2022 ᠣᠨ ᠳᠤ ᠤᠯᠠᠭᠠᠨᠬᠤᠲᠠ ᠶᠢᠨ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/2/1
         ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠢᠭᠡᠲᠦᠯᠲᠡᠢ ᠬᠠᠷᠭᠤᠭᠤᠯᠤᠨ ᠪᠣᠳᠤᠯᠲᠠ ᠶᠢ ᠦᠨᠳᠦᠰᠦᠯᠡᠪᠡᠯ᠂ 2022 ᠣᠨ ᠳᠤ ᠮᠠᠨ ᠤ ᠬᠤᠲᠠ ᠶᠢᠨ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 218.15 ᠳ᠋ᠥᠩᠰᠢᠭᠤᠷ ᠲᠦᠭᠦᠷᠢᠭ ᠲᠤ ᠬᠦᠷᠴᠦ᠂ ᠬᠤᠪᠢᠷᠠᠰᠢ ᠦᠭᠡᠢ ᠦᠨ᠎ᠡ ᠬᠠᠩᠰᠢ ᠪᠠᠷ ᠪᠣᠳᠤᠪᠠᠯ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠡᠢ᠃ ᠠᠵᠤ ᠦᠢᠯᠡᠰ  ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 14.98 ᠳ᠋ᠥᠩᠰᠢᠭᠤᠷ ᠲᠦᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 100.49 ᠳ᠋ᠥᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 102.68 ᠳ᠋ᠥᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠡᠢ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号