ᠤᠯᠠᠭᠠᠨᠬᠤᠳᠠ ᠶᠢᠨ ᠵᠤᠭᠠᠴᠠᠯ ᠦᠨᠡᠬᠡᠷ ᠬᠦᠭᠵᠢᠶᠡᠨ ᠲᠠᠢ ᠪᠠᠶᠢᠨ᠎ᠠ
ᠨᠡᠶᠢᠲᠡᠯᠡᠭᠰᠡᠨ ᠴᠠᠭ᠄
2023/2/8
       ᠴᠠᠭᠠᠨ ᠰᠠᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠴᠡᠴᠡᠷᠯᠢᠭ ᠤᠨ ᠵᠤᠭᠠᠴᠠᠯ᠂ ᠮᠥᠰᠥ ᠴᠠᠰᠤᠨ ᠤ ᠵᠤᠭᠠᠴᠠᠯ᠂ ᠰᠣᠶᠣᠯ ᠤᠨ ᠵᠤᠭᠠᠴᠠᠯ ᠨᠢ ᠥᠷᠭᠡᠨ ᠤᠯᠠᠨ ᠬᠤᠳᠠ ᠶᠢᠨ ᠠᠷᠠᠳ᠂ ᠵᠤᠭᠠᠴᠠᠭᠰᠠᠳ ᠤᠨ ᠲᠡᠷᠢᠭᠦᠨ ᠰᠣᠩᠭᠤᠯᠲᠠ ᠪᠣᠯᠵᠤ᠂ ᠵᠤᠭᠠᠴᠠᠯ ᠤᠨ ᠦᠵᠡᠮᠵᠢ ᠶᠢᠨ ᠣᠷᠣᠨ᠂ ᠵᠤᠭ᠎ᠠ ᠴᠡᠩᠭᠡᠯ ᠤᠨ ᠭᠠᠵᠠᠷ ᠵᠠᠯᠭᠠᠭ᠎ᠠ ᠪᠠᠷ ᠴᠠᠭᠠᠨ ᠰᠠᠷ᠎ᠠ ᠶᠢᠨ ᠵᠤᠭᠠᠴᠠᠯ ᠤᠨ ᠠᠶᠠᠨᠴᠢᠳ ᠤᠨ ᠤᠷᠬᠢᠯ ᠬᠤᠭᠤᠴᠠᠭ᠎ᠠ ᠶᠢ ᠤᠭᠲᠤᠨ ᠠᠪᠴᠢᠷᠠᠭᠠᠳ ᠵᠤᠭᠠᠴᠠᠯ ᠤᠨ ᠵᠠᠬ᠎ᠠ ᠳᠡᠯᠭᠡᠭᠦᠷ ᠢ ᠬᠦᠭᠵᠢᠶᠡᠨ ᠲᠠᠢ ᠪᠤᠯᠭᠠᠵᠠᠢ᠃
       ᠤᠯᠠᠭᠠᠨᠬᠤᠲᠠ ᠶᠢᠨ ᠴᠢᠩᠭᠢᠰ ᠬᠠᠭᠠᠨ ᠤ ᠴᠡᠴᠡᠷᠯᠢᠭ ᠲᠤ ᠬᠥᠮᠥᠰ ᠨᠠᠭᠠᠰᠢ ᠴᠠᠭᠠᠰᠢ ᠶᠠᠪᠤᠵᠤ᠂ ᠬᠥᠷ ᠨᠠᠷᠭᠢᠶᠠᠨ ᠢᠶᠠᠷ ᠪᠢᠯᠬᠠᠵᠤ ᠪᠠᠶᠢᠯ᠎ᠠ᠃ ᠨᠠᠷᠢᠨ ᠨᠢᠮᠪᠠᠢ ᠪᠠᠶᠢᠷᠢᠯᠠᠭᠤᠯᠤᠭᠰᠠᠨ ᠴᠠᠭᠠᠨ ᠰᠠᠷ᠎ᠠ   ᠶᠢᠨ ᠦᠵᠡᠮᠵᠢ ᠨᠢ ᠦᠢ ᠣᠯᠠᠨ ᠵᠤᠭᠠᠴᠠᠭᠰᠠᠳ ᠤᠨ ᠬᠦᠷᠢᠶᠡᠯᠡᠯ ᠢ ᠣᠯᠪᠠ᠃ ︽ᠬᠠᠨ ᠠᠭᠤᠯᠠ ᠴᠡᠴᠡᠷᠯᠢᠭ ᠪᠣᠯ ᠮᠠᠨ ᠤ ᠤᠯᠠᠭᠠᠨᠬᠤᠲᠠ ᠶᠢᠨ ᠴᠢᠬᠤᠯᠠ ᠦᠵᠡᠮᠵᠢ ᠶᠢᠨ ᠣᠷᠣᠨ ᠪᠣᠯᠣᠨ᠎ᠠ᠂ ᠪᠢ ᠭᠡᠷ ᠤᠨ ᠬᠥᠮᠥᠰ ᠲᠠᠢ ᠪᠠᠨ ᠦᠷᠭᠦᠯᠵᠢ ᠢᠷᠡᠳᠡᠭ᠂ ᠣᠷᠴᠢᠨ ᠲᠣᠭᠤᠷᠢᠨ ᠰᠠᠶᠢᠬᠠᠨ ᠮᠥᠷᠲᠡᠭᠡᠨ ᠦᠵᠡᠮᠵᠢ ᠨᠢ ᠴᠦ  ᠭᠤᠶᠤᠬᠠᠨ ᠪᠠᠶᠢᠳᠠᠭ᠂ ᠡ᠊ᠡᠳᠡ ᠢᠷᠡᠵᠤ ᠲᠣᠭᠤᠷᠢᠪᠠᠯ ᠰᠡᠳᠬᠢᠯ ᠰᠠᠨᠠᠭ᠎ᠠ ᠰᠡᠷᠭᠦᠵᠦ ᠮᠠᠰᠢ ᠪᠠᠶᠠᠷᠲᠠᠢ ᠪᠣᠯᠤᠨ᠎ᠠ︾ ᠭᠡᠵᠦ ᠵᠤᠭᠠᠴᠠᠭᠴᠢ ᠶᠠᠩ ᠹᠧᠩ ᠶᠢᠩ ᠬᠡᠯᠡᠪᠡ᠃
       ᠡᠪᠦᠯ ᠤᠨ ᠬᠠᠬᠢᠷ ᠬᠦᠢᠲᠡᠨ ᠳᠠᠬᠢ᠂ ᠬᠥᠮᠥᠰ ᠤᠨ ᠮᠥᠰᠥ ᠴᠠᠰᠤᠨ ᠤ ᠳᠤᠮᠳᠠ ᠠᠴᠠ ᠪᠠᠶᠠᠷ ᠪᠠᠶᠠᠰᠤᠯ ᠤᠨ ᠬᠠᠯᠠᠭᠤᠨ ᠰᠡᠳᠬᠢᠯᠭᠡ ᠶᠢ ᠡᠷᠢᠯᠬᠢᠯᠡᠬᠦ ᠶᠢ ᠬᠤᠷᠢᠭᠯᠠᠵᠤ ᠳᠡᠶᠢᠯᠬᠦ ᠦᠭᠡᠢ᠂ ᠤᠯᠠᠭᠠᠨᠬᠤᠲᠠ ᠶᠢᠨ ᠲᠤᠭᠤᠷ ᠤᠨ ᠭᠤᠤᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ᠂ ᠴᠠᠰᠤᠨ ᠴᠠᠭᠠᠷᠢᠭ᠂ ᠮᠥᠰᠥᠨ ᠳᠡᠭᠡᠷᠡᠬᠢ ᠳᠤᠭᠤᠢ ᠲᠡᠷᠭᠡ᠂ ᠮᠥᠰᠥᠨ ᠳᠡᠭᠡᠷᠡᠬᠢ ᠯᠤᠤᠲᠤ ᠣᠩᠭᠤᠴᠠ ᠵᠡᠷᠭᠡ ᠪᠠᠶᠠᠯᠢᠭ ᠰᠠᠶᠢᠬᠠᠨ ᠮᠥᠰᠥᠨ ᠳᠡᠭᠡᠷᠡᠬᠢ ᠵᠤᠭ᠎ᠠ ᠴᠡᠩᠭᠡᠯ ᠤᠨ ᠲᠦᠷᠦᠯ ᠵᠦᠢᠯ ᠨᠢ ᠵᠤᠭᠠᠴᠠᠨ ᠨᠠᠭᠠᠳᠬᠤ ᠪᠠᠷ ᠢᠷᠡᠭᠰᠡᠨ ᠬᠤᠳᠠ ᠶᠢᠨ ᠠᠷᠠᠳ ᠲᠤ ᠬᠢᠵᠠᠭᠠᠯᠠᠰᠢ ᠦᠭᠡᠢ ᠮᠥᠰᠥ ᠴᠠᠰᠤᠨ ᠤ ᠵᠤᠭ᠎ᠠ ᠴᠡᠩᠭᠡᠯ ᠢ ᠠᠪᠴᠢᠷᠠᠵᠤ ᠥᠭᠴᠡᠢ᠃
       ︽ᠡ᠊ᠡᠳᠡ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠪᠠᠶᠢᠬᠤ ᠶᠢ ᠮᠡᠳᠡᠭᠰᠡᠨ ᠤ ᠳᠠᠷᠠᠭ᠎ᠠ᠂ ᠪᠢ ᠳᠠᠷᠤᠶᠢᠬᠠᠨ ᠭᠡᠷ ᠤᠨ ᠬᠥᠮᠥᠰ ᠪᠣᠯᠣᠨ ᠬᠡᠦᠬᠡᠳ ᠢᠶᠠᠨ ᠳᠠᠭᠠᠭᠤᠯᠤᠨ ᠨᠠᠭᠠᠳᠬᠤ ᠪᠠᠷ ᠢᠷᠡᠭᠰᠡᠨ ᠶᠤᠮ᠂ ᠡᠨᠡ ᠲᠠᠯᠠᠪᠤᠷ ᠮᠠᠰᠢ ᠶᠡᠭᠡ᠂ ᠵᠤᠭ᠎ᠠ ᠴᠡᠩᠭᠡᠯ ᠤᠨ ᠵᠦᠢᠯᠡᠰ ᠴᠦ ᠣᠯᠠᠨ ᠪᠠᠶᠢᠵᠤ᠂ ᠮᠠᠨ ᠤ ᠭᠡᠷ ᠪᠦᠯᠢ ᠪᠠᠷ ᠢᠶᠠᠨ ᠮᠠᠰᠢ ᠪᠠᠶᠠᠷ ᠬᠥᠷ ᠲᠠᠢ ᠨᠠᠭᠠᠳᠴᠠᠢ︾ ᠭᠡᠵᠦ ᠵᠤᠭᠠᠴᠠᠭᠴᠢ ᠰᠢᠤᠸᠠᠢ ᠬᠠᠨ ᠬᠡᠯᠡᠪᠡ᠃
       ᠥᠷᠭᠡᠨ ᠠᠭᠤᠳᠠᠮ ᠲᠠᠯᠠᠪᠠᠢ ᠲᠠᠢ ᠤᠯᠠᠭᠠᠨᠬᠤᠲᠠ ᠶᠢᠨ ᠬᠤᠷᠳᠤᠴᠠ ᠮᠥᠷᠥᠶᠢᠴᠡᠬᠦ ᠵᠤᠭ᠎ᠠ ᠴᠡᠩᠭᠡᠯ ᠤᠨ ᠰᠠᠭᠤᠷᠢᠨ ᠭᠠᠵᠠᠷ ᠤᠨ ᠦᠰᠦᠷᠬᠢᠯᠡᠭᠦᠷ ᠤᠨ ᠴᠡᠴᠡᠷᠯᠢᠭ ᠤᠨ ᠦᠰᠦᠷᠬᠢᠯᠡᠭᠦᠷ ᠳᠡᠪᠢᠰᠬᠡᠷ᠂ ᠭᠡᠨᠡᠨ ᠢᠶᠠᠷ ᠪᠣᠭᠤᠮᠲᠠ ᠰᠢᠪᠲᠤᠯᠬᠤ ᠵᠡᠷᠭᠡ ᠵᠤᠭ᠎ᠠ ᠴᠡᠩᠭᠡᠯ ᠤᠨ ᠲᠣᠭᠤᠷᠢᠭ ᠲᠤ ᠪᠢᠴᠢᠬᠠᠨ ᠨᠠᠶᠢᠵᠠ ᠨᠠᠷ ᠮᠠᠰᠢ ᠪᠠᠶᠠᠷ ᠬᠦᠷ ᠲᠠᠢ ᠨᠠᠭᠠᠳᠴᠤ ᠪᠠᠶᠢᠯ᠎ᠠ᠃ ᠤᠯᠠᠭᠠᠨᠬᠤᠲᠠ ᠶᠢᠨ ᠬᠤᠷᠳᠤᠴᠠ ᠮᠥᠷᠥᠶᠢᠴᠡᠬᠦ ᠵᠤᠭ᠎ᠠ ᠴᠡᠩᠭᠡᠯ ᠤᠨ ᠰᠠᠭᠤᠷᠢᠨ ᠭᠠᠵᠠᠷ ᠤᠨ ᠳᠠᠭᠠᠭᠠᠮᠠᠯ ᠯᠢ ᠶᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠷᠳᠤᠴᠠ ᠮᠥᠷᠥᠶᠢᠴᠡᠬᠦ ᠵᠤᠭ᠎ᠠ ᠴᠡᠩᠭᠡᠯ ᠤᠨ ᠰᠠᠭᠤᠷᠢᠨ ᠭᠠᠵᠠᠷ ᠲᠤ ᠨᠡᠶᠢᠲᠡ 4 ᠲᠠᠯᠠᠪᠠᠶ ᠣᠷᠳᠣᠨ ᠪᠣᠶ᠂ ᠡᠭᠦᠨ ᠳᠤ ᠺᠠᠷᠲ᠋ᠢᠩ ᠲᠡᠷᠭᠡᠨ ᠤ ᠣᠷᠳᠣᠨ᠂ ᠲᠠᠮᠢᠷ ᠤᠨ ᠴᠡᠴᠡᠷᠯᠢᠭ᠂ ᠦᠰᠦᠷᠬᠢᠯᠡᠭᠦᠷ ᠤᠨ ᠴᠡᠴᠡᠷᠯᠢᠭ ᠵᠢᠴᠢ ᠭᠡᠷ ᠪᠦᠯᠢ ᠶᠢᠨ ᠴᠡᠩᠭᠡᠯ ᠤᠨ ᠬᠦᠷᠢᠶᠡᠯᠡᠩ ᠪᠠᠭᠲᠠᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ ᠠᠶᠠᠨᠴᠢᠳ ᠤᠨ ᠲᠤᠭ᠎ᠠ ᠡᠳᠦᠷ ᠪᠦᠷᠢ 400 ᠬᠥᠮᠥᠨ ᠤᠳᠠᠭ᠎ᠠ ᠳᠤ ᠬᠦᠷᠴᠡᠢ᠃
       ᠴᠠᠭᠠᠨ ᠰᠠᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠵᠤᠭᠠᠴᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨ ᠲᠠᠢ ᠪᠠᠶᠢᠵᠤ᠂ ᠵᠤᠭᠠᠴᠠᠭᠰᠠᠳ ᠢ ᠭᠥᠯᠢᠶᠡᠨ ᠠᠪᠤᠭᠰᠠᠨ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ ᠢᠯᠡᠳᠲᠡ ᠨᠡᠮᠡᠭᠳᠡᠵᠡᠢ᠃ ᠪᠢᠲᠡᠭᠦᠨ ᠠᠴᠠ ᠨᠠᠰᠢ᠂ ᠪᠥᠬᠦ ᠬᠤᠲᠠ ᠶᠢᠨ ᠵᠤᠭᠠᠴᠠᠯ ᠤᠨ ᠪᠥᠬᠦ ᠬᠥᠮᠥᠨ ᠤ ᠲᠤᠭ᠎ᠠ 50 ᠭᠠᠷᠤᠢ ᠲᠦᠮᠡᠨ ᠬᠥᠮᠥᠨ ᠤᠳᠠᠭ᠎ᠠ ᠳᠤ ᠬᠦᠷᠴᠡᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号