠠᠷ᠎ᠠ ᠶᠢᠨ 30 ᠤ ᠡᠳᠦᠷ ᠪᠤᠯᠬᠤ ᠠᠴᠠ ᠡᠮᠦᠨ᠎ᠡ ᠢᠯᠭᠠᠷᠠᠭᠤᠯᠤᠨ ᠪᠠᠶᠢᠴᠠᠭᠠᠬᠤ ᠱᠠᠲᠤᠨ ᠤ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃    9 ᠰᠠᠷ᠎ᠠ ᠶᠢᠨ 21 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ ᠪᠠᠭ ᠲᠠᠢ ᠶᠠᠷᠢᠯᠴᠠᠵᠤ᠂ ᠨᠢᠭᠡᠴᠢ ᠶᠢᠨ ᠳᠣᠲᠣᠭᠠᠳᠤ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠤᠳᠤᠷᠢᠳᠤᠯᠭ᠎ᠠ ᠪᠣᠯᠣᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠠᠵᠢᠯ ᠬᠤᠪᠢᠶᠠᠷᠢᠯᠠᠨ ᠬᠠᠮᠵᠢᠯᠴᠠᠬᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠲᠠᠭᠠᠬᠤ ᠪᠣᠯᠣᠨ ᠳᠡᠭᠡᠳᠦ ᠱᠠᠲᠤᠨ ᠤ ᠠᠵᠢᠯ ᠲᠦᠷᠦᠯ ᠤᠨ ᠬᠤᠤᠰᠯᠠᠨ ᠬᠠᠪᠰᠤᠷᠬᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠠᠳᠬᠤᠬᠤ ᠪᠣᠯᠣᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠬᠤ ᠭᠤᠷᠪᠠᠨ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢᠭᠤᠳ ᠬᠠᠮᠢᠶᠠᠷᠤᠯᠳᠠ ᠶᠢᠨ ᠠᠵᠢᠯ ᠲᠦᠷᠦᠯ᠂ ᠭᠠᠳᠠᠨ᠎ᠠ ᠣᠷᠣᠨ ᠤ ᠠᠵᠤ ᠠᠬᠤᠶᠢᠯᠠᠯ ᠤᠨ ᠬᠠᠷᠢᠶ᠎ᠠ ᠣᠷᠣᠨ ᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠯᠪᠠᠨ ᠭᠡᠷ ᠵᠡᠷᠭᠡ 6 ᠲᠠᠯ᠎ᠠ ᠶᠢᠨ ᠬᠠᠷᠢᠭᠤᠴᠠᠯᠭ᠎ᠠ ᠶᠢ   ᠲᠤᠳᠤᠷᠬᠠᠢ ᠪᠤᠯᠭᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠣᠳᠣᠬᠠᠨ ᠤ 10 ᠭᠠᠷᠤᠢ ᠵᠦᠢᠯ ᠤᠨ ᠭᠤᠣᠯᠳᠠᠯᠭ᠎ᠠ ᠲᠠᠢ ᠠᠵᠢᠯ ᠢ ᠠᠳᠬᠤᠵᠤ᠂ ᠤᠳᠤᠷᠢᠳᠬᠤ ᠪᠠᠭ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠠᠢ᠃ ᠡᠭᠦᠨ ᠠᠴᠠ ᠭᠠᠳᠠᠨ᠎ᠠ᠂ ᠮᠠ ᠱᠤ᠋ ᠭᠠᠩ ᠬᠤᠲᠠ ᠶᠢᠨ ᠲᠡᠳ᠋ ᠳᠠᠷᠤᠭ᠎ᠠ ᠪᠠᠰᠠ ᠲᠥᠪ ᠭᠤᠥᠯᠴᠢ ᠪᠠᠷ ᠬᠠᠤᠯᠢ ᠬᠡᠷᠡᠭᠵᠢᠭᠦᠯᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠵᠡᠢ᠃     9 ᠰᠠᠷ᠎ᠠ ᠶᠢᠨ 22 ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ᠂ ᠡᠾᠧ ᠫᠢᠩ ᠬᠡᠷᠡᠭ ᠡᠷᠬᠢᠯᠡᠬᠦ ᠭᠠᠵᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠬᠦᠷᠴᠦ 12345 ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠠᠵᠢᠯ ᠢ ᠠᠬᠢᠭᠤᠯᠪᠠ᠃    9 ᠰᠠᠷ᠎ᠠ ᠶᠢᠨ 26 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    9 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    9 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠷᠢᠳ ᠬᠤᠵᠢᠳ ᠬᠤᠶ ᠮᠠᠢ ᠴᠢᠯᠦᠭᠡᠳᠤ ᠳᠡᠯᠭᠡᠭᠦᠷ᠂ ᠶᠢᠨ ᠪᠠᠢ ᠬᠤᠶ ᠴᠢᠯᠦᠭᠡᠳᠤ ᠳᠡᠯᠭᠡᠭᠦᠷ᠂ ᠰᠢ ᠳ᠋ᠧᠩ ᠯᠠᠢ ᠴᠢᠯᠦᠭᠡᠳᠤ ᠳᠡᠯᠭᠡᠭᠦᠷ᠂ ᠳᠤᠮᠳᠠᠳᠤ ᠤᠯᠤᠰ ᠤᠨ ᠱᠢ ᠬᠤᠸᠠ ᠠᠵᠤ ᠦᠢᠯᠡᠳᠪᠦᠷᠢ ᠶᠢᠨ ᠲᠣᠰᠣ ᠨᠡᠮᠡᠬᠦ ᠥᠷᠲᠡᠭᠡ᠂ ᠰᠢᠨ᠎ᠡ ᠠᠶᠢᠯ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠᠷ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ᠂ ᠢᠳᠡᠭᠡᠨ ᠤ ᠵᠦᠢᠯᠡᠰ ᠢ ᠬᠤᠯᠪᠤᠭᠠᠯᠠᠨ ᠲᠠᠭᠠᠭᠠᠴᠢᠯᠠᠭᠰᠠᠨ ᠡᠷᠦᠬᠡ ᠶᠢᠨ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠠᠵᠢᠯ ᠢ ᠪᠠᠶᠢᠴᠠᠭᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号