ᠤᠯᠠᠭᠠᠨᠬᠤᠲᠠ ᠶᠢᠨ ᠵᠤᠭᠠᠴᠠᠯ ᠤᠨ ᠦᠵᠡᠮᠵᠢᠲᠦ ᠣᠷᠤᠨ
ᠨᠡᠶᠢᠲᠡᠯᠡᠭᠰᠡᠨ ᠴᠠᠭ᠄
2023/2/24
       2022 ᠣᠨ ᠳᠤ᠂ ᠥᠪᠦᠷ ᠮᠣᠩᠭᠤᠯ ᠤᠨ ᠬᠢᠩᠭᠠᠨ ᠠᠶᠢᠮᠠᠭ ᠤᠨ ᠤᠯᠠᠭᠠᠨᠬᠤᠲᠠ ᠨᠢ ᠥᠪᠡᠷᠲᠡᠭᠡᠨ ᠵᠠᠰᠠᠬᠤ ᠣᠷᠤᠨ ᠤ ᠳᠡᠰ ᠤᠨ ᠣᠢ ᠰᠢᠭᠤᠢ ᠶᠢᠨ ᠬᠤᠲᠠ ᠪᠠᠷ ᠠᠮᠵᠢᠯᠲᠠ ᠲᠠᠢ ᠦᠨᠡᠯᠡᠭᠳᠡᠪᠡ᠃ ᠣᠬᠤᠷᠬᠠᠨ ᠬᠡᠳᠦᠨ ᠵᠢᠯ ᠤᠨ ᠳᠣᠲᠤᠷ᠎ᠠ᠂ ᠠᠷᠠᠳ ᠣᠯᠠᠨ ︽ᠴᠣᠩᠬᠤ ᠪᠠᠨ ᠨᠡᠭᠡᠬᠡᠪᠡᠯ ᠨᠤᠭᠤᠭᠠᠨ ᠥᠩᠭᠡ ᠶᠢ ᠣᠯᠵᠤ ᠬᠠᠷᠠᠬᠤ᠂ ᠭᠡᠷ ᠠᠴᠠ ᠭᠠᠷᠪᠠᠯ ᠭᠤᠶᠤ ᠦᠵᠡᠮᠵᠢ ᠤᠯᠵᠤ ᠰᠣᠨᠢᠷᠬᠠᠬᠤ︾ ᠶᠢ ᠪᠡᠶᠡᠯᠡᠭᠦᠯᠵᠦ᠂ ᠣᠯᠠᠮ ᠠᠴᠠ ᠤᠯᠠᠮ ᠣᠯᠠᠨ ᠲᠦᠮᠡᠨ ᠠᠮᠢ ᠠᠬᠤᠢ ᠶᠢᠨ ᠬᠡᠰᠢᠭ ᠪᠣᠶᠠᠨ ᠢ ᠬᠦᠷᠲᠡᠵᠦ᠂ ᠪᠦᠬᠦ ᠬᠤᠲᠠ ᠶᠢᠨ ︽ ᠣᠢ ᠰᠢᠭᠤᠢ ᠶᠢᠨ ᠬᠤᠲᠠ ᠶᠢ ᠡᠭᠦᠳᠦᠨ ᠪᠠᠶᠢᠭᠤᠯᠬᠤ︾ ᠠᠵᠢᠯ ᠰᠢᠯᠢᠳᠡᠭ ᠬᠠᠭᠤᠳᠠᠰᠤ ᠶᠢ ᠪᠢᠴᠢᠭᠯᠡᠵᠦ ᠪᠠᠶᠢᠨ᠎ᠠ᠃
       ᠣᠳᠤᠬᠠᠨ ᠳᠤ᠂ ᠤᠯᠠᠭᠠᠨᠬᠤᠲᠠ ᠶᠢᠨ ᠤᠢ ᠰᠢᠭᠤᠢ ᠶᠢᠨ ᠪᠦᠷᠬᠦᠴᠡ ᠶᠢᠨ ᠲᠠᠯᠠᠪᠠᠢ 44.52 ᠲᠦᠮᠡᠨ ᠮᠤ᠋ ᠳᠤ ᠬᠦᠷᠴᠦ᠂ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠤᠷᠢᠭ ᠠᠴᠠ ᠭᠠᠳᠠᠨᠡᠬᠢ ᠣᠢ ᠰᠢᠭᠤᠢ ᠶᠢᠨ ᠪᠦᠷᠬᠦᠴᠡ ᠶᠢᠨ ᠨᠣᠷᠮ᠎ᠠ 34.15% ᠳᠤ ᠬᠦᠷᠴᠡᠢ᠃ ᠣᠢ ᠰᠢᠭᠤᠢ ᠠᠭᠠᠵᠢᠮ ᠢᠶᠠᠷ ᠤᠰᠤ᠂ ᠵᠠᠮ ᠲᠠᠢ ᠠᠭᠤᠰᠤᠯᠴᠠᠨ᠂ ᠲᠠᠷᠢᠶ᠎ᠠ ᠲᠦᠮᠦᠰᠦ᠂ ᠭᠠᠴᠠᠭ᠎ᠠ ᠲᠤᠰᠬᠤᠨ᠂ ᠬᠤᠲᠠ ᠪᠠᠯᠭᠠᠰᠤ ᠲᠠᠢ ᠠᠭᠤᠰᠤᠯᠴᠠᠵᠤ᠂ ᠣᠢ ᠰᠢᠭᠤᠢ ᠢᠭᠴᠤ ᠰᠠᠬᠤᠯᠢᠭ ᠠᠮᠤ ᠪᠤᠳᠠᠭ᠎ᠠ ᠡᠯᠪᠡᠭ ᠬᠤᠷᠢᠶᠠᠯᠲᠠ ᠲᠠᠢ᠂ ᠬᠥᠮᠦᠨ ᠠᠷᠠᠳ ᠣᠢ ᠰᠢᠭᠤᠢ ᠬᠠᠮᠲᠤ ᠪᠠᠷ ᠬᠥᠭᠵᠢᠬᠦ ᠭᠤᠶᠢᠳᠠ ᠰᠠᠶᠢᠬᠠᠨ ᠵᠢᠷᠤᠭ ᠢ ᠵᠢᠷᠤᠭᠯᠠᠵᠠᠢ᠃ ᠨᠣᠭᠤᠭᠠᠨ ᠥᠩᠭᠡ᠂ ᠪᠦᠬᠦ ᠬᠤᠲᠠ ᠶᠢᠨ ᠬᠠᠮᠤᠭ ᠬᠢᠯᠠᠰ ᠨᠡᠷ᠎ᠡ ᠶᠢᠨ ᠬᠠᠭᠤᠳᠠᠰᠤ ᠪᠣᠯᠵᠤ᠂ ᠠᠮᠢ ᠠᠬᠤᠢ ᠶᠠᠭ ᠪᠦᠬᠦ ᠬᠤᠲᠠ ᠶᠢᠨ ᠬᠠᠮᠤᠭ ᠨᠠᠨᠳᠢᠨ ᠥᠪ ᠬᠥᠷᠦᠩᠭᠡ ᠪᠣᠯᠵᠤ ᠪᠣᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号