ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ︵ᠳᠣᠣᠷᠠᠳᠤ︶
ᠨᠡᠶᠢᠲᠡᠯᠡᠭᠰᠡᠨ ᠴᠠᠭ᠄
2023/2/23
     ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠰᠠᠶᠢᠳᠤᠷ ᠠᠬᠢᠭᠤᠯᠵᠤ᠂ ᠶᠡᠭᠡ ᠪᠠᠷ ᠠᠵᠢᠯᠯᠠᠵᠤ ᠲᠦᠷᠭᠡᠨ ᠠᠵᠢᠯᠯᠠᠵᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠠᠵᠢᠯ ᠢᠶᠠᠨ ᠪᠣᠯᠭᠠᠵᠤ ᠲᠡᠷᠢᠭᠦᠨ ᠪᠠᠶᠢᠷᠢᠨ ᠳᠤ ᠣᠷᠣᠬᠤ ᠪᠠᠷ ᠴᠢᠷᠮᠠᠶᠢᠬᠤ ᠶᠢ ᠪᠡᠶᠡᠯᠡᠭᠦᠯᠦᠨ᠎ᠡ᠃      ᠡᠨᠡ ᠵᠢᠯ ᠤᠨ ᠪᠥᠬᠦ ᠬᠤᠲᠠ ᠶᠢᠨ ᠡᠯ᠎ᠡ ᠲᠥᠷᠥᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠤᠨ ᠤ ᠲᠤᠮᠳᠠ ᠤᠷᠤᠭᠰᠢᠯᠠᠬᠤ︾ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠶᠢ ᠪᠥᠬᠦ ᠵᠢᠯ ᠤᠨ ᠠᠵᠢᠯ ᠢᠶᠠᠨ ᠰᠠᠶᠢᠲᠤᠷ ᠬᠢᠬᠦ ᠶᠢᠨ ᠲᠡᠷᠢᠭᠦᠨ ᠴᠢᠬᠤᠯᠠ ᠡᠭᠦᠷᠭᠡ ᠪᠠ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠵᠤ᠂ ᠲᠣᠭᠲᠠᠭᠤᠨ ᠤ ᠲᠤᠮᠳᠠ ᠤᠷᠤᠭᠰᠢᠯᠠᠬᠤ ᠰᠠᠭᠤᠷᠢᠨ ᠳᠡᠭᠡᠷ᠎ᠡ ᠲᠣᠭᠲᠠᠭᠤᠨ ᠤ ᠲᠤᠮᠳᠠ ᠲᠦᠷᠭᠡᠨ ᠤᠷᠤᠭᠰᠢᠯᠠᠭᠤᠯᠵᠤ᠂ ᠰᠢᠯᠢᠳᠡᠭ ᠢᠶᠠᠷ ᠤᠷᠤᠭᠰᠢᠯᠠᠭᠤᠯᠵᠤ᠂ ︽ᠭᠤᠷᠪᠠ ᠶᠢ ᠲᠣᠭᠲᠠᠭᠤᠨ ᠪᠠᠶᠢᠯᠭᠠᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤ ᠶᠢ ᠬᠦᠷᠭᠡᠬᠦ︾ ᠠᠵᠢᠯ ᠢ ᠠᠬᠢᠭᠤᠯᠵᠤ᠂ ︽ᠭᠤᠷᠪᠠᠨ ᠨᠠᠷᠢᠨ ᠲᠠᠩᠰᠠ︾ ᠶᠢ ᠪᠣᠳᠠᠲᠠᠢ ᠪᠠᠷ ᠠᠳᠬᠤᠨ ︽ᠭᠤᠷᠪᠠᠨ ᠣᠷᠴᠢᠨ ᠲᠣᠭᠤᠷᠢᠨ︾ ᠢ ᠳᠡᠭᠡᠭᠰᠢᠯᠡᠭᠦᠯᠵᠦ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃      ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4.5% ᠣᠷᠴᠢᠮ ᠢᠶᠠᠷ ᠨᠡᠮᠡᠭᠳᠡᠭᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠠᠶᠢᠭᠤᠯᠭ᠎ᠠ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠭᠤᠯᠤᠯ ᠤᠨ ᠬᠠᠷᠠᠯᠲᠠ ᠶᠢ ᠡᠷᠡᠰ ᠪᠡᠶᠡᠯᠡᠭᠦᠯᠦᠨ᠎ᠡ᠃ ᠪᠢᠳᠡ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃      ᠨᠢᠭᠡ ᠳᠤ ᠰᠠᠶᠢᠨ ᠲᠦᠷᠦᠯ ᠵᠦᠢᠯ ᠳᠤ ᠪᠡᠯᠡ ᠮᠥᠩᠭᠦ ᠣᠯᠭᠤᠬᠤ ᠲᠠᠯ᠎ᠠ ᠪᠠᠷ ᠬᠦᠴᠦᠯᠡᠵᠦ ᠪᠣᠳᠠᠲᠤ ᠦᠷ᠎ᠡ ᠪᠦᠲᠦᠮᠵᠢ ᠭᠠᠷᠭᠠᠨ᠎ᠠ     ᠲᠥᠰᠥᠯ ᠤᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠎ᠠ      ︽ᠳᠥᠷᠪᠡᠨ ᠤᠯᠠᠷᠢᠯ ᠤᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠤᠷᠤᠭᠤᠯᠤᠨ ᠦᠷ᠎ᠡ ᠪᠦᠲᠦᠮᠵᠢ ᠣᠯᠬᠤ ᠠᠵᠤ ᠠᠬᠤᠶᠢᠯᠠᠯ ᠢ ᠡᠷᠡᠭᠦᠯ ᠢᠶᠠᠷ ᠬᠥᠭᠵᠢᠭᠦᠯᠬᠦ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠳᠤᠯᠠᠨ᠎ᠠ      ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠠᠷᠠᠳ ᠣᠯᠠᠨ ᠤ ᠬᠤᠳᠠᠯᠳᠤᠨ ᠠᠪᠣᠭᠰᠠᠨ ᠭᠡᠷ ᠪᠠᠶᠢᠰᠢᠩ ᠢ ᠴᠠᠭ ᠲᠤᠬᠠᠢ ᠳᠤᠨᠢ ᠲᠤᠰᠢᠶᠠᠬᠤ︾ ᠲᠥᠷᠥᠯ ᠵᠦᠢᠯ ᠤᠨ ᠪᠡᠯᠡ ᠮᠥᠩᠭᠦ ᠶᠢ ᠯᠠᠪᠳᠠᠭᠤᠨ ᠪᠣᠯᠭᠤᠮᠵᠢᠲᠠᠢ ᠬᠡᠷᠡᠭᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠰᠢᠨ᠎ᠡ ᠪᠠᠷ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠶᠢᠵᠢᠷᠠᠯᠲᠠ ᠲᠠᠢ ᠪᠣᠯᠬᠤ ᠶᠢ ᠠᠬᠢᠭᠤᠯᠤᠨ᠎ᠠ     ᠲᠦᠷᠦᠯ ᠵᠦᠢᠯ ᠤᠨ ᠨᠡᠮᠡᠭᠳᠡᠯ ᠤᠨ ᠬᠡᠮᠵᠢᠶ᠎ᠡ ᠶᠢ ᠪᠤᠵᠠᠭᠠᠶᠢᠷᠠᠭᠤᠯᠤᠨ ᠰᠠᠶᠢᠳᠤᠷ ᠬᠢᠨ᠎ᠡ      ᠲᠤᠰᠬᠠᠶᠢᠵᠢᠭᠰᠠᠨ ᠠᠷᠠᠯᠵᠢᠶᠠᠴᠢᠨ ᠤᠷᠢᠬᠤ ᠪᠥᠯᠬᠦᠮ ᠢ ᠪᠠᠶᠢᠭᠤᠯᠵᠤ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ︽ᠬᠥᠳᠡᠯᠭᠡᠭᠡᠨᠲᠦ ᠳᠠᠶᠢᠨ︾ ᠢ ᠰᠠᠶᠢᠲᠤᠷ ᠬᠢᠨ᠎ᠡ      ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠪᠠᠷ ᠠᠩᠬᠠᠷᠴᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠲᠥᠷᠥᠯ ᠵᠦᠢᠯ ᠵᠢᠭᠡᠯᠡᠯᠭᠡ ᠶᠢᠨ ᠲᠡᠮᠳᠡᠭᠲᠦ ᠶᠢ ᠵᠣᠯᠭᠠᠭᠤᠯᠤᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠪᠠᠳᠤᠯᠠᠨ᠎ᠠ      ᠲᠦᠷᠦᠯ ᠵᠦᠢᠯ ᠤᠨ ᠨᠥᠭᠡᠴᠡᠯᠡᠯᠲᠡ ᠶᠢ ᠴᠢᠩᠭᠠᠳᠬᠠᠨ ᠪᠣᠳᠠᠲᠠᠢ ᠠᠳᠬᠤᠨ᠎ᠠ      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠠᠭᠤᠷᠢ ᠶᠢ ᠪᠠᠲᠤᠳᠬᠠᠬᠤ ᠴᠢᠳᠠᠮᠵᠢ ᠶᠢ ᠨᠡᠮᠡᠭᠳᠡᠭᠦᠯᠦᠨ ᠠᠯᠤᠰ ᠬᠡᠲᠦ ᠳᠤ ᠠᠰᠢᠭᠲᠠᠢ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠨᠥᠭᠡᠴᠡᠯᠡᠨ᠎ᠡ      ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠶᠡᠭᠡ ᠬᠡᠪᠴᠢᠶᠡᠨ ᠳᠤ︾ ᠣᠷᠣᠭᠤᠯᠬᠤ ᠪᠠᠷ ᠴᠢᠷᠮᠠᠶᠢᠨ᠎ᠠ      ᠬᠤᠶᠠᠷ ᠲᠤ ᠠᠵᠤ ᠦᠢᠯᠡᠳᠪᠦᠷᠢ ᠶᠢᠨ ᠠᠵᠤ ᠠᠬᠤᠢ ᠶᠢ ᠬᠥᠭᠵᠢᠭᠡᠨ ᠪᠠᠳᠠᠷᠠᠭᠤᠯᠬᠤ ᠲᠠᠯ᠎ᠠ ᠪᠠᠷ ᠬᠦᠴᠦ ᠣᠷᠤᠭᠤᠯᠤᠨ ᠪᠣᠳᠠᠲᠤ ᠦᠷ᠎ᠡ ᠪᠦᠲᠦᠮᠵᠢ ᠭᠠᠷᠭᠠᠨ᠎ᠠ      ᠳᠠᠪᠠᠭᠤᠯᠢᠭ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ      ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ ᠲᠣᠨᠤᠭ ᠲᠦᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠵᠤ ︽ᠪᠣᠬᠢᠷᠳᠤᠯ ᠦᠭᠡᠢ ᠪᠣᠯᠣᠳ ᠲᠡᠮᠦᠷ︾ ᠦᠢᠯᠡᠳᠪᠤᠷᠢᠯᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ︽ᠣᠨᠴᠠᠭᠠᠢ ᠪᠣᠯᠣᠳ ᠲᠡᠮᠦᠷ︾ ᠪᠣᠯᠭᠠᠨ ᠬᠤᠪᠢᠷᠠᠭᠤᠯᠤᠨ᠎ᠠ      ᠲᠠᠮᠠᠬᠢᠨ ᠤ ᠦᠢᠯᠡᠳᠪᠦᠷᠢ ᠶᠢᠨ ᠦᠢᠯᠡᠳᠬᠦᠨ ᠤ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠬᠦ ᠶᠢ ᠪᠠᠲᠤᠯᠠᠵᠤ ᠦᠢᠯᠡᠳᠪᠦᠷᠢᠯᠡᠯ ᠤᠨ ᠭᠦᠢᠴᠡᠳᠬᠡᠯ ᠲᠤᠭ᠎ᠠ ᠶᠢ ᠳᠠᠬᠢᠨ 1 ᠲᠦᠮᠡᠨ ᠬᠠᠶᠢᠷᠴᠠᠭ ᠨᠡᠮᠡᠭᠳᠡᠭᠦᠯᠦᠨ᠎ᠡ      ᠤᠲᠠᠴᠢ ᠮᠣᠩᠭᠤᠯ ᠡᠮ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ ᠪᠥᠬᠦ ᠠᠶᠢᠮᠠᠭ ᠤᠨ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠤᠨ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠦᠨ᠎ᠡ      ᠬᠤᠸᠠ ᠨᠧᠩ ᠮᠡᠷᠭᠡᠵᠢᠯ ᠤᠨ ᠥᠭᠡᠷᠡᠴᠢᠯᠡᠯᠲᠡ ᠮᠧᠩ ᠨᠧᠩ ᠣᠶᠤᠨᠴᠢᠯᠠᠭᠰᠠᠨ ᠥᠭᠡᠷᠡᠴᠢᠯᠡᠯᠲᠡ ᠶᠢ ᠵᠣᠷᠢᠭᠵᠢᠭᠤᠯᠵᠤ  ᠪᠠᠢ ᠢ ᠡᠮ ᠦᠶᠯᠡᠳᠬᠦ ᠤᠯᠤᠰ ᠤᠨ ᠡᠮ ᠤᠨ ᠵᠦᠢᠯᠡᠰ ᠢ ᠰᠤᠳᠤᠯᠤᠨ ᠨᠡᠭᠡᠭᠡᠬᠦ ᠬᠤᠸᠠ ᠷᠦᠨ ᠰᠢᠤᠸᠠᠢ ᠬᠤᠸᠠ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠳᠡᠮᠵᠢᠨ᠎ᠡ     ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠢ ᠪᠣᠯᠭᠠᠨ᠎ᠠ      ᠪᠡᠭᠡᠵᠢᠩ ᠤᠨ ᠡᠨᠧᠷᠭᠢ ᠶᠢᠨ ᠪᠣᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠴᠠᠬᠢᠯᠭᠠᠨ ᠢᠶᠠᠷ ᠡᠨᠧᠷᠭᠢ ᠬᠠᠳᠠᠭᠠᠯᠠᠬᠤ ᠶᠢᠨ ᠹᠧᠩ ᠪᠣᠬᠢᠷᠳᠤᠯ ᠦᠭᠡᠢ ᠴᠠᠬᠢᠯᠭᠠᠨ ᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠶᠢ ᠲᠦᠷᠭᠡᠳᠬᠡᠨ᠎ᠡ     ᠪᠣᠯᠪᠠᠰᠤᠷᠠᠭᠤᠯᠬᠤ ᠦᠢᠯᠡᠰ ᠢ ᠤᠳᠤ ᠦᠶ᠎ᠡ ᠶᠢᠨ ᠲᠠᠷᠢᠶᠠᠯᠠᠩ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ      ᠴᠠᠭᠠᠨ ᠢᠳᠡᠭᠡ ᠲᠤᠲᠤᠷᠭ᠎ᠠ ᠮᠢᠬᠠᠨ ᠤ ᠵᠦᠢᠯ ᠭᠤᠯᠢᠷ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ ᠨᠠᠷᠢᠯᠢᠭ ᠡᠳ᠋ᠰᠢᠭᠦᠯᠬᠦ ᠶᠢ ᠶᠡᠬᠡᠪᠡᠷ ᠬᠥᠭᠵᠢᠭᠦᠯᠦᠨ᠎ᠡ      ᠵᠢᠩ ᠾᠧ ᠵᠢᠶᠠ ᠶᠤᠸᠠᠨ ᠵᠦᠩ ᠶᠠᠩ ᠲᠣᠭᠤᠭᠠᠨ ᠭᠡᠷ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠳᠡᠰ  ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ      ᠬᠢᠩᠭᠠᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠺᠧ ᠴᠢᠨ ᠸᠠᠨ ᠵᠢᠶᠠ ᠲᠠᠯ᠎ᠠ ᠨᠤᠲᠤᠭ ᠤᠨ ᠰᠠᠨ ᠾᠧ ᠵᠡᠷᠭᠡ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢ ᠨᠡᠭᠡᠭᠡᠨ ᠬᠥᠭᠵᠢᠭᠦᠯᠬᠦ ᠶᠢ ᠬᠥᠲᠥᠯᠥᠨ ᠵᠢᠯᠣᠭᠤᠳᠤᠨ᠎ᠠ      ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠳᠤ ᠬᠦᠴᠦᠨ ᠨᠡᠮᠡᠷᠢᠯᠡᠨ᠎ᠡ      ᠭᠤᠷᠪᠠ ᠳᠤ ᠠᠷᠠᠳ ᠤᠨ ᠠᠮᠢᠳᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ ᠪᠣᠳᠠᠲᠤ ᠦᠷ᠎ᠡ ᠪᠦᠲᠦᠮᠵᠢ ᠭᠠᠷᠭᠠᠨ᠎ᠠ      ᠬᠤᠲᠠ ᠶᠢᠨ ᠲᠥᠯᠦᠪᠵᠢᠭᠦᠯᠭᠡ ᠶᠢᠨ ᠲᠦᠪᠰᠢᠨ ᠢ ᠰᠠᠶᠢᠳᠤᠷ ᠳᠡᠭᠡᠭᠰᠢᠯᠡᠭᠦᠯᠦᠨ᠎ᠡ      ᠬᠤᠲᠠ ᠶᠢᠨ ᠲᠣᠭᠤᠷᠢᠭ ᠪᠣᠯᠣᠨ ᠭᠤᠤᠯ ᠤᠨ ᠵᠡᠭᠦᠨᠳᠡᠬᠢ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠣᠭᠲᠠᠭᠠᠯ ᠢ ᠲᠣᠬᠢᠷᠠᠭᠤᠯᠤᠨ ᠲᠡᠭᠦᠯᠳᠡᠷᠵᠢᠭᠦᠯᠦᠨ᠎ᠡ      ᠡᠦ ᠡᠯ ᠶᠢᠨ ᠵᠡᠷᠭᠡ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠭᠡᠷ ᠪᠠᠶᠢᠰᠢᠩ ᠢ ᠲᠠᠲᠠᠪᠤᠷᠢᠯᠠᠵᠤ ᠰᠠᠭᠤᠭᠠᠯᠢ ᠠᠷᠠᠳ ᠢ ᠡᠭᠡᠭᠦᠯᠦᠨ ᠨᠡᠭᠦᠯᠭᠡᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠᠬᠤᠲᠠ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠠᠶᠢᠰᠢ ᠤᠷᠲᠤᠳᠬᠠᠬᠤ ᠶᠢ ᠠᠬᠢᠭᠤᠯᠵᠤ ᠭᠠᠴᠠᠭ᠎ᠠ ᠲᠣᠰᠬᠤᠨ ᠤ ᠠᠷᠠᠳ ᠲᠤ ᠬᠤᠲᠠ ᠶᠢᠨ ᠬᠥᠭᠵᠢᠯᠲᠡ ᠠᠴᠠ ᠠᠪᠴᠢᠷᠠᠭᠰᠠᠨ ᠲᠥᠬᠦᠮ ᠪᠠ ᠠᠰᠢᠭ ᠢ ᠬᠠᠮᠲᠤ ᠪᠠᠷ ᠡᠳ᠋ᠯᠡᠭᠦᠯᠦᠨ᠎ᠡ     ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠤᠨ᠎ᠡ      01 ᠪᠠᠷᠠᠭᠤᠨ ᠡᠮᠦᠨᠡᠬᠢ ᠬᠤᠳᠠ ᠶᠢ ᠲᠣᠭᠤᠷᠢᠬᠤ ᠬᠤᠳᠠ ᠶᠢ ᠲᠣᠭᠤᠷᠢᠭᠰᠠᠨ ᠪᠠᠷᠠᠭᠤᠨ ᠵᠠᠮ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠵᠠᠮ ᠨᠢᠰᠬᠡᠯ ᠤᠨ ᠪᠠᠭᠤᠳᠠᠯ ᠵᠠᠮ ᠵᠡᠷᠭᠡ ᠵᠠᠮ ᠤᠨ ᠲᠣᠣᠷ ᠴᠡᠭ ᠤᠨ ᠪᠠᠶᠢᠷᠢᠰᠢᠯ ᠤᠨ ᠪᠠᠶᠢᠷᠢᠯᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ      02 ᠤᠳᠠᠭᠠᠨ ᠵᠢᠯ ᠪᠣᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ      03 ᠪᠣᠬᠢᠷᠳᠤᠯ ᠦᠭᠡᠢ ᠬᠠᠶᠢᠮᠢᠶᠠᠨ ᠬᠤᠲᠠ ︵ᠤᠰᠤ ᠨᠡᠪᠴᠢᠯᠳᠡ ᠰᠠᠶᠢᠳᠠᠢ︶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ      04 ᠬᠠᠷᠮᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠠ ᠬᠠᠯᠴᠠᠭᠠᠢ ᠭᠠᠵᠠᠷ ᠤᠨ ᠠᠮᠢ ᠠᠬᠤᠢ ᠶᠢᠨ ᠵᠠᠰᠠᠯᠲᠠ ᠶᠢ ᠲᠦᠷᠭᠡᠳᠭᠡᠨ ᠠᠬᠢᠭᠤᠯᠤᠨ᠎ᠠ      05 ︽ᠳᠥᠷᠪᠡᠨ ᠤᠰᠤ ᠳᠥᠷᠪᠡ ᠶᠢ ᠪᠣᠢ ᠪᠣᠯᠭᠠᠬᠤ ᠬᠤᠶᠠᠷ ᠳᠤᠯᠠᠭᠠᠯᠠᠭ᠎ᠠ︾ ᠶᠢ ᠦᠷᠭᠦᠯᠵᠢᠯᠡᠨ ᠲᠡᠭᠦᠯᠳᠡᠷᠵᠢᠭᠦᠯᠵᠦ  ᠪᠣᠷᠣᠭᠠᠨ ᠤ ᠤᠰᠤ ᠤᠰᠤ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ ᠬᠤᠲᠠ ᠶᠢᠨ ︽ᠤᠶᠠᠨ ᠬᠠᠳᠠᠨ ᠴᠢᠨᠠᠷ︾ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ      06 ︽ᠣᠶᠤᠨᠲᠤ ᠨᠡᠶᠢᠲᠡ ᠶᠢᠨ ᠵᠠᠮ ᠬᠠᠷᠢᠯᠴᠠᠭ᠎ᠠ︾ ︽ᠣᠶᠤᠨᠲᠤ ᠬᠤᠲᠠ ᠶᠢᠨ ᠬᠠᠮᠢᠶᠠᠷᠤᠯᠲᠠ︾ ᠵᠡᠷᠭᠡ ᠨᠢᠭᠡ ᠪᠦᠯᠦᠭ ᠲᠤᠭᠠᠴᠠᠯᠠᠭᠰᠠᠨ ᠬᠡᠷᠡᠭᠯᠡᠭᠡᠨ ᠤ ᠰᠢᠨ᠎ᠡ ᠠᠬᠤᠢ ᠪᠠᠶᠢᠳᠠᠯ ᠢ ᠪᠣᠶ ᠪᠣᠯᠭᠠᠵᠤ ᠲᠥᠬᠦᠭᠡᠷᠦᠮᠵᠢ ᠬᠤᠭᠤᠷᠤᠨᠳᠤ ᠪᠠᠨ ᠨᠡᠪᠳᠡᠷᠡᠯᠴᠡᠬᠦ ᠥᠨᠳᠥᠷ ᠪᠦᠲᠦᠮᠵᠢᠲᠡᠶ ᠪᠠᠷ ᠠᠵᠢᠯᠯᠠᠬᠤ ᠬᠤᠲᠠ ᠶᠢᠨ ︽ᠣᠶᠤᠨᠲᠤ︾ ᠦᠢᠯᠡᠴᠢᠯᠡᠭᠡᠨ ᠤ ᠲᠠᠪᠴᠠᠩ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ      ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠰᠠᠶᠢᠳᠤᠷ ᠳᠡᠭᠡᠭᠰᠢᠯᠡᠭᠦᠯᠦᠨ᠎ᠡ      ᠬᠤᠳᠠ ᠶᠢᠨ ︽ᠠᠷᠪᠠᠨ ᠡᠷᠤᠢ ᠬᠤᠷᠤᠢ ᠦᠭᠡᠢ ᠪᠠᠶᠢᠳᠠᠯ︾ ᠢ ᠶᠡᠬᠡᠬᠡᠨ ᠬᠦᠴᠦ ᠣᠷᠣᠭᠤᠯᠤᠨ ᠵᠠᠰᠠᠵᠤ ᠶᠠᠪᠠᠭᠠᠨ ᠬᠥᠮᠥᠨ ᠤ ᠵᠠᠮ ᠢ ᠴᠡᠪᠡᠷᠰᠢᠭᠦᠯᠬᠦ ᠳᠦᠷᠢᠮ ᠢ ᠵᠦᠷᠢᠴᠡᠨ ᠡᠪᠳᠡᠵᠦ ᠨᠣᠭᠤᠭᠠᠷᠠᠭᠤᠯᠬᠤ ᠪᠠ ᠢᠯᠡᠭᠦᠴᠡ ᠪᠠᠭᠠᠨ᠎ᠠ ᠶᠢ ᠰᠤᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ      ︽ᠬᠤᠪᠢᠰᠬᠠᠯᠲᠤ ᠠᠳᠠᠯ ᠠᠬᠤᠢ︾ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ︽ᠬᠤᠪᠢᠰᠬᠠᠯᠲᠤ ᠠᠳᠠᠯ ᠠᠬᠤᠢ︾ ᠶᠢᠨ ᠣᠨᠴᠠᠯᠢᠭᠲᠤ ᠨᠠᠷᠠᠲᠤ ᠲᠡᠮᠳᠡᠭᠲᠦ ᠶᠢ ᠡᠭᠦᠳᠦᠨ᠎ᠡ      ᠳᠥᠷᠪᠡ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠳᠤ ᠬᠦᠴᠦᠯᠡᠵᠦ ᠪᠣᠳᠠᠲᠤ ᠦᠷ᠎ᠡ ᠪᠦᠲᠦᠮᠵᠢ ᠭᠠᠷᠭᠠᠨ᠎ᠠ      ᠥᠨᠳᠥᠷ ᠪᠦᠲᠦᠮᠵᠢᠲᠡᠶ ᠲᠠᠷᠢᠶᠠᠯᠠᠩ ᠢ ᠬᠥᠭᠵᠢᠭᠦᠯᠬᠦ ᠳᠡᠭᠡᠷ᠎ᠡ ᠦᠷᠭᠦᠯᠵᠢᠯᠡᠨ ᠬᠦᠴᠦᠯᠡᠨ᠎ᠡ      ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ᠨᠣᠬᠠᠢ ᠬᠤᠰᠢᠭᠤ ᠴᠠᠷᠭᠠᠰᠤ ᠬᠢᠶᠠᠭ ᠵᠡᠷᠭᠡ ᠡᠪᠡᠰᠦ ᠪᠣᠷᠳᠤᠭ᠎ᠠ ᠶᠢᠨ ᠳᠠᠷᠢᠬᠤ ᠲᠠᠯᠠᠪᠠᠶ ᠶᠢ ᠥᠷᠭᠡᠳᠬᠡᠨ᠎ᠡ      ᠭᠡᠭᠡᠨᠰᠦ᠋ᠮ᠎ᠡ ᠶᠢᠨ ᠮᠢᠩᠭᠠᠨ ᠮᠦ ᠶᠢᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠶᠢᠭᠤᠯᠵᠤ 3 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠤ ᠠᠮᠤ ᠪᠤᠳᠠᠭᠠᠨ ᠤ ᠤᠨᠠᠯᠲᠠ ᠶᠢ 7 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ      ᠰᠦ ᠶᠢᠨ ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ ᠭᠡᠭᠡᠨᠲᠠᠯ᠎ᠠ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ      ᠾᠧ ᠲᠧ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ ᠮᠧᠩ ᠨᠢᠦ ᠬᠤᠩ ᠴᠧᠩ ᠰᠦ ᠶᠢᠨ ᠦᠢᠯᠡᠰ ᠵᠡᠷᠭᠡ ᠴᠠᠭᠠᠨ ᠢᠳᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠨ᠎ᠡ      ᠮᠢᠬᠠᠨ ᠦᠬᠡᠷ ᠤᠨ ᠠᠵᠤ ᠦᠢᠯᠡᠰ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠮᠢᠬᠠᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠵᠢᠴᠢ ᠲᠤᠰᠬᠠᠢ ᠬᠤᠷᠰᠢᠶ᠎ᠠ ᠪᠠᠶᠢᠭᠤᠯᠵᠤ ᠲᠡᠵᠢᠭᠡᠨ ᠦᠷᠡᠵᠢᠭᠦᠯᠬᠦ ᠲᠤᠰᠬᠠᠢ ᠭᠠᠴᠠᠭ᠎ᠠ ᠲᠣᠰᠬᠤᠨ ᠢ ᠪᠣᠶ ᠪᠣᠯᠭᠠᠵᠤ ᠦᠬᠡᠷ ᠤᠨ ᠠᠵᠤ ᠦᠢᠯᠡᠰ ᠤᠨ ᠪᠠᠷᠢᠮᠵᠢᠶᠠᠵᠢᠭᠰᠠᠨ ᠬᠡᠪᠴᠢᠶᠡᠵᠢᠭᠰᠡᠨ ᠡᠷᠴᠢᠮᠵᠢᠭᠰᠡᠨ ᠬᠥᠭᠵᠢᠯᠲᠡ ᠶᠢ ᠠᠬᠢᠭᠤᠯᠤᠨ᠎ᠠ     ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠦᠷᠭᠦᠯᠵᠢᠯᠡᠨ ᠬᠦᠴᠦᠯᠡᠨ᠎ᠡ      ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ ᠪᠠᠶ᠋ᠬᠠᠤᠰᠤ ᠶᠢᠨ ᠰᠢᠨ᠎ᠡ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠢᠯᠠᠯᠲᠠ ᠪᠠ ᠬᠥᠭᠵᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠣᠶ ᠪᠣᠯᠭᠠᠨ᠎ᠠ      ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠤᠨ ᠨᠢᠭᠡ ᠴᠣᠭᠴᠠᠵᠢᠭᠤᠯᠤᠯᠳᠠ ᠶᠢ ᠪᠦᠷᠬᠦᠭᠦᠯᠬᠦ ᠶᠢ ᠠᠬᠢᠭᠤᠯᠤᠨ᠎ᠠ      ᠭᠠᠵᠠᠷ ᠰᠢᠷᠣᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠥᠮᠴᠢᠯᠡᠯ  ᠤᠨ ᠡᠷᠬᠡ ᠶᠢᠨ ᠠᠷᠠᠯᠵᠢᠶᠠᠨ ᠤ ᠲᠥᠪ ᠢ ᠫᠠᠶᠢᠰᠠ ᠡᠯᠭᠦᠨ ᠪᠠᠶᠢᠭᠤᠯᠤᠨ᠎ᠠ      ᠬᠥᠳᠡᠭᠡ ᠲᠣᠰᠬᠤᠨ ᠤ ᠣᠷᠣᠨ ᠰᠠᠭᠤᠴᠠ ᠶᠢ ᠥᠭᠡᠷᠡᠴᠢᠯᠡᠬᠦ ᠪᠠ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠤᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠦᠨ᠎ᠡ     ᠪᠠᠶᠠᠨ ᠴᠢᠨᠡᠭᠡᠯᠢᠭ ᠡᠯᠪᠡᠭ ᠪᠠᠶᠠᠯᠢᠭ ᠪᠠᠶᠢᠬᠤ ᠶᠢ ᠪᠡᠶᠡᠯᠡᠭᠦᠯᠬᠦ ᠳᠡᠭᠡᠷ᠎ᠡ ᠦᠷᠭᠦᠯᠵᠢᠯᠡᠨ ᠬᠦᠴᠦᠯᠡᠨ᠎ᠡ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ︽ᠳᠥᠷᠪᠡᠨ ᠬᠥᠳᠡᠭᠡ ᠲᠤᠰᠬᠤᠨ ᠤ ᠢᠨᠵᠧᠨᠧᠷᠢᠩ︾ ᠢ ᠭᠦᠨᠵᠡᠭᠡᠢ ᠥᠷᠨᠢᠭᠦᠯᠵᠦ ︽ᠰᠢᠶᠣᠣ ᠵᠢᠩ ᠲᠥᠯᠥᠪᠯᠡᠭᠡ︾ ᠶᠢ ᠦᠷᠭᠦᠯᠵᠢᠯᠡᠨ ᠠᠬᠢᠭᠤᠯᠤᠨ᠎ᠠ      ᠲᠠᠷᠢᠶᠠᠴᠢᠳ ᠤᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ      ᠲᠠᠪᠤ ᠳᠤ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠳᠤ ᠬᠦᠴᠦᠯᠡᠵᠦ ᠪᠣᠳᠠᠲᠤ ᠦᠷ᠎ᠡ ᠪᠦᠲᠦᠮᠵᠢ ᠭᠠᠷᠭᠠᠨ᠎ᠠ      ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠣᠯᠠᠨ ᠶᠠᠩᠵᠤᠵᠢᠯᠲᠠ ᠶᠢ ᠳᠡᠰ ᠳᠡᠪᠰᠢᠭᠦᠯᠬᠦ ᠶᠢ ᠠᠬᠢᠭᠤᠯᠤᠨ᠎ᠠ      ᠧᠦ ᠶᠠ᠂ ᠸᠠᠨ ᠳ᠋ᠠ ᠲᠠᠯᠠᠪᠠᠶ᠂ ᠬᠤᠩ ᠰᠢᠩ ᠮᠧᠶ ᠺᠠᠢ ᠯᠦᠩ ᠵᠡᠷᠭᠡ ᠬᠤᠳᠠᠯᠳᠤᠭᠠᠨ ᠤ ᠲᠥᠪ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠬᠦ ᠶᠢ ᠬᠥᠲᠥᠯᠥᠨ ᠵᠢᠯᠣᠭᠤᠳᠤᠨ᠎ᠠ      ᠥᠪᠡᠷᠲᠡᠭᠡᠨ ᠵᠠᠰᠠᠬᠤ ᠣᠷᠣᠨ ᠤ ︽ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ      ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠤᠨ᠎ᠠ      ᠳ᠋ᠠ ᠾᠧ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠬᠦᠢᠲᠡᠨ ᠬᠡᠯᠬᠢᠶ᠎ᠡ ᠶᠢᠨ ᠬᠥᠮᠥᠷᠭᠡᠯᠡᠨ ᠬᠠᠳᠠᠭᠠᠯᠠᠯᠲᠡ ᠼᠦᠢ ᠯᠢᠨ ᠠᠮᠤ ᠪᠤᠳᠠᠭ᠎ᠠ ᠲᠣᠰᠣ ᠡᠷᠳᠡᠨᠢ ᠰᠢᠰᠢ ᠶᠢ ᠬᠥᠮᠥᠷᠭᠡᠯᠡᠨ ᠬᠠᠳᠠᠭᠠᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ     ᠮᠠᠰᠢᠨ ᠲᠡᠷᠭᠡᠨ ᠤ ᠠᠷᠠᠯᠵᠢᠶᠠᠨ ᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠬᠦ ᠲᠠᠰ ᠳᠡᠪᠰᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠲᠥᠪ ᠢ ᠴᠣᠭᠴᠠᠯᠠᠨ᠎ᠠ      ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠭᠦᠨᠵᠡᠭᠡᠢ ᠠᠬᠢᠭᠤᠯᠵᠤ ︽ᠲᠠᠪᠤᠨ ᠶᠡᠭᠡ ᠰᠢᠰᠲ᠋ᠧᠮ︾ ᠤᠨ ᠪᠠᠶᠢᠭᠤᠯᠤᠯᠲᠠ ᠶᠢ ᠲᠠᠰ ᠳᠡᠪᠰᠢᠭᠦᠯᠦᠨ ᠲᠡᠭᠦᠯᠳᠡᠷᠵᠢᠭᠦᠯᠦᠨ᠎ᠡᠵᠤᠭᠠᠴᠠᠯ ᠤᠨ ᠦᠢᠯᠡᠰ ᠤᠨ ᠪᠦᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠤᠨ᠎ᠠ      ᠰᠡᠷᠬᠡᠨ ᠵᠤᠭᠠᠴᠠᠯ ᠤᠨ ᠵᠠᠰᠠᠮᠠᠯ ᠵᠠᠮ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠵᠤᠭᠠᠴᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠬᠤᠪᠢᠰᠬᠠᠯᠲᠤ ᠵᠤᠭᠠᠴᠠᠯ ᠬᠥᠳᠡᠭᠡ ᠲᠣᠰᠬᠤᠨ ᠤ ᠵᠤᠭᠠᠴᠠᠯ ᠮᠥᠰᠥ ᠴᠠᠰᠤᠨ ᠤ ᠵᠤᠭᠠᠴᠠᠯ ᠵᠡᠷᠭᠡ ᠰᠣᠳᠣᠨ ᠵᠤᠭᠠᠴᠠᠯ ᠤᠨ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ      ᠭᠡᠭᠡᠨᠰᠦ᠋ᠮ᠎ᠡ ᠬᠤᠪᠢᠰᠬᠠᠯᠲᠤ ᠮᠣᠷᠢᠨ ᠤ ᠰᠣᠶᠣᠯ ᠤᠨ ᠵᠢᠵᠢᠭ ᠪᠠᠯᠭᠠᠰᠤ ᠶᠡᠭᠡ ᠬᠢᠩᠭᠠᠨ ᠳᠠᠪᠠᠭᠠᠨ ᠤ ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ      ᠲᠤᠭᠤᠷ ᠤᠨ ᠭᠤᠣᠯ ᠨᠤᠭᠤ ᠭᠠᠵᠠᠷ ᠤᠨ ᠦᠵᠡᠮᠵᠢ ᠶᠢᠨ ᠣᠷᠣᠨ ᠰᠠᠨ ᠾᠧ ᠠᠷᠠᠳ ᠤᠨ ᠵᠠᠩ ᠦᠶᠯᠡ ᠶᠢᠨ ᠶᠠᠪᠠᠭᠠᠨ ᠬᠥᠮᠦᠨ ᠤ ᠵᠡᠭᠡᠯᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ      ᠱᠧᠨ ᠵᠢᠶᠦ᠋ᠨ ᠸᠠᠨ ᠲᠡᠭᠷᠢᠯᠢᠭ ᠬᠥᠪᠡᠭᠦᠨ ᠲᠡᠭᠷᠢ ᠶᠢᠨ ᠬᠥᠯᠦᠭ ᠵᠡᠷᠭᠡ ᠦᠵᠡᠮᠵᠢ ᠶᠢ ᠲᠠᠰ ᠳᠡᠪᠰᠢᠭᠦᠯᠵᠦ ︽ᠲᠠᠪᠤᠨ ᠪᠦᠷᠢᠨ︾ ᠤ ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠰᠠᠶᠢᠳᠤᠷ ᠪᠣᠶ ᠪᠣᠯᠭᠠᠨ᠎ᠠ      ︽ᠠᠵᠤ ᠠᠬᠤᠶᠢᠯᠠᠯ + ᠭᠠᠴᠠᠭ᠎ᠠ ᠲᠣᠰᠬᠤᠨ ᠤ ᠬᠠᠮᠲᠤ ᠨᠡᠶᠢᠲᠡ︾ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠦᠨ᠎ᠡ      ᠵᠢᠷᠭᠤᠭ᠎ᠠ ᠳᠤ ᠠᠮᠢ ᠠᠬᠤᠢ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠬᠦᠴᠦᠯᠡᠵᠦ ᠪᠣᠳᠠᠲᠤ ᠦᠷ᠎ᠡ ᠪᠦᠲᠦᠮᠵᠢ ᠭᠠᠷᠭᠠᠨ᠎ᠠ      ᠠᠮᠢ ᠠᠬᠤᠢ ᠣᠷᠴᠢᠨ ᠲᠣᠭᠤᠷᠢᠨ ᠤ  ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ      ᠰᠢᠶᠣᠣ ᠵᠧᠦ ᠵᠢᠶᠠ ᠭᠤᠤ ᠶᠢ ᠵᠠᠰᠠᠬᠤ ᠮᠠᠭᠤᠳᠠᠭᠰᠠᠨ ᠤᠢ ᠰᠢᠭᠤᠢ ᠶᠢ ᠵᠠᠰᠠᠨ ᠰᠡᠷᠭᠦᠭᠡᠬᠦ ᠪᠠ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢᠨ ᠢᠷᠠᠭᠤ ᠠᠯᠳᠠᠷ ᠢᠶᠠᠨ ᠰᠠᠶᠢᠲᠤᠷ ᠰᠠᠬᠢᠨ ᠬᠠᠮᠠᠭᠠᠯᠠᠨ᠎ᠠ      ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠪᠠ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ      ᠤᠯᠤᠰ ᠤᠨ ᠲᠠᠰ ᠤᠨ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠤᠷᠮᠠᠰᠢᠭᠤᠯᠬᠤ ᠬᠤᠲᠠ ᠶᠢ ᠴᠢᠷᠮᠠᠶᠢᠨ ᠡᠭᠦᠳᠦᠨ᠎ᠡ      ᠬᠥᠬᠡ ᠣᠭᠲᠠᠷᠭᠤᠢ ᠬᠥᠬᠡᠮᠳᠦᠭ ᠤᠰᠤ ᠠᠷᠢᠭᠤᠨ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ      ᠭᠤᠣᠯᠳᠠᠯᠭ᠎ᠠ ᠲᠠᠢ ᠠᠵᠢᠯ ᠲᠦᠷᠦᠯ ᠤᠨ ᠠᠭᠠᠷ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ      ᠤᠰᠤᠨ ᠤ ᠪᠣᠬᠢᠷᠳᠤᠯ ᠢ ᠬᠠᠮᠵᠢᠯᠴᠠᠨ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ      ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠨ᠎ᠡ      ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ      ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠬᠡᠮᠵᠢᠭᠳᠡᠯ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠮᠧᠩ ᠨᠧᠩ ᠬᠤᠸᠠ ᠨᠧᠩ ᠵᠡᠷᠭᠡ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ      ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ  ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠬᠤᠭ ᠨᠣᠪᠰᠢ ᠶᠢ ᠰᠢᠲᠠᠭᠠᠨ ᠴᠠᠬᠢᠯᠭᠠᠨ ᠭᠠᠷᠭᠠᠵᠤ ᠠᠰᠢᠭᠯᠠᠬᠤ ᠴᠢᠳᠠᠪᠤᠷᠢ ᠶᠢ ᠠᠬᠢᠭᠤᠯᠤᠨ᠎ᠠ      ︽ᠲᠠᠪᠤ ᠶᠢ ᠲᠣᠶᠢᠯᠪᠤᠷᠢᠲᠠᠢ ᠪᠠᠶᠢᠴᠠᠭᠠᠬᠤ ᠠᠵᠢᠯᠯᠠᠭ᠎ᠠ︾ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ      ᠲᠤᠯᠤᠭ᠎ᠠ ᠳᠤ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠲᠠᠯ᠎ᠠ ᠪᠠᠷ ᠬᠦᠴᠤᠯᠡᠵᠤ ᠪᠣᠳᠠᠲᠤ ᠦᠷ᠎ᠡ ᠪᠦᠲᠦᠮᠵᠢ ᠭᠠᠷᠭᠠᠨ᠎ᠠ      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ      ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠵᠡᠭᠡᠯᠢ ᠪᠠᠯᠭᠠᠰᠤᠨ ᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠨ᠎ᠡ      ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ      ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ      ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ      ︽ᠳᠥᠷᠪᠡᠨ ᠭᠦᠢᠴᠡᠳᠭᠡᠬᠦ︾ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ      12345 ᠬᠠᠯᠠᠮᠰᠢᠯ ᠤᠲᠠᠰᠤᠨ ᠤ ︽ᠭᠤᠷᠪᠠᠨ ᠨᠣᠷᠮ᠎ᠠ︾ ᠶᠢ ᠦᠷᠭᠦᠯᠵᠢᠯᠡᠨ ᠳᠡᠭᠡᠭᠰᠢᠯᠡᠭᠦᠯᠦᠨ᠎ᠡ      ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ      ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠤᠨ᠎ᠡ      ︽ᠨᠢᠭᠡ ᠪᠦᠰᠡ ᠨᠢᠭᠡ ᠵᠠᠮ︾ ᠤᠨ ᠨᠡᠬᠡᠬᠡᠯᠳᠡ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ      ᠪᠡᠭᠡᠵᠢᠩ ᠲᠢᠶᠠᠨᠵᠢᠨ ᠡᡁᠧᠪᠸᠢ ᠬᠥᠬᠡᠮᠥ᠋ᠷᠡᠨ ᠤ ᠭᠤᠷᠪᠠᠯᠵᠢᠨ ᠬᠤᠶᠢᠭ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠠᠷᠠᠯᠵᠢᠶ᠎ᠠ ᠬᠤᠳᠠᠯᠳᠤᠭᠠᠨ ᠤ ᠰᠣᠯᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ      ᠳ᠋ᠠ ᠯᠦᠩ ᠰᠦᠯᠵᠢᠶᠡᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠮᠠᠨ ᠤ ᠬᠤᠲᠠ ᠳᠤ ᠨᠤᠲᠤᠭᠰᠢᠭᠤᠯᠬᠤ ᠪᠠᠷ ᠢᠳᠡᠪᠬᠢᠲᠡᠢ ᠴᠢᠷᠮᠠᠶᠢᠨ᠎ᠠ      ᠤᠯᠠᠭᠠᠨᠬᠤᠳᠠ ᠪᠣᠯᠣᠳ ᠲᠡᠮᠦᠷ ᠺᠧ ᠴᠢᠨ ᠸᠠᠨ ᠵᠢᠶᠠ ᠵᠡᠷᠭᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠶᠢ ᠳᠡᠮᠵᠢᠨ᠎ᠡ      ᠨᠠᠢᠮᠠ ᠳᠤ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠳᠡᠭᠡᠷ᠎ᠡ ᠬᠦᠴᠦᠯᠡᠵᠤ ᠪᠣᠳᠠᠲᠤ ᠦᠷ᠎ᠡ ᠪᠦᠲᠦᠮᠵᠢ ᠭᠠᠷᠭᠠᠨ᠎ᠠ     ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ      ᠦᠢᠯᠡᠰ ᠪᠤᠰᠬᠠᠬᠤ ᠶᠢ ᠬᠥᠮᠦᠵᠢᠭᠦᠯᠬᠦ ᠰᠠᠭᠤᠷᠢᠨ ᠭᠠᠵᠠᠷ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ      ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠭᠡᠬᠦ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ      ᠤᠯᠠᠨ ᠡᠰᠢᠴᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ      ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ ︽ᠰᠤᠷᠭᠠᠨ ᠬᠥᠮᠦᠵᠢᠯ ᠤᠨ ᠰᠢᠰᠲ᠋ᠧᠮ ᠤᠨ ᠵᠠᠭᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ︾ ᠲᠥᠯᠥᠪᠯᠡᠭᠡ ᠶᠢ ᠬᠡᠷᠡᠭᠵᠢᠭᠦᠯᠦᠨ᠎ᠡ      ᠳᠥᠷᠪᠡᠳᠦᠭᠡᠷ ᠳᠤᠮᠳᠠᠳᠤ ᠰᠤᠷᠭᠠᠭᠤᠯᠢ  ᠨᠠᠢᠮᠠᠳᠤᠭᠠᠷ ᠳᠤᠮᠳᠠᠳᠤ ᠰᠤᠷᠭᠠᠭᠤᠯᠢ  ᠬᠢᠩᠭᠠᠨ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠬᠦ ᠶᠢ ᠲᠦᠷᠭᠡᠳᠬᠡᠨ᠎ᠡ      ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠶᠢᠲᠤ ᠰᠤᠷᠭᠠᠭᠤᠯᠢ ᠶᠢᠨ ᠲᠣᠭᠤᠷᠢᠭ  ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ      ᠤᠯᠠᠨ ᠲᠦᠮᠡᠨ ᠤ ᠰᠣᠶᠣᠯ ᠪᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠠᠯᠪᠠᠨ ᠭᠡᠷ ᠤᠨ ᠬᠠᠭᠤᠴᠢᠨ ᠰᠠᠭᠤᠷᠢᠰᠢᠯ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ      ᠬᠠᠨ ᠠᠭᠤᠯᠠ ᠣᠶᠤᠨᠲᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ      ᠪᠣᠳᠠᠰ ᠤᠨ ᠪᠤᠰᠤ ᠰᠣᠶᠣᠯ ᠤᠨ  ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠶᠢᠭᠤᠯᠤᠨ᠎ᠠ      ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠱᠠᠲᠤᠨ ᠳᠤ ᠰᠠᠭᠤᠷᠢᠯᠠᠨ ᠡᠮᠴᠢᠯᠡᠭᠡᠨ ᠤ ᠠᠪᠤᠷᠠᠨ ᠵᠠᠰᠠᠬᠤ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ      ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ      ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠬᠢᠵᠢᠭᠦᠯᠦᠨ ᠬᠥᠭᠵᠢᠭᠦᠯᠦᠨ᠎ᠡ      ᠬᠤᠯᠪᠤᠭᠠᠯᠠᠨ ᠬᠥᠳᠡᠯᠦᠯᠴᠡᠬᠦ ᠬᠤᠯᠪᠤᠭᠠᠯᠠᠨ ᠵᠣᠬᠢᠴᠠᠭᠤᠯᠬᠤ ᠬᠤᠯᠪᠤᠭᠠᠯᠠᠨ ᠵᠠᠰᠠᠬᠤ ᠠᠵᠢᠯ ᠤᠨ ᠵᠠᠭᠪᠤᠷ ᠢ ᠪᠦᠷᠢᠨᠰᠢᠭᠦᠯᠵᠦ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ ᠦᠨᠳᠦᠰᠦᠨ ᠱᠠᠲᠤᠨ ᠳᠤ ᠨᠢ ᠨᠠᠮᠳᠠᠭᠤᠯᠬᠤ ᠪᠠᠷ ᠴᠢᠷᠮᠠᠶᠢᠨ᠎ᠠ      ᠶᠢᠰᠦ ᠳᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠬᠦᠴᠦᠯᠡᠵᠦ ᠪᠣᠳᠠᠲᠤ ᠦᠷ᠎ᠡ ᠪᠦᠲᠦᠮᠵᠢ ᠭᠠᠷᠭᠠᠨ᠎ᠠ      ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ      ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠠ      ᠠᠮᠤᠷ ᠠᠮᠤᠭᠤᠯᠠᠩ ᠤᠯᠠᠭᠠᠨᠬᠤᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ      ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ      ᠨᠢᠭᠡ ᠳᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ      ᠬᠤᠶᠠᠷ ᠲᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢ ᠰᠠᠶᠢᠳᠤᠷ ᠪᠠᠶᠢᠭᠤᠯᠤᠨ᠎ᠠ      ᠭᠤᠷᠪᠠ ᠳᠤ ᠭᠤᠣᠯ ᠬᠦᠭ ᠠᠶᠠᠰ ᠢ ᠪᠠᠷᠢᠮᠲᠠᠯᠠᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠴᠢᠩᠭᠠᠳᠬᠠᠨ᠎ᠠ
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号