ᠬᠤᠳᠠ ᠶᠢᠨ ᠲᠡᠳ᠋ ᠲᠠᠷᠤᠭ᠎ᠠ ᠯᠢᠤ ᠬᠤᠩ ᠪᠦᠸᠧ ᠶᠢᠨ 2023 ᠤᠨ ᠤ 7 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/8
    1.7 ᠰᠠᠷ᠎ᠠ ᠶᠢᠨ 1 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠡᠷᠭᠢᠯᠡᠪᠡ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠡᠷ ᠲᠡᠭᠡᠨ ᠪᠠᠶᠢᠭ᠎ᠠ ᠨᠠᠮ ᠤᠨ ᠬᠤᠷᠢᠶ᠎ᠠ ᠶᠢᠨ ᠭᠡᠰᠢᠭᠦᠨ᠂ ᠡᠯ᠎ᠡ ᠰᠠᠯᠠᠭ᠎ᠠ ᠮᠥᠴᠢᠷ ᠤᠨ ᠵᠠᠩᠬᠢᠯᠠᠭ᠎ᠠ ᠶᠢᠨ ᠭᠤᠭᠴᠤᠭᠠᠨ ᠳᠠᠬᠢ ᠺᠠᠳ᠋ᠷ ᠵᠢᠴᠢ ᠵᠠᠷᠢᠮ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠣᠷᠣᠯᠴᠠᠵᠠᠢ᠃     2.7 ᠰᠠᠷ᠎ᠠ ᠶᠢᠨ 2 ᠤᠨ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠯᠢᠦ ᠬᠤᠩ ᠪᠥᠸᠧ 2023 ᠣᠨ ᠤ ᠠᠷᠪᠠᠨ ᠳᠣᠯᠣᠳᠤᠭᠠᠷ ᠤᠳᠠᠭᠠᠨ ᠤ ᠨᠠᠮ ᠤᠨ ᠬᠤᠷᠢᠶᠡᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠵᠢᠭᠠᠨ ᠵᠢᠯᠣᠭᠤᠳᠤᠭᠴᠢ ᠶᠢ ᠳᠡᠳ᠋ ᠰᠠᠯᠠᠭ᠎ᠠ ᠳᠤ ᠳᠡᠪᠰᠢᠭᠦᠯᠦᠨ ᠲᠣᠮᠢᠯᠠᠬᠤ᠂ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ ︵ᠴᠠᠭᠳᠠᠭ᠎ᠠ︶ ᠶᠢ ᠳᠡᠳ᠋ ᠰᠠᠯᠠᠭ᠎ᠠ ᠶᠢᠨ ᠲᠡᠰ ᠲᠤ ᠳᠡᠪᠰᠢᠭᠦᠯᠬᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃    3.7 ᠰᠠᠷ᠎ᠠ ᠶᠢᠨ 3 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠯᠢᠦ ᠬᠤᠩ ᠪᠥᠸᠧ ᠠᠶᠢᠮᠠᠭ ᠤᠨ ᠵᠠᠬᠢᠷᠭ᠎ᠠ ᠶᠢᠨ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠶ᠎ᠠ︾ ᠭᠡᠬᠦ ᠬᠠᠮᠢᠶ᠎ᠠ ᠪᠦᠬᠦᠢ ᠠᠵᠢᠯ ᠢ ᠠᠬᠢᠭᠤᠯᠬᠤ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠬᠤᠷᠠᠯ ᠳᠤ ᠣᠷᠣᠯᠴᠠᠪᠠ᠃     4. 7 ᠰᠠᠷ᠎ᠠ ᠶᠢᠨ 4 ᠤ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠵᠤ ᠠᠬᠤᠢ ᠶᠢᠨ  ᠶᠠᠯᠠᠳᠤ ᠬᠡᠷᠡᠭ ᠢ ᠲᠤᠷᠰᠢᠨ ᠪᠠᠶᠢᠴᠠᠭᠠᠬᠤ ᠬᠠᠮᠢᠶ᠎ᠠ ᠪᠦᠬᠦᠢ ᠬᠡᠷᠡᠭ ᠤᠨ ᠪᠠᠶᠢᠳᠠᠯ ᠢ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠦᠳᠡ ᠶᠢᠨ ᠬᠤᠶᠢᠨ᠎ᠠ ᠨᠢ᠂ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃     5. 7 ᠰᠠᠷ᠎ᠠ ᠶᠢᠨ 4 ᠤ ᠣᠷᠣᠢ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ︽7.04︾ ᠤ ᠬᠡᠷᠡᠭ ᠢ ᠲᠠᠬᠢᠨᠳᠠ ᠰᠤᠳᠤᠯᠤᠨ ᠮᠠᠭᠠᠳᠯᠠᠬᠤ ᠬᠤᠷᠠᠯ ᠪᠠ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ  ᠶᠢᠨ ᠳᠠᠶᠢᠴᠢᠯᠠᠯᠳᠡ ᠪᠠᠶᠢᠷᠢᠯᠠᠭᠤᠯᠤᠯᠳᠠ ᠶᠢᠨ ᠬᠤᠷᠠᠯ ᠵᠢᠴᠢ ᠰᠦᠷᠳᠡᠭᠦᠯᠦᠯ ᠢ ᠡᠰᠡᠷᠭᠦᠴᠡᠬᠦ ᠠᠵᠢᠯ ᠤᠨ ᠲᠣᠪᠣᠶᠢᠮ᠎ᠠ ᠪᠠᠶᠢᠳᠠᠯ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ︽7 ᠰᠠᠷ᠎ᠠ ᠠᠴᠠ 8 ᠰᠠᠷ᠎ᠠ ᠪᠣᠯᠲᠠᠯ᠎ᠠ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠵᠢᠴᠢ  ︿ᠴᠢᠮᠡᠭᠡ ᠮᠡᠳᠡᠭᠡ᠂  ᠵᠢᠯᠤᠭᠤᠳᠤᠯᠭ᠎ᠠ᠂ ᠠᠵᠢᠯᠯᠠᠭ᠎ᠠ﹀ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠶᠢᠨ ᠠᠵᠢᠯ ᠤᠨ ᠲᠥᠰᠥᠯ︾ ᠢ ᠤᠯᠠᠮᠵᠢᠯᠠᠨ ᠲᠤᠭᠤᠰᠢᠯᠠᠭᠤᠯᠵᠠᠢ᠃    6. 7 ᠰᠠᠷ᠎ᠠ ᠶᠢᠨ 5 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠯᠠᠭᠠᠨᠬᠤᠲᠠ  ᠶᠢᠨ  ᠬᠤᠷᠢᠭᠤᠯ ᠤᠨ ᠭᠠᠵᠠᠷ ᠢᠶᠠᠷ ᠭᠦᠨᠵᠡᠭᠡᠶᠢᠷᠡᠵᠦ᠂ ᠬᠤᠷᠢᠭᠤᠯ ᠤᠨ ᠭᠠᠵᠠᠷ ᠤᠨ ᠦᠶᠡᠷ ᠤᠨ ᠬᠤᠭᠤᠴᠠᠭᠠᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃    7. 7 ᠰᠠᠷ᠎ᠠ ᠶᠢᠨ 7 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠬᠤᠷᠠᠯ ᠵᠢᠴᠢ 7 ᠳ᠋ᠤᠭᠠᠷ ᠰᠠᠷ᠎ᠠ ᠶᠢᠨ ᠭᠤᠣᠯᠳᠠᠯᠭ᠎ᠠ  ᠲᠠᠢ ᠠᠵᠢᠯ   ᠤᠨ ᠲᠤᠬᠢᠷᠠᠭᠤᠯᠤᠯᠳᠠ ᠶᠢᠨ ᠬᠤᠷᠠᠯ ᠳᠤ ᠤᠷᠤᠯᠴᠠᠪᠠ᠃    8. 7 ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠢᠩᠭᠠᠨ᠂ ᠱᠧᠩᠯᠢ᠂ ᠬᠤᠶᠢᠲᠤ ᠲᠡᠭᠦᠷᠭᠡ᠂ ᠾᠧ ᠫᠢᠩ ᠵᠡᠷᠭᠡ ᠬᠠᠷᠢᠶ᠎ᠠ ᠣᠷᠣᠨ ᠤ ᠰᠥᠨᠢ ᠶᠢᠨ ᠵᠠᠬ᠎ᠠ ᠳᠡᠯᠭᠡᠭᠦᠷ ᠤᠨ ᠬᠤᠳᠠᠯᠳᠤᠭᠠᠨ ᠤ ᠲᠣᠭᠤᠷᠢᠭ᠂ ᠳᠠᠭᠤᠤ ᠶᠢᠨ ᠲᠢᠩᠬᠢᠮ᠂ ᠠᠷᠢᠬᠢᠨ ᠮᠤᠬᠤᠯᠠᠭ᠂ ᠵᠣᠴᠢᠳ ᠤᠨ ᠪᠠᠭᠤᠳᠠᠯ᠂ ᠬᠥᠯ ᠵᠠᠰᠠᠯᠭ᠎ᠠ  ᠶᠢᠨ ᠢᠯᠢᠯᠭᠡ ᠵᠡᠷᠭᠡ ᠠᠮᠤᠷ ᠢ ᠬᠠᠮᠠᠭᠠᠯᠠᠬᠤ ᠭᠤᠣᠯᠳᠠᠯᠭ᠎ᠠ ᠲᠠᠢ ᠭᠠᠵᠠᠷ ᠢᠶᠠᠷ ᠭᠦᠨᠵᠡᠭᠡᠶᠢᠷᠡᠵᠦ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ  — ᠪᠦᠬᠦ ᠤᠯᠤᠰ ᠤᠨ ᠳᠣᠲᠣᠭᠠᠳᠤ  ᠶᠢ ᠬᠠᠮᠠᠭᠠᠯᠠᠬᠤ ᠪᠠᠶᠢᠭᠤᠯᠭ᠎ᠠ ᠶᠢᠨ ᠠᠩᠬᠠᠳᠤᠭᠠᠷ ᠤᠳᠠᠭᠠᠨ ᠤ ᠵᠤᠨ ᠤ ᠤᠯᠠᠷᠢᠯ ᠤᠨ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ  ᠪᠠᠶᠢᠴᠠᠭᠠᠬᠤ ᠤᠬᠠᠭᠤᠯᠬᠤ ᠰᠡᠷᠭᠡᠶᠢᠯᠡᠬᠦ ᠲᠦᠪᠯᠡᠷᠡᠩᠬᠦᠢ ᠨᠢᠭᠡᠳᠤᠯᠳᠠᠢ ᠠᠵᠢᠯᠯᠠᠭ᠎ᠠ ᠶᠢ ᠱᠠᠯᠠᠪᠳᠠᠭᠤᠯᠤᠨ ᠵᠢᠯᠤᠭᠤᠳᠪᠠ᠃    9. 7 ᠰᠠᠷ᠎ᠠ ᠶᠢᠨ 10 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    10.7 ᠰᠠᠷ᠎ᠠ ᠶᠢᠨ 11 ᠤ ᠡᠳᠦᠷ ᠠᠴᠠ 20 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠳᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ  ᠪᠦᠸᠧ᠂ ᠬᠡᠷᠡᠭ ᠲᠤ ᠬᠤᠯᠪᠣᠭᠳᠠᠭᠰᠠᠨ ᠰᠤᠷᠭᠠᠭᠤᠯᠢ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ᠂ ᠰᠤᠷᠭᠠᠭᠤᠯᠢ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠤᠭᠴᠢᠳ ᠤᠨ ᠭᠡᠷ ᠪᠦᠯᠢ ᠶᠢᠨ ᠬᠢᠨ ᠢ ᠤᠯᠠᠨᠳᠠ ᠬᠦᠯᠢᠶᠡᠨ ᠠᠪᠴᠤ ᠠᠭᠤᠯᠵᠠᠵᠤ᠂ ᠲᠤᠰ ᠬᠡᠷᠡᠭ ᠢ ᠲᠣᠬᠢᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃     11.7 ᠰᠠᠷ᠎ᠠ ᠶᠢᠨ 15 ᠤ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠰᠢᠨ᠎ᠡ ᠬᠤᠲᠠ ᠵᠡᠭᠡᠯᠢ ᠶᠢᠨ ᠪᠠᠢ ᠵᠢᠶᠠ ᠲᠦᠨ᠂ ᠤᠷᠢᠳᠤ ᠬᠥᠩ ᠵᠦ ᠯᠢᠩ ᠭᠠᠴᠠᠭ᠎ᠠ᠂ ᠤᠯᠠᠭᠠᠨᠬᠠᠳᠠ ᠪᠠᠯᠭᠠᠰᠤᠨ ᠤ ᠰᠢᠭᠡᠷᠢᠨ  ᠵᠢᠯᠠᠭ᠎ᠠ᠂ ᠬᠡᠳᠡ ᠶᠢᠨ ᠵᠢᠯᠠᠭ᠎ᠠ ᠭᠠᠴᠠᠭ᠎ᠠ ᠪᠠᠷ ᠬᠦᠷᠴᠦ᠂ ᠲᠠᠷᠢᠶᠠᠨ ᠭᠠᠵᠠᠷ᠂ ᠭᠤᠣᠯ ᠮᠥᠷᠡᠨ ᠤ ᠦᠶᠡᠷ ᠤᠨ ᠪᠠᠶᠢᠳᠠᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠳᠤ  ᠬᠡᠳᠡ ᠶᠢᠨ ᠵᠢᠯᠠᠭ᠎ᠠ ᠭᠠᠴᠠᠭ᠎ᠠ ᠶᠢᠨ ᠭᠤᠣᠯ ᠤᠨ ᠭᠤᠯᠳᠤᠷᠢᠯ ᠤᠨ ᠪᠥᠭᠯᠡᠷᠡᠭᠰᠡᠨ ᠠᠰᠠᠭᠤᠳᠠᠯ ᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠪᠠ᠃     12.7 ᠰᠠᠷ᠎ᠠ ᠶᠢᠨ 17 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂  ᠲᠤᠪᠴᠢᠶᠠᠨ ᠳᠠᠷᠤᠭ᠎ᠠ ᠯᠢᠦ ᠬᠤᠩ ᠪᠥᠸᠧ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠤᠲᠠ ᠶᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃     13.7 ᠰᠠᠷ᠎ᠠ ᠶᠢᠨ 18 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠵᠠᠬᠢᠳᠠᠯ ᠰᠣᠷᠪᠤᠯᠵᠢᠯᠠᠯ ᠤᠨ ᠲᠣᠪᠴᠢᠶᠠᠨ ᠳᠤ ᠵᠠᠬᠢᠳᠠᠯ ᠰᠣᠷᠪᠤᠯᠵᠢᠯᠠᠯ ᠤᠨ ᠣᠯᠠᠨ ᠲᠦᠮᠡᠨ ᠢ ᠬᠦᠯᠢᠶᠡᠨ ᠠᠪᠴᠠᠢ᠃     14.7 ᠰᠠᠷ᠎ᠠ ᠶᠢᠨ 20 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠬᠢᠨ ᠳᠤ ᠪᠠᠷ᠎ᠠ ᠪᠣᠯᠵᠤ ᠤᠯᠠᠭᠠᠨᠬᠤᠳᠠ ᠳᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃     15.7 ᠰᠠᠷ᠎ᠠ ᠶᠢᠨ 21 ᠤ ᠡᠳᠦᠷ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠨᠠᠭᠠᠳᠤᠮ ᠤᠨ ᠬᠤᠷᠠᠯ ᠤᠨ ᠭᠠᠯ ᠪᠠᠮᠪᠠᠷ ᠳᠠᠮᠵᠢᠭᠤᠯᠬᠤ  ᠠᠮᠤᠷ ᠲᠤᠭᠳᠠᠭᠤᠨ ᠢ ᠬᠠᠮᠠᠭᠠᠯᠠᠬᠤ ᠵᠠᠮ ᠱᠤᠭᠤᠮ ᠢ ᠲᠤᠬᠠᠢ ᠶᠢᠨ ᠭᠠᠵᠠᠷ ᠲᠤᠨᠢ ᠬᠦᠷᠴᠤ ᠪᠠᠶᠢᠴᠠᠭᠠᠵᠠᠢ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠶᠢᠮᠠᠭ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠳᠤ ᠣᠷᠣᠯᠴᠠᠵᠠᠢ᠃ ᠪᠦᠬᠦ ᠠᠶᠢᠮᠠᠭ ᠤᠨ ᠰᠦᠷᠳᠡᠭᠦᠯᠦᠯ ᠢ ᠡᠰᠡᠷᠭᠦᠴᠡᠬᠦ ᠠᠵᠢᠯ ᠤᠨ ᠬᠤᠷᠠᠯ ᠳᠤ ᠤᠷᠤᠯᠴᠠᠪᠠ᠃     16.7 ᠰᠠᠷ᠎ᠠ ᠶᠢᠨ 24 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠳᠣᠲᠣᠭᠠᠳᠤ ᠶᠢ ᠬᠠᠮᠠᠭᠠᠯᠠᠬᠤ ᠶᠠᠮᠤᠨ ᠤ ᠠᠵᠤ ᠠᠬᠤᠢ ᠶᠢᠨ ᠶᠠᠯᠠᠳᠤ ᠬᠡᠷᠡᠭ ᠢ ᠲᠤᠷᠰᠢᠨ ᠪᠠᠶᠢᠴᠠᠭᠠᠬᠤ ᠲᠣᠪᠴᠢᠶ᠎ᠠ ᠶᠢᠨ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠤᠭᠤᠳᠴᠤ᠂ ︽7 · 22 ᠶᠠᠮᠤᠨ ᠤ ᠬᠢᠨᠠᠨ ᠪᠠᠶᠢᠴᠠᠭᠠᠭᠴᠢ ᠶᠢᠨ ᠬᠤᠳᠠᠯ ᠢᠶᠠᠷ ᠪᠠᠷᠢᠮᠲᠠ ᠪᠢᠴᠢᠭᠰᠡᠨ ᠣᠨᠴᠠ ᠶᠡᠭᠡ ᠬᠡᠷᠡᠭ︾ ᠤᠨ ᠲᠤᠬᠠᠢ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2023 ᠣᠨ ᠤ ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠮᠡᠳᠡᠷᠡᠬᠦ ᠦᠵᠡᠯᠲᠡ ᠶᠢᠨ ᠮᠥᠷᠥᠶᠢᠴᠡᠭᠡᠨ ᠳᠤ ᠣᠷᠣᠯᠴᠠᠬᠤ ᠲᠤᠬᠠᠢ ᠰᠠᠨᠠᠯ ᠢᠶᠠᠨ ᠰᠣᠯᠢᠯᠴᠠᠵᠤ ᠵᠢᠭᠠᠨ ᠵᠢᠯᠣᠭᠤᠳᠪᠠ᠃      17.7 ᠰᠠᠷ᠎ᠠ ᠶᠢᠨ 30 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠲᠦᠷ ᠬᠤᠷᠢᠬᠤ ᠭᠠᠵᠠᠷ ᠢᠶᠠᠷ ᠬᠦᠷᠴᠦ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠣᠷᠢᠯᠲᠠ᠂ ᠵᠥᠷᠢᠴᠡᠯ ᠵᠢᠭᠤᠷᠠᠯᠳᠤᠭᠠᠨ ᠢ ᠲᠣᠮᠢᠯᠠᠭᠰᠠᠨ ᠰᠠᠯᠪᠤᠷᠢ ᠨᠠᠮᠳᠠᠭᠤᠯᠬᠤ  ︵ᠭᠦᠢᠴᠡᠳᠬᠡᠬᠦ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ  ᠢ ᠨᠠᠮᠳᠠᠭᠤᠯᠬᠤ︶ ᠵᠢᠴᠢ ᠡᠩᠨᠡᠭᠡ ᠶᠢᠨ ᠬᠠᠮᠢᠶᠠᠷᠤᠯᠲᠠ ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号