ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ︵ᠳᠡᠭᠡᠳᠦ︶
ᠨᠡᠶᠢᠲᠡᠯᠡᠭᠰᠡᠨ ᠴᠠᠭ᠄
2023/2/23
       ᠡᠨᠡ ᠤᠳᠠᠭᠠᠨ ᠤ ᠬᠤᠷᠠᠯ ᠤᠨ ᠭᠤᠣᠯ ᠡᠭᠦᠷᠭᠡ ᠪᠣᠯ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠡᠨᠡ ᠵᠢᠯ ᠤᠨ ᠡᠯ᠎ᠡ ᠵᠦᠢᠯ ᠤᠨ ᠡᠭᠦᠷᠭᠡ ᠪᠠᠨ ᠪᠠᠶᠢᠷᠢᠯᠠᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠨᠡᠨ ᠬᠦ ᠴᠢᠩᠭᠠᠳᠬᠠᠨ ᠪᠣᠳᠠᠲᠠᠢ ᠠᠵᠢᠯᠯᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠷᠴᠢ ᠵᠣᠷᠢᠭ ᠲᠠᠢ ᠡᠷᠡᠯᠬᠡᠭᠯᠡᠨ ᠤᠷᠤᠭᠰᠢᠯᠠᠵᠤ᠂ ᠰᠢᠨ᠎ᠡ ᠠᠶᠠᠨ ᠵᠠᠮ ᠳᠠᠭᠠᠨ ᠤᠯᠠᠭᠠᠨᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠮ ᠳᠠᠭᠠᠨ ᠬᠠᠨᠳᠤᠵᠤ ᠦᠨᠡᠨ ᠪᠣᠳᠠᠲᠠᠢ ᠪᠠᠷ ᠠᠵᠢᠯᠯᠠᠨ ᠦᠨᠡᠨᠴᠢ ᠪᠠᠷ ᠵᠢᠳᠭᠦᠵᠦ ᠦᠵᠡᠯ ᠰᠠᠨᠠᠭᠠᠨ ᠤ ᠠᠤᠭ᠎ᠠ ᠬᠦᠴᠦᠨ ᠢᠶᠠᠷ ᠠᠵᠢᠯ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠬᠡᠷᠡᠭᠲᠡᠢ        ᠥᠩᠭᠡᠷᠡᠭᠰᠡᠨ ᠨᠢᠭᠡ ᠵᠢᠯ ᠳᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠨᠠᠮ ᠤᠨ ᠬᠤᠷᠢᠶ᠎ᠠ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠭᠤᠷᠪᠠ ᠶᠢ ᠲᠣᠭᠲᠠᠭᠤᠨ ᠪᠠᠶᠢᠯᠭᠠᠬᠤ︾ ᠬᠤᠷᠢᠭ᠎ᠠ ᠱᠤᠭᠤᠮ ᠢ ᠪᠥᠬᠦ ᠬᠦᠴᠦᠨ ᠢᠶᠠᠷ ᠰᠠᠬᠢᠵᠤ᠂ ︽ᠲᠠᠪᠤ ᠶᠢ ᠠᠬᠢᠭᠤᠯᠬᠤ︾ ᠡᠭᠦᠷᠭᠡ ᠶᠢ ᠪᠣᠳᠠᠲᠠᠢ ᠴᠢᠩᠭᠠᠳᠬᠠᠨ᠂ ︽ᠭᠤᠷᠪᠠᠨ ᠣᠷᠴᠢᠨ ᠲᠣᠭᠤᠷᠢᠨ︾ ᠢ ᠰᠠᠶᠢᠵᠢᠷᠠᠭᠤᠯᠵᠤ᠂ ᠪᠥᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 218.2 ᠳ᠋ᠦᠩᠰᠢᠭᠤᠷ ᠲᠥᠭᠦᠷᠢᠭ ᠲᠤ ᠬᠦᠷᠴᠦ᠂ 3.6% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 96.5 ᠳ᠋ᠦᠩᠰᠢᠭᠤᠷ ᠲᠥᠭᠦᠷᠢᠭ ᠲᠤ ᠬᠥᠷᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 7% ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 35.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.2% ᠢᠶᠠᠷ ᠨᠡᠮᠡᠭᠳᠡᠪᠡ᠃ ᠬᠤᠲᠠ ᠪᠠᠯᠭᠠᠰᠤ ᠪᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 39505 ᠲᠥᠭᠦᠷᠢᠭ᠂ 22379 ᠲᠥᠭᠦᠷᠢᠭ ᠲᠤ ᠬᠦᠷᠴᠦ᠂ 6.1%᠂ 9.4% ᠪᠠᠷ ᠨᠡᠮᠡᠭᠳᠡᠪᠡ᠃        ᠥᠩᠭᠡᠷᠡᠭᠰᠡᠨ ᠨᠢᠭᠡ ᠵᠢᠯ ᠳᠤ ᠮᠠᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠪᠠ        ᠰᠠᠨ ᠾᠧ ᠤᠰᠤᠨ ᠲᠤᠲᠤᠷᠭ᠎ᠠ ᠪᠦᠬᠦ ᠣᠷᠣᠨ ᠤ ᠤᠰᠤᠨ ᠲᠤᠲᠤᠷᠭ᠎ᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠪᠡ        ᠠᠮᠤ ᠪᠤᠳᠠᠭᠠᠨ ᠤ ᠤᠨᠠᠯᠲᠠ 20 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠠᠢ        ᠰᠠᠨ ᠾᠧ ᠠᠷᠠᠳ ᠤᠨ ᠵᠠᠩ ᠦᠢᠯᠡ ᠶᠢᠨ ᠶᠠᠪᠠᠭᠠᠨ ᠬᠥᠮᠦᠨ ᠤ ᠵᠡᠭᠡᠯᠢ ᠶᠢ ᠠᠰᠢᠭᠯᠠᠯᠲᠠ ᠳᠤ ᠣᠷᠣᠭᠤᠯᠪᠠ        ᠭᠡᠭᠡᠨᠲᠠᠯ᠎ᠠ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠠᠷᠢᠯᠭ᠎ᠠ ᠶᠢ ᠡᠬᠢᠯᠡᠭᠦᠯᠵᠡᠢ        ᠮᠠᠯᠵᠢᠯ ᠤᠨ ᠲᠠᠯᠠᠪᠠᠶ ᠶᠢ ᠨᠠᠶᠢᠳᠠᠪᠤᠷᠢᠵᠢᠭᠤᠯᠵᠤ ︽ᠳᠥᠷᠪᠡ ᠶᠢ ᠳᠠᠷᠠᠭᠠᠯᠠᠨ ᠲᠣᠭᠲᠠᠭᠤᠨ ᠪᠠᠶᠢᠯᠭᠠᠬᠤ︾ ᠶᠢ ᠬᠡᠷᠡᠭᠵᠢᠭᠦᠯᠵᠡᠢ        ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ︽ᠪᠣᠬᠢᠷᠳᠤᠯ ᠦᠭᠡᠢ ᠪᠣᠯᠣᠳ ᠲᠡᠮᠦᠷ︾ ᠢ ᠦᠢᠯᠡᠳᠪᠤᠷᠢᠯᠡᠬᠦ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠵᠡᠢ        ᠲᠠᠮᠠᠬᠢᠨ ᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠩᠬ᠎ᠠ ᠤᠳᠠᠭ᠎ᠠ 50 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ        ᠡᠮᠦᠨ᠎ᠡ ᠵᠡᠭᠡᠯᠢ ᠶᠢᠨ ᠶᠠᠪᠠᠭᠠᠨ ᠬᠦᠮᠦᠨ ᠤ ᠵᠡᠭᠡᠯᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ       ︽ᠬᠠᠰᠢᠯᠭ᠎ᠠ ᠳᠡᠭᠡᠷᠡᠬᠢ ᠦᠵᠡᠮᠵᠢ︾ ᠵᠡᠷᠭᠡ ᠵᠤᠭᠠᠴᠠᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠦᠭᠡᠢ ᠪᠠᠶᠠᠯᠢᠭᠵᠢᠪᠠ        ᠲᠤᠭᠤᠷ ᠤᠨ ᠭᠤᠤᠯ ᠨᠤᠭᠤ ᠭᠠᠵᠠᠷ ᠤᠨ ᠦᠵᠡᠮᠵᠢ ᠶᠢᠨ ᠣᠷᠣᠨ ᠡᠵᠡᠩᠨᠡᠯᠲᠡ ᠳᠤ ᠣᠷᠣᠪᠠ        ᠲᠤᠭᠤᠷ ᠤᠨ ᠭᠤᠣᠯ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤᠯᠤᠰ ᠤᠨ ︽ᠬᠤᠪᠢᠰᠬᠠᠯᠲᠤ ᠤᠳᠤᠮᠰᠢᠯᠳᠤ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤ ᠨᠡᠷᠡᠰ ᠤᠨ ᠵᠢᠭᠰᠠᠭᠠᠯᠲᠠ︾  ᠳᠤ ᠰᠣᠩᠭᠤᠭᠳᠠᠪᠠ        ᠥᠩᠭᠡᠷᠡᠭᠰᠡᠨ ᠨᠢᠭᠡ ᠵᠢᠯ ᠳᠤ ᠮᠠᠨ ᠤ ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ        ᠪᠣᠬᠢᠷᠳᠤᠯ ᠦᠭᠡᠢ ᠬᠠᠶᠢᠮᠢᠶᠠᠨ ᠬᠤᠲᠠ ︵ᠤᠰᠤᠨ ᠨᠡᠪᠴᠢᠯᠳᠡ ᠰᠠᠶᠢᠳᠠᠢ︶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 2.5 ᠳ᠋ᠦᠩᠰᠢᠭᠤᠷ ᠳ᠋ᠣᠯᠯᠠᠷ ᠤᠨ ᠵᠢᠭᠡᠯᠡᠯᠭᠡ ᠣᠯᠵᠦ᠂ ᠪᠥᠬᠦ ᠤᠯᠤᠰ ᠤᠨ ᠠᠩᠬᠠᠳᠠᠭᠴᠢ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢ ᠠᠮᠵᠢᠯᠲᠠᠲᠠᠢ ᠭᠤᠶᠤᠴᠢᠯᠠᠨ ᠮᠡᠳᠡᠭᠦᠯᠦᠭᠰᠡᠨ ᠰᠢᠶᠠᠨ ᠤ ᠳᠡᠰ ᠤᠨ ᠬᠤᠲᠠ ᠪᠣᠯᠪᠠ        5.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠠᠮ ᠨᠡᠪᠲᠡᠷᠡᠯᠭᠡ ᠰᠠᠭᠠᠳ ᠦᠭᠡᠢ ᠨᠡᠪᠲᠡᠷᠡᠬᠦ᠂ ᠤᠳᠠᠭᠠᠨ ᠵᠢᠯ ᠪᠣᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠨ ᠰᠢᠨᠡᠳᠭᠡᠬᠦ᠂ ᠶᠠᠪᠠᠭᠠᠨ ᠬᠥᠮᠥᠨ ᠤ ᠵᠠᠮ ᠢ ᠴᠡᠪᠡᠷᠰᠢᠭᠦᠯᠬᠦ ᠵᠡᠷᠭᠡ 108 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠲᠠᠯ᠎ᠠ ᠪᠠᠷ ᠪᠡᠶᠡᠯᠡᠭᠦᠯᠪᠡ        ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ ᠪᠠᠷ ᠦᠨᠡᠯᠡᠭᠳᠡᠪᠡ        ᠥᠩᠭᠡᠷᠡᠭᠰᠡᠨ ᠨᠢᠭᠡ ᠵᠢᠯ ᠳᠤ ᠮᠠᠨ ᠤ ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠪᠣᠳᠠᠲᠠᠶᠢᠵᠢᠪᠠ        168 ᠵᠤᠷᠪᠤᠰ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠪᠠ        ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 70% ᠠᠴᠠ ᠳᠡᠭᠡᠭᠰᠢ ᠨᠡᠮᠡᠭᠳᠡᠪᠡ        ᠥᠩᠭᠡᠷᠡᠭᠰᠡᠨ ᠨᠢᠭᠡ ᠵᠢᠯ ᠳᠤ ᠪᠢᠳᠡᠨ ᠤ ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠡᠮᠡᠭᠳᠡᠪᠡ        ᠲᠡᠮᠦᠷ ᠵᠠᠮ ᠤᠨ ᠪᠠᠷᠠᠭᠤᠨᠳᠡᠬᠢ ᠪᠠᠭ᠎ᠠ ᠰᠤᠷᠭᠠᠭᠤᠯᠢ᠂ ᠪᠠᠢ ᠯᠤ᠋ ᠬᠡᠦᠬᠡᠳ ᠤᠨ ᠴᠡᠴᠡᠷᠯᠢᠭ ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠪᠠ        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠠᠪᠤᠨ ᠲᠦᠷᠭᠡᠨ︾ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠠᠶᠢᠭᠤᠯᠵᠠᠢ        ᠬᠤᠩ ᠶᠦᠨ ᠨᠡᠶᠢᠭᠡᠮ ᠲᠣᠭᠤᠷᠢᠭ᠂ ᠵᠢᠶᠠᠨ ᠹᠧᠩ ᠨᠡᠶᠢᠭᠡᠮ ᠲᠣᠭᠤᠷᠢᠭ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ ᠢᠷᠠᠭᠤ ᠠᠯᠳᠠᠷ ᠢ ᠭᠥᠷᠳᠡᠪᠡ       15 ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠭᠦᠨ ᠨᠢᠭᠡᠴᠢ ᠬᠤᠣᠰ ᠴᠢᠭᠯᠡᠯ ᠢᠶᠠᠷ ᠰᠢᠯᠵᠢᠭᠦᠯᠦᠨ ᠡᠪᠡᠳᠴᠢᠨ ᠣᠨᠣᠰᠢᠯᠠᠬᠤ ᠶᠢ ᠪᠡᠶᠡᠯᠡᠭᠦᠯᠪᠡ        ᠤᠯᠤᠰ ᠤᠨ ᠤᠳᠠᠭᠠᠨ ᠴᠢᠨᠠᠷᠲᠠᠢ ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ        ᠥᠩᠭᠡᠷᠡᠭᠰᠡᠨ ᠨᠢᠭᠡ ᠵᠢᠯ ᠳᠤ ᠮᠠᠨ ᠤ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠢ ᠪᠡᠶᠡᠯᠡᠭᠦᠯᠪᠡ        ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠠᠬᠤᠢ ᠲᠠᠯᠠᠪᠠᠢ ᠶᠢᠨ ᠰᠣᠯᠢᠯᠴᠠᠭᠠᠨ ᠤ ᠬᠤᠷᠠᠯ ᠢ ᠴᠢᠨᠠᠷ ᠰᠠᠶᠢᠲᠠᠢ ᠪᠠᠷ ᠳᠠᠭᠠᠭᠠᠴᠢᠯᠠᠨ ᠡᠷᠬᠢᠯᠡᠪᠡ        ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠪᠠᠷ ᠳᠠᠬᠢᠨᠲᠠ ᠪᠠᠶᠢᠭᠤᠯᠪᠠ        ᠬᠤᠲᠠ ᠶᠢᠨ ᠬᠠᠮᠢᠶᠠᠷᠤᠯᠲᠠ ᠬᠢᠨᠠᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠠᠢ        ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ ᠴᠢᠬᠤᠯᠠ ᠬᠤᠷᠠᠯ ᠪᠠ ᠠᠵᠢᠯᠯᠠᠭ᠎ᠠ ᠶᠢᠨ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠵᠤ ᠠᠮᠤᠷ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ        ᠥᠩᠭᠡᠷᠡᠭᠰᠡᠨ ᠨᠢᠭᠡ ᠵᠢᠯ ᠳᠤ ᠮᠠᠨ ᠤ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ        01 ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠰᠢᠷᠢᠰ ᠪᠡᠯᠭᠡᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠪᠡ        02 ︽ᠬᠤᠪᠢᠰᠬᠠᠯᠲᠤ ᠠᠳᠠᠯ ᠠᠬᠤᠢ︾ ᠶᠢᠨ ᠲᠤᠷᠰᠢᠯᠭ᠎ᠠ ᠬᠢᠳᠡᠯ ᠨᠢ ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ᠶᠢᠨ ᠭᠤᠣᠯᠳᠠᠯᠭ᠎ᠠ ᠲᠠᠢ ᠠᠩᠬᠠᠷᠤᠯ ᠪᠠ ᠴᠣᠬᠤᠯᠠᠪᠤᠷᠢ ᠶᠢ ᠣᠯᠪᠠ        03 ᠸᠠᠩ ᠤᠨ ᠰᠦᠮ᠎ᠡ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠲᠤᠷᠰᠢᠯᠭ᠎ᠠ ᠶᠢ ᠪᠥᠬᠦ ᠣᠷᠣᠨ ᠳᠤ ᠳᠡᠯᠭᠡᠷᠡᠭᠦᠯᠪᠡ        04 ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠲᠣᠭᠤᠷᠢᠨ ᠪᠠᠶᠢᠴᠠᠭᠠᠵᠤ 176 ᠬᠤᠪᠢ ᠠᠰᠠᠭᠤᠳᠠᠯ ᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ        05 ︽ᠳᠦᠷᠪᠡᠨ ᠵᠦᠢᠯ ᠤᠨ ᠬᠡᠯᠪᠡᠷᠢ ᠪᠠᠶᠢᠳᠠᠯ︾ ᠢᠶᠠᠷ 477 ᠬᠥᠮᠥᠨ ︵ᠤᠳᠠᠭ᠎ᠠ︶ ᠢ ᠰᠢᠭᠦᠮᠵᠢᠯᠡᠨ ᠰᠤᠷᠭᠠᠵᠤ ᠬᠠᠪᠰᠤᠷᠤᠨ ᠬᠦᠮᠦᠵᠢᠭᠦᠯᠵᠡᠢ        06 ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠶᠢ ᠣᠯᠪᠠ
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号