ᠬᠤᠳᠠ ᠶᠢᠨ ᠲᠡᠳ᠋ ᠲᠠᠷᠤᠭ᠎ᠠ ᠯᠢᠤ ᠬᠤᠩ ᠪᠦᠸᠧ ᠶᠢᠨ 2023 ᠤᠨ ᠤ 9 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/8
   33.9 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠦᠷᠳᠡᠭᠦᠯᠦᠯ ᠢ ᠡᠰᠡᠷᠭᠦᠴᠡᠬᠦ ᠶᠡᠷᠦᠩᠬᠡᠢ ᠠᠩᠭᠢ ᠶᠢᠨ ᠤᠷᠢᠯᠭ᠎ᠠ ᠪᠠᠷ᠂ ᠪᠥᠬᠦ ᠣᠷᠣᠨ ᠤ ᠰᠦᠷᠳᠡᠭᠦᠯᠦᠯ ᠢ ᠡᠰᠡᠷᠭᠦᠴᠡᠬᠦ ᠨᠢᠭᠤᠴᠠ ᠮᠡᠳᠡᠭᠡ ᠮᠡᠳᠡᠭᠡ ᠵᠠᠩᠭᠢ ᠶᠢᠨ ᠲᠠᠪᠴᠠᠩ ᠤᠨ ᠲᠥᠷᠥᠯ ᠵᠦᠢᠯ ᠢ ᠰᠢᠯᠭᠠᠨ ᠠᠪᠴᠤ ᠬᠢᠨᠠᠨ ᠲᠣᠭᠲᠠᠭᠠᠬᠤ ᠬᠤᠷᠠᠯ ᠳᠤ ᠣᠷᠣᠯᠴᠠᠪᠠ᠃    34.9 ᠰᠠᠷ᠎ᠠ ᠶᠢᠨ 8 ᠤ ᠣᠷᠣᠢ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠲᠡᠬᠦᠯᠢᠨ᠂ ᠬᠢᠩᠭᠠᠨ ᠤ ᠬᠠᠷᠢᠶ᠎ᠠ ᠣᠷᠣᠨ ᠢᠶᠠᠷ ᠬᠦᠷᠴᠦ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠷᠪᠠᠳᠤᠭᠠᠷ ᠤᠳᠠᠭᠠᠨ ᠤ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠥᠪᠯᠡᠷᠡᠭᠦᠯᠦᠨ ᠲᠣᠭᠤᠷᠢᠨ ᠪᠠᠶᠢᠴᠠᠭᠠᠬᠤ ᠤᠬᠠᠭᠤᠯᠬᠤ ᠰᠡᠷᠭᠡᠶᠢᠯᠡᠬᠦ ᠨᠢᠭᠡᠳᠦᠯᠲᠡᠢ ᠠᠵᠢᠯᠯᠠᠭ᠎ᠠ ᠶᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃    35.9 ᠰᠠᠷ᠎ᠠ ᠶᠢᠨ 9 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠷᠢᠯᠭ᠎ᠠ ᠪᠠᠷ᠂ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠮᠡᠳᠡᠭᠦᠯᠦᠯᠲᠡ ᠶᠢᠨ ᠲᠢᠩᠬᠢᠮ ᠳᠤ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠢᠨ᠎ᠡ ᠡᠵᠡᠩᠨᠡᠯᠲᠡ ᠶᠢᠨ ᠬᠡᠯᠪᠡᠷᠢ︾ ᠭᠡᠬᠦ ᠰᠡᠳᠦᠪ ᠢᠶᠠᠷ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠵᠠᠩᠭᠢᠯᠠᠭ᠎ᠠ  ︵ᠭᠤᠭᠴᠤᠭ᠎ᠠ︶ ᠶᠢᠨ ᠺᠠᠳ᠋ᠷᠴᠤᠳ ᠲᠤ ᠬᠢᠴᠢᠶᠡᠯ ᠣᠷᠣᠵᠠᠢ᠃    36.9 ᠰᠠᠷ᠎ᠠ ᠶᠢᠨ 12 ᠤᠨ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 9 ᠳ᠋ᠤᠭᠡᠷ ᠰᠠᠷ᠎ᠠ ᠶᠢᠨ ᠭᠤᠣᠯᠳᠠᠯᠭ᠎ᠠ ᠲᠠᠢ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠳᠤ ᠤᠷᠤᠯᠴᠠᠪᠠ᠃ ᠦᠳᠡ ᠶᠢᠨ ᠬᠤᠶᠢᠨ᠎ᠠ ᠨᠢ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ 1—8 ᠰᠠᠷ᠎ᠠ ᠶᠢᠨ ᠠᠵᠢᠯ ᠤᠨ ᠳ᠋ᠦᠩᠨᠡᠯᠲᠡ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     37.9 ᠰᠠᠷ᠎ᠠ ᠶᠢᠨ 13 ᠤ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠪᠠ ︽ᠰᠠᠭᠠᠳ ᠦᠭᠡᠢ ᠨᠡᠪᠲᠡᠷᠡᠬᠦ︾ ᠠᠵᠢᠯ ᠢ  ᠵᠤᠬᠢᠴᠠᠭᠤᠯᠪᠠ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠳᠣᠪᠤᠶᠢᠯᠭᠠᠬᠤ ᠵᠡᠷᠭᠡ ᠠᠵᠢᠯ ᠢ ᠰᠤᠳᠤᠯᠤᠨ ᠠᠬᠢᠭᠤᠯᠵᠤ᠂  ︽ ᠤᠮᠠᠷᠠᠳᠤ ᠤᠷᠤᠨ ᠢ ᠪᠠᠶᠢᠭᠤᠯᠬᠤ  ︾ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢ ᠪᠠᠳᠤᠯᠠᠵᠠᠢ᠃     38.9 ᠰᠠᠷ᠎ᠠ ᠶᠢᠨ 13 ᠤ ᠦᠳᠡ ᠶᠢᠨ ᠬᠤᠶᠢᠨ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ  ᠠᠶᠢᠬᠦ᠋ᠸᠧ᠂ ᠬᠢᠩᠭᠠᠨ ᠲᠣᠮᠢᠯᠠᠭᠰᠠᠨ ᠰᠠᠯᠪᠤᠷᠢ᠂ ᠪᠧᠢ ᠱᠠᠨ ᠭᠠᠩ᠂ ᠰᠤᠷᠭᠠᠨ ᠬᠥᠮᠦᠵᠢᠯ ᠤᠨ ᠲᠣᠮᠣ ᠠᠰᠠᠷ ᠤᠨ ᠵᠠᠮ ᠤᠨ ᠠᠭᠤᠯᠵᠠᠷ ᠢᠶᠠᠷ ᠬᠦᠷᠴᠦ᠂ ︽ᠵᠣᠨ ᠤ ᠤᠯᠠᠷᠢᠯ ᠤᠨ ᠠᠵᠢᠯᠯᠠᠭ᠎ᠠ︾ ︽ᠣᠶᠤᠨᠲᠤ ᠶᠡᠭᠡ ᠲᠠᠷᠢᠬᠢ︾ ᠲᠠᠪᠴᠠᠩ ᠤᠨ ᠬᠡᠷᠡᠭᠯᠡᠯᠲᠡ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠵᠢᠯᠣᠭᠤᠳᠪᠠ᠃ ᠵᠠᠮ  ᠬᠠᠷᠢᠯᠴᠠᠭ᠎ᠠ ᠶᠢ ︽ᠰᠠᠭᠠᠳ ᠦᠭᠡᠢ ᠨᠡᠪᠳᠡᠷᠡᠬᠦᠯᠬᠦ︾᠂ ︽ᠳᠤᠭᠤᠯᠠᠭ᠎ᠠ ᠵᠡᠬᠦᠬᠦ ᠦᠭᠡᠢ ︾  ︽ ᠠᠮᠤᠷ ᠲᠦᠪᠰᠢᠨ ᠤ ᠪᠦᠰᠡ ᠪᠠᠨ ᠪᠦᠰᠡᠯᠡᠬᠦ ᠦᠭᠡᠢ︾ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ᠃    39.9 ᠰᠠᠷ᠎ᠠ ᠶᠢᠨ 15 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ᠂ ᠬᠢᠩᠭᠠᠨ ᠠᠶᠢᠮᠠᠭ   ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠤ ᠣᠷᠣᠯᠴᠠᠪᠠ᠃     40.9 ᠰᠠᠷ᠎ᠠ ᠶᠢᠨ 17 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠵᠤ᠂ ᠵᠠᠬᠢᠳᠠᠯ ᠰᠣᠷᠪᠤᠯᠵᠢᠯᠠᠯ ᠢᠶᠠᠷ ᠨᠠᠮᠳᠠᠭᠤᠯᠬᠤ᠂ ᠵᠠᠬᠢᠳᠠᠯ ᠰᠣᠷᠪᠤᠯᠵᠢᠯᠠᠯ ᠬᠢᠭᠰᠡᠳ ᠢ ᠲᠣᠭᠲᠠᠭᠤᠨ ᠢᠶᠠᠷ ᠡᠵᠡᠮᠳᠡᠬᠦ᠂  ᠵᠠᠬᠢᠳᠠᠯ ᠰᠤᠷᠪᠤᠯᠵᠢᠯᠠᠯ ᠤᠨ ᠪᠤᠰᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠵᠢᠯ ᠢ ᠲᠤᠰᠬᠠᠢ ᠰᠤᠳᠤᠯᠭᠠᠨ ᠢᠶᠠᠷ  ᠠᠬᠢᠭᠤᠯᠪᠠ᠃      41.9 ᠰᠠᠷ᠎ᠠ ᠶᠢᠨ 21 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠭᠡᠭᠡᠨᠰᠦ᠋ᠮ᠎ᠠ ᠪᠠᠯᠭᠠᠰᠤ᠂ ᠠᠭᠤᠢ ᠶᠢᠨ ᠭᠤᠤ ᠭᠠᠴᠠᠭ᠎ᠠ ᠵᠢᠴᠢ ᠶᠢᠨ ᠼᠠᠩ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠲᠢᠶᠠᠨ ᠾᠧ ᠰᠢᠶᠠᠩ ᠢᠳᠡᠭᠡᠨ ᠤ ᠬᠢᠵᠠᠭᠠᠷᠲᠤ ᠺᠣᠮᠫᠠᠨᠢ ᠪᠠᠷ ᠬᠦᠷᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠯ ᠢᠶᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠮᠡᠬᠡᠯᠡᠯ ᠢ ᠡᠰᠡᠷᠭᠦᠴᠡᠬᠦ APP ᠳᠠᠩᠰᠠᠯᠠᠭᠤᠯᠬᠤ᠂ ᠢᠳᠡᠭᠡᠨ ᠤ ᠠᠮᠤᠷ ᠲᠦᠪᠰᠢᠨ᠂ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠵᠤ ᠤᠨᠳᠠᠷᠠᠭᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    42.9 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂  ᠲᠤᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠳᠤ ᠣᠷᠣᠯᠴᠠᠪᠠ᠃    43.9 ᠰᠠᠷ᠎ᠠ ᠶᠢᠨ 25 ᠤ ᠦᠳᠡ ᠶᠢᠨ ᠡᠮᠦᠨ᠎ᠡ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠪᠠᠷ ᠵᠠᠰᠠᠬᠤ᠂ ᠠᠮᠤᠷ ᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠯ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠳᠣᠲᠣᠭᠠᠳᠤ ᠶᠢ ᠬᠠᠮᠠᠭᠠᠯᠠᠬᠤ ︽ᠵᠠᠬᠢᠳᠠᠯ ᠰᠣᠷᠪᠤᠯᠵᠢᠯᠠᠯ  ᠢ ᠣᠷᠣᠯᠠᠨ ᠭᠦᠢᠴᠡᠳᠭᠡᠬᠦ︾ ᠶᠢ ᠰᠤᠳᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃    44.9 ᠰᠠᠷ᠎ᠠ ᠶᠢᠨ 26 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠴᠢᠮᠡᠭᠡ ᠮᠡᠳᠡᠭᠡ ᠂  ᠵᠢᠯᠤᠭᠤᠳᠤᠯᠭ᠎ᠠ  ᠂  ᠵᠠᠮ ᠬᠠᠷᠢᠯᠴᠠᠭᠠᠨ ᠤ ᠬᠠᠮᠢᠶᠠᠷᠤᠯᠲᠠ᠂ ᠤᠯᠤᠰ ᠲᠥᠷᠥ ᠶᠢᠨ ᠬᠠᠮᠠᠭᠠᠯᠠᠯᠲᠠ᠂ ᠠᠮᠤᠷ ᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂  ᠠᠷᠪᠠᠨ ᠰᠠᠷ᠎ᠠ ᠶᠢᠨ ᠨᠢᠭᠡᠨ ᠤ ᠤᠯᠤᠰ ᠤᠨ ᠪᠠᠶᠠᠷ ᠤᠨ ᠠᠮᠤᠷ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠠᠶᠠᠷ ᠳᠤᠷᠠᠰᠬᠠᠯ ᠤᠨ  ᠡᠳᠤᠷ ᠤᠨ ᠠᠮᠠᠷᠠᠯᠲᠠ ᠶᠢᠨ ᠬᠤᠭᠤᠴᠠᠭᠠᠨ ᠳᠠᠬᠢ ᠦᠵᠡᠮᠵᠢ ᠶᠢᠨ ᠣᠷᠣᠨ ᠤ ᠦᠢᠯᠡᠴᠢᠯᠡᠭᠡ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠪᠠᠶᠢᠷᠢᠯᠠᠭᠤᠯᠵᠠᠢ᠃ ᠳᠠᠷᠠᠭ᠎ᠠ ᠳᠤᠨᠢ᠂ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠤᠯᠠᠭᠠᠨᠬᠠᠳᠠ ᠪᠠᠯᠭᠠᠰᠤᠨ ᠤ ᠲᠣᠮᠢᠯᠠᠭᠰᠠᠨ ᠰᠠᠯᠪᠤᠷᠢ ᠪᠠᠷ ᠭᠦᠨᠵᠡᠭᠡᠶᠢᠷᠡᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠮᠡᠬᠡᠯᠡᠯ ᠢ ᠡᠰᠡᠷᠭᠦᠴᠡᠬᠦ APP ᠶᠢᠨ ᠳᠠᠩᠰᠠᠯᠠᠯᠲᠠ ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃    45.9 ᠰᠠᠷ᠎ᠠ ᠶᠢᠨ 27 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ   ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ  ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃    46.9 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂  ᠲᠤᠪᠴᠢᠶᠠᠨ ᠳᠠᠷᠤᠭ᠎ᠠ ᠯᠢᠦ ᠬᠤᠩ ᠪᠥᠸᠧ ᠨᠢᠭᠡᠳᠦᠭᠡᠷ ᠳᠡᠰ ᠤᠨ ᠠᠯᠪᠠᠨ ᠠᠵᠢᠯ ᠪᠠ ᠵᠠᠰᠠᠭ ᠤᠨ ᠶᠠᠪᠤᠳᠠᠯ ᠤᠨ ᠵᠢᠵᠢᠭᠦᠷ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠯᠤᠭᠤᠳᠬᠤ ᠲᠥᠪ ᠲᠤ ᠭᠡᠭᠡᠨᠰᠦ᠋ᠮ᠎ᠠ᠂ ᠲᠤᠭᠤᠷ ᠤᠨ ᠭᠤᠤᠯ ᠨᠤᠭᠤ ᠭᠠᠵᠠᠷ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠬᠡᠰᠡᠭ ᠤᠨ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠤᠬᠢᠴᠠᠭᠤᠯᠤᠨ ᠱᠠᠯᠠᠪᠳᠠᠭᠤᠯᠤᠨ ᠵᠢᠯᠣᠭᠤᠳᠪᠠ᠃    47.2023 ᠣᠨ ᠤ ᠭᠤᠷᠪᠠᠳᠤᠭᠠᠷ ᠤᠯᠠᠷᠢᠯ ᠳᠤ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠪᠴᠢᠶᠠᠨ ᠳᠠᠷᠤᠭ᠎ᠠ ᠯᠢᠦ ᠬᠤᠩ ᠪᠥᠸᠧ ᠨᠡᠶᠢᠲᠡ 19 ᠤᠳᠠᠭ᠎ᠠ ᠨᠢᠭᠡᠳᠦᠭᠡᠷ ᠹᠷᠣᠨᠲ ᠢᠶᠠᠷ ᠭᠦᠨᠵᠡᠭᠡᠶᠢᠷᠡᠨ ᠪᠥᠬᠦ ᠬᠤᠲᠠ ᠶᠢᠨ ᠴᠢᠬᠤᠯᠠ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ᠂ ᠤᠳᠤᠷᠢᠳᠤᠯᠭ᠎ᠠ ᠶᠢᠨ ᠪᠠᠶᠢᠴᠠᠭᠠᠨ ᠰᠤᠳᠤᠯᠤᠯᠲᠠ ᠵᠡᠷᠭᠡ ᠠᠮᠤᠷ ᠢ ᠬᠠᠮᠠᠭᠠᠯᠠᠬᠤ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号