1-12 ᠳ᠋ᠤᠭᠠᠷ ᠰᠠᠷ᠎ᠠ ᠳᠤ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2023/2/1
       ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠦᠷ᠎ᠡ ᠠᠰᠢᠭ ᠲᠣᠭᠲᠠᠭᠤᠨ  ᠢᠶᠠᠷ ᠳᠡᠭᠡᠭᠰᠢᠯᠡᠪᠡ        1-12 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 2290719.9 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.7% ᠪᠠᠷ ᠨᠡᠮᠡᠭᠳᠡᠪᠡ᠃ ᠡᠵᠡᠩᠨᠡᠯᠲᠡ ᠶᠢᠨ ᠥᠪᠡᠷ ᠤᠨ ᠥᠷᠲᠡᠭ 1689157.4 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.6% ᠪᠠᠷ ᠪᠠᠭᠤᠷᠠᠪᠠ᠃ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 130477.4 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 13.6% ᠪᠠᠷ ᠨᠡᠮᠡᠭᠳᠡᠪᠡ᠃ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 424739.9 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 26.5% ᠪᠠᠷ ᠨᠡᠮᠡᠭᠳᠡᠪᠡ᠃ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠤᠷᠮ᠎ᠠ 5.7% ᠪᠠᠶᠢᠵᠤ᠂ ᠳᠡᠭᠡᠷ᠎ᠡ ᠵᠢᠯ ᠤᠨ  ᠬᠢ ᠠᠴᠠ 0.45 ᠵᠠᠭᠤᠨ ᠤ ᠨᠢᠭᠡᠴᠢ ᠳᠡᠭᠡᠭᠰᠢᠯᠡᠵᠡᠢ᠃ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠳᠣᠲᠣᠷᠠᠬᠢ ᠥᠪᠡᠷ ᠤᠨ ᠦᠷᠳᠡᠭ᠂ ᠵᠠᠷᠤᠳᠠᠯ ᠨᠢ ᠲᠤᠰ ᠲᠤᠰ 73.74 ᠲᠥᠭᠦᠷᠢᠭ᠂ 7.98 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠲᠤᠰ ᠲᠤᠰ 0.04 ᠲᠥᠭᠦᠷᠢᠭ᠂ 0.36 ᠲᠥᠭᠦᠷᠢᠭ ᠬᠠᠰᠤᠭᠳᠠᠵᠤ᠂ ᠨᠢᠭᠡᠴᠢ ᠶᠢᠨ ᠥᠪᠡᠷ ᠤᠨ ᠦᠷᠳᠡᠭ ᠨᠢ ᠡᠳᠦᠢ ᠲᠡᠳᠦᠢ ᠪᠠᠭᠤᠷᠠᠵᠤ᠂ ᠠᠵᠤ ᠠᠬᠤᠶᠢᠯᠠᠯ ᠤᠨ ᠠᠰᠢᠭ ᠬᠤᠨᠵᠢᠪᠤᠷᠢ ᠳᠤ ᠨᠡᠮᠡᠭᠳᠡᠯ ᠤᠨ ᠦᠢᠯᠡᠳᠦᠯ ᠦᠵᠡᠭᠦᠯᠪᠡ᠃        ᠠᠷᠪᠠᠨ ᠤ ᠵᠢᠷᠭᠤᠭᠠᠨ ᠬᠤᠪᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠪᠡ        1-12 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠣᠷᠤᠯᠭ᠎ᠠ ᠶᠢᠨ ᠡᠶᠡᠷᠬᠦ ᠨᠡᠮᠡᠭᠳᠡᠯ ᠢ ᠪᠡᠶᠡᠯᠡᠭᠦᠯᠦᠭᠰᠡᠨ ᠠᠵᠤ ᠠᠬᠤᠶᠢᠯᠠᠯ 22 ᠡᠷᠦᠬᠡ ᠪᠠᠶᠢᠵᠤ᠂ ᠨᠡᠮᠡᠭᠳᠡᠯ ᠤᠨ ᠬᠡᠪᠴᠢᠶ᠎ᠡ ᠨᠢ 59.46% ᠪᠣᠯᠤᠨ᠎ᠠ᠃ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢᠨ ᠡᠶᠡᠷᠬᠦ ᠨᠡᠮᠡᠭᠳᠡᠯ ᠢ ᠪᠡᠶᠡᠯᠡᠭᠦᠯᠦᠭᠰᠡᠨ ᠠᠵᠤ ᠠᠬᠤᠶᠢᠯᠠᠯ 19 ᠪᠠᠶᠢᠵᠤ᠂ ᠨᠡᠮᠡᠭᠳᠡᠯ ᠤᠨ ᠬᠡᠪᠴᠢᠶ᠎ᠡ ᠨᠢ 51.35% ᠪᠣᠯᠣᠨ᠎ᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号