ᠤᠯᠠᠭᠠᠨᠬᠤᠲᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠪᠠᠶᠢᠳᠠᠯ ᠢ ᠤᠭᠲᠤᠨ᠎ᠠ
ᠨᠡᠶᠢᠲᠡᠯᠡᠭᠰᠡᠨ ᠴᠠᠭ᠄
2023/2/23
       ᠤᠯᠠᠭᠠᠨᠬᠤᠲᠠ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠤᠷᠤᠯᠴᠠᠵᠤ᠂ 2022 ᠣᠨ ᠳᠤ 365 ᠲᠦᠷᠦᠯ ᠵᠦᠢᠯ ᠢ ᠵᠣᠯᠭᠠᠭᠤᠯᠤᠨ ᠶᠠᠷᠢᠯᠴᠠᠵᠤ᠂ 65 ᠠᠷᠠᠯᠵᠢᠶᠠᠴᠢᠨ ᠤᠷᠢᠬᠤ ᠲᠥᠷᠥᠯ ᠵᠦᠢᠯ ᠢ ᠣᠷᠤᠭᠤᠯᠤᠨ ᠠᠪᠴᠢᠷᠠᠭᠠᠳ 4 ᠳ᠋ᠥᠩᠰᠢᠭᠤᠷ ᠲᠦᠭᠦᠷᠢᠭ ᠤᠨ ᠭᠠᠶᠢᠯᠢ ᠶᠢᠨ ᠰᠦᠢᠳᠭᠡᠯ ᠢ ᠬᠠᠰᠤᠨ ᠬᠡᠯᠲᠦᠷᠢᠭᠦᠯᠵᠡᠢ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ 4.3 ᠲᠦᠮᠡᠨ ᠡᠷᠦᠬᠡ ᠪᠣᠯᠤᠨ ᠨᠡᠮᠡᠭᠳᠡᠵᠦ 16%  ᠪᠠᠷ ᠨᠡᠮᠡᠭᠳᠡᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ 168 ᠵᠣᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 70% ᠠᠴᠠ ᠳᠡᠭᠡᠭᠰᠢ ᠨᠡᠮᠡᠭᠳᠡᠵᠡᠢ᠃        2022 ᠣᠨ ᠳᠤ᠂ ᠤᠯᠠᠭᠠᠨᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 5000 ᠲᠦᠮᠡᠨ ᠲᠦᠭᠦᠷᠢᠭ ᠢ ᠪᠡᠶᠡᠯᠡᠭᠦᠯᠵᠦ 5% ᠪᠠᠷ ᠨᠡᠮᠡᠭᠳᠡᠵᠡᠢ᠃ 2023 ᠤᠨ ᠳᠤ᠂ ᠤᠯᠠᠭᠠᠨᠬᠤᠲᠠ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠠᠭᠤᠰᠤᠯᠴᠠᠵᠤ᠂ ᠴᠠᠩᠴᠦ᠋ᠨ ᠤ ᠠᠵᠤ ᠠᠬᠤᠢ ᠶᠢᠨ ᠲᠣᠭᠤᠷᠢᠭ ᠵᠡᠷᠭᠡ ᠡᠷᠬᠢᠨ ᠲᠣᠭᠤᠷᠢᠨ ᠤ ᠭᠠᠵᠠᠷ ᠣᠷᠤᠨ ᠲᠠᠢ ᠰᠢᠨ᠎ᠡ ᠶᠢ ᠡᠭᠦᠳᠦᠨ ᠬᠠᠮᠵᠢᠯᠴᠠᠬᠤ ᠪᠠᠨ ᠴᠢᠩᠭᠠᠳᠬᠠᠵᠤ᠂ ᠲᠡᠷᠢᠭᠦᠨ ᠳᠡᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠪᠦᠬᠦ ᠬᠦᠴᠦᠨ ᠢᠶᠠᠷ ᠡᠭᠦᠳᠴᠦ᠂ ︽12345︾ ᠬᠠᠮᠢᠶᠠᠷᠤᠯᠲᠠ ᠶᠢᠨ ᠲᠣᠭᠲᠠᠴᠠ ᠪᠠ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠶᠢ ᠦᠢᠯᠡᠴᠢᠯᠡᠨ ᠵᠢᠯᠤᠭᠤᠳᠬᠤ ᠲᠡᠶᠢᠰᠢ ᠬᠤᠪᠢᠷᠠᠬᠤ ᠶᠢ ᠠᠬᠢᠭᠤᠯᠤᠨ᠎ᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号