| ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ | ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠵᠦ᠂ ᠲᠠᠯ᠎ᠠ | ᠨᠤᠲᠤᠭ ᠤᠨ ᠮᠠᠯ ᠠᠵᠤ ᠠᠬᠤᠢ ᠶᠢᠨ ᠬᠥᠭᠵᠢᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠵᠣᠬᠢᠴᠠᠩᠭᠤᠢ ᠪᠠᠷ | ᠬᠠᠮᠲᠤᠪᠠᠷ ᠠᠰᠢᠭ ᠬᠦᠷᠲᠡᠬᠦ ᠶᠢ ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠥᠨᠵᠢᠭᠦᠯᠵᠦ ᠮᠠᠯᠯᠠᠬᠤ ᠳᠦᠷᠢᠮ︾ | ᠂ ︽︿ᠬᠢᠩᠭᠠᠨ ᠠᠶᠢᠮᠠᠭ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠵᠤ ᠥᠨᠵᠢᠭᠦᠯᠵᠦ ᠮᠠᠯᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠥᠰᠥᠯ﹀ ᠢ ᠳᠠᠷᠤᠮᠠᠯᠯᠠᠨ | ᠲᠠᠷᠬᠠᠭᠠᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ | ᠥᠨᠵᠢᠭᠦᠯᠵᠦ ᠮᠠᠯᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠡᠳᠦᠭᠡ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠦᠬᠦᠢ ᠤᠴᠢᠷ ᠢ | ᠳᠣᠣᠷᠠᠬᠢ ᠮᠡᠲᠦ ᠵᠠᠷᠯᠠᠶ᠎ᠠ᠄ | ᠨᠢᠭᠡ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠤᠪᠢᠶᠠᠷᠢᠯᠠᠨ | ᠲᠣᠭᠲᠠᠭᠠᠯᠲᠠ | ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠤᠪᠢᠶᠠᠷᠢᠯᠠᠨ ᠲᠣᠭᠲᠠᠭᠠᠬᠤ | ᠬᠡᠪᠴᠢᠶ᠎ᠡ᠄ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠬᠤ ᠡᠷᠬᠡ ᠶᠢ | ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ᠂ ᠤᠯᠤᠰ ᠤᠨ ᠭᠠᠵᠠᠷ ᠰᠢᠷᠣᠢ ᠶᠢᠨ ︽ᠭᠤᠷᠪᠠ ᠶᠢ ᠲᠣᠬᠢᠷᠠᠭᠤᠯᠬᠤ︾ | ᠬᠡᠪᠴᠢᠶᠡᠨ ᠳᠣᠲᠣᠷᠠᠬᠢ ᠪᠡᠯᠴᠢᠭᠡᠷ᠃ | ᠬᠤᠶᠠᠷ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠮᠢᠶᠠᠷᠤᠯᠲᠠ | ︵ᠨᠢᠭᠡ︶ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠃ ᠮᠠᠨ ᠤ ᠬᠤᠲᠠ ᠪᠣᠯ | ᠣᠶᠢᠷ᠎ᠠ ᠲᠡᠭᠦᠷᠭᠡ ᠶᠢᠨ ᠲᠠᠷᠢᠶᠠᠯᠠᠩ ᠤᠨ ᠬᠡᠯᠪᠡᠷᠢ ᠶᠢᠨ ᠬᠤᠲᠠ ᠳᠤ ᠬᠠᠷᠢᠶᠠᠯᠠᠭᠳᠠᠵᠤ᠂ ᠪᠥᠬᠦ ᠵᠢᠯ ᠳᠤ ᠪᠥᠬᠦ ᠣᠷᠣᠨ | ᠪᠦᠰᠡ ᠪᠠᠷ ᠢᠶᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠮᠠᠯ ᠢ ᠪᠥᠬᠦ ᠵᠢᠯ ᠳᠤ ᠬᠠᠰᠢᠶᠠᠯᠠᠨ | ᠲᠡᠵᠢᠭᠡᠵᠦ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠵᠤ᠂ ᠰᠥᠨᠢ ᠪᠠᠷ ᠮᠠᠯᠵᠢᠬᠤ᠂ | ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ ᠡᠯ᠎ᠡ ᠪᠠᠯᠭᠠᠰᠤ ︵ᠬᠦᠷᠢᠶᠡᠯᠡᠩ ᠲᠣᠭᠤᠷᠢᠭ | ︶᠂ ᠲᠠᠷᠢᠶᠠᠯᠠᠩ ᠳᠤ ᠬᠤᠯᠪᠣᠭᠳᠠᠬᠤ ᠬᠡᠷᠡᠭ ᠡᠷᠬᠢᠯᠡᠬᠦ ᠭᠠᠵᠠᠷ᠂ ᠮᠠᠯᠵᠢᠯ ᠤᠨ ᠲᠠᠯᠠᠪᠠᠶ ᠨᠤᠭᠤᠳ ᠢᠯᠡᠷᠬᠡᠢ ᠭᠠᠵᠠᠷ ᠲᠤ | ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠦᠬᠦᠢ ᠲᠡᠮᠳᠡᠭ ᠢ ᠪᠠᠶᠢᠷᠢᠯᠠᠭᠤᠯᠵᠤ᠂ ᠤᠷᠢᠳᠴᠢᠯᠠᠨ ᠠᠷᠭ᠎ᠠ | ᠰᠦᠪᠡᠭᠴᠢᠯᠡᠵᠦ᠂ ᠲᠡᠵᠢᠭᠡᠯ ᠡᠪᠡᠰᠦ ᠪᠣᠷᠳᠤᠭ᠎ᠠ ᠶᠢ ᠲᠣᠬᠢᠷᠠᠭᠤᠯᠤᠨ ᠬᠤᠳᠠᠯᠳᠤᠨ ᠠᠪᠬᠤ ᠪᠠ ᠨᠥᠭᠡᠴᠡᠯᠡᠬᠦ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ︵ᠬᠤᠶᠠᠷ︶ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠨ᠎ᠠ᠃ ᠤᠷᠭᠤᠮᠠᠯ ᠤᠨ ᠬᠤᠴᠢᠯᠭ᠎ᠠ ᠨᠡᠯᠢᠶᠡᠳ | ᠰᠠᠶᠢᠨ ᠰᠡᠷᠭᠦᠭᠡᠭᠰᠡᠨ ᠪᠤᠶᠤ ᠡᠪᠡᠰᠦ ᠬᠠᠳᠤᠵᠤ ᠠᠰᠢᠭᠯᠠᠬᠤ ᠶᠢ ᠪᠦᠷᠢᠳᠦᠭᠦᠯᠦᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠤᠢ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ | ᠡᠪᠡᠰᠦ ᠬᠠᠳᠤᠬᠤ ᠬᠤᠭᠤᠴᠠᠭ᠎ᠠ᠂ ᠦᠷ᠎ᠡ ᠲᠡᠭᠦᠬᠦ ᠬᠤᠭᠤᠴᠠᠭ᠎ᠠ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠂ | ᠬᠠᠳᠤᠬᠤ ᠬᠦᠴᠦᠯᠡᠴᠡ᠂ ᠡᠭᠡᠯᠵᠢᠯᠡᠨ ᠬᠠᠳᠤᠵᠤ ᠡᠭᠡᠯᠵᠢᠯᠡᠨ ᠲᠡᠭᠦᠬᠦ᠂ ᠡᠪᠡᠰᠦᠨ ᠦᠷ᠎ᠡ ᠦᠯᠡᠳᠡᠭᠡᠬᠦ ᠪᠦᠰᠡ ᠵᠡᠷᠭᠡ | ᠬᠠᠮᠢᠶ᠎ᠠ ᠪᠦᠬᠦᠢ ᠮᠡᠷᠭᠡᠵᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ | ︵ᠭᠤᠷᠪᠠ︶ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠭᠰᠡᠳ ᠢ ᠰᠢᠳᠬᠡᠨ ᠲᠣᠷᠭᠠᠨ᠎ᠠ᠃ | ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠭᠦᠯᠵᠦ ᠪᠠᠶᠢᠭ᠎ᠠ ᠪᠠᠶᠢᠳᠠᠯ ᠢ | ᠣᠯᠵᠤ ᠮᠡᠳᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠥᠨᠵᠢᠭᠦᠯᠵᠦ ᠮᠠᠯᠯᠠᠬᠤ ᠳᠦᠷᠢᠮ︾ ᠤᠨ ᠭᠤᠴᠢᠨ ᠲᠠᠪᠤᠳᠤᠭᠠᠷ | ᠵᠦᠢᠯ ᠤᠨ ᠲᠣᠭᠲᠠᠭᠠᠯ ᠢ ᠦᠨᠳᠦᠰᠦᠯᠡᠨ᠂ ᠬᠠᠷᠢᠶ᠎ᠠ ᠭᠠᠵᠠᠷ ᠤᠨ ᠪᠠᠯᠭᠠᠰᠤ ︵ᠬᠦᠷᠢᠶᠡᠯᠡᠩ ᠲᠣᠭᠤᠷᠢᠭ︶ ᠶᠢᠨ | ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠶᠢ ᠵᠥᠷᠢᠴᠡᠨ ᠬᠤᠨᠢ ᠬᠠᠷᠢᠭᠤᠯᠬᠤ | ᠨᠢᠭᠡᠴᠢ ᠨᠢᠭᠡᠪᠦᠷᠢ ᠶᠢ 120 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠤᠯᠠᠨ ᠲᠦᠮᠡᠨ ᠢ | ᠵᠣᠷᠢᠭᠤᠳᠠ ᠥᠳᠥᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠵᠤ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ | ᠲᠠᠯᠠᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠠᠯᠪᠠᠨ ᠠᠵᠢᠯ ᠢ ᠬᠠᠷᠰᠢᠯᠠᠭᠰᠠᠨ ᠶᠠᠯ᠎ᠠ᠂ ᠴᠠᠭᠳᠠᠭ᠎ᠠ ᠶᠢ | ᠳᠠᠭᠠᠷᠢᠭᠰᠠᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ ᠶᠣᠰᠣᠭᠠᠷ ᠰᠢᠳᠬᠡᠬᠦ ᠲᠣᠭᠲᠠᠭᠠᠯ | ᠭᠠᠷᠭᠠᠵᠤ᠂ ᠲᠤᠬᠠᠢ ᠶᠢᠨ ᠬᠥᠮᠥᠨ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠲᠠᠬᠢᠨ | ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠷᠭᠤᠯᠳᠤᠬᠤ ᠦᠭᠡᠢ ᠮᠥᠷᠲᠡᠭᠡᠨ ᠪᠠᠰᠠ ᠭᠦᠢᠴᠡᠳᠬᠡᠬᠦ ᠦᠭᠡᠢ | ᠪᠠᠶᠢᠪᠠᠯ᠂ ᠰᠢᠳᠬᠡᠬᠦ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠨ | ᠭᠦᠢᠴᠡᠳᠬᠡᠭᠦᠯᠦᠨ᠎ᠡ᠃ ᠬᠠᠤᠯᠢ ᠴᠠᠭᠠᠵᠠ ᠰᠠᠬᠢᠯᠭ᠎ᠠ ᠪᠠᠲᠤ ᠶᠢ ᠦᠯᠦ ᠬᠠᠶᠢᠬᠤᠷᠤᠨ᠂ ᠣᠯᠠᠨᠲᠠ ᠴᠠᠭᠠᠵᠠᠯᠠᠪᠠᠴᠤ | ᠦᠯᠦ ᠵᠣᠭᠰᠣᠬᠤ ᠬᠤᠯᠠᠭᠠᠶᠢᠯᠠᠨ ᠮᠠᠯᠯᠠᠭᠰᠠᠳ ᠢ ᠬᠠᠤᠯᠢ ᠶᠣᠰᠣᠭᠠᠷ ᠳᠠᠬᠢᠨ ᠢᠶᠠᠷ ᠰᠢᠳᠬᠡᠨ᠎ᠡ᠃ | ᠭᠤᠷᠪᠠ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ | ︵ᠨᠢᠭᠡ︶ ᠨᠤᠲᠤᠭ ᠪᠡᠯᠴᠢᠭᠡᠷ ᠤᠨ ᠲᠤᠤᠷᠵᠢᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ | ᠪᠠᠯᠭᠠᠰᠤ ᠭᠠᠴᠠᠭ᠎ᠠ ᠲᠣᠰᠬᠤᠨ ᠤ ᠱᠠᠲᠤᠨ ᠤ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ | ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 15 ᠲᠦᠮᠡᠨ ᠮᠦ | ᠪᠦᠷᠢ ᠳᠤ ᠨᠢᠭᠡ ᠲᠣᠥᠷᠵᠢᠭᠤᠯᠤᠭᠴᠢ ︵ᠬᠠᠮᠢᠶᠠᠷᠤᠨ ᠬᠠᠮᠠᠭᠠᠯᠠᠭᠴᠢ︶ ᠪᠠᠷ ᠣᠶ ᠰᠢᠭᠤᠢ ᠨᠤᠲᠤᠭ ᠪᠡᠯᠴᠢᠭᠡᠷ ᠤᠨ | ᠬᠠᠮᠢᠶᠠᠷᠤᠨ ᠬᠠᠮᠠᠭᠠᠯᠠᠭᠴᠢ ᠶᠢ ᠲᠣᠬᠢᠷᠠᠭᠤᠯᠤᠨ ᠨᠡᠶᠢᠯᠡᠭᠦᠯᠵᠦ ᠲᠣᠬᠢᠷᠠᠭᠤᠯᠤᠨ᠂ ︽ᠲᠠᠰ ᠲᠣᠭᠲᠠᠭᠠᠬᠤ᠂ | ᠠᠵᠢᠯᠲᠠᠨ ᠤ ᠲᠤᠭ᠎ᠠ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠶᠢ ᠨᠠᠶᠢᠳᠠᠪᠤᠷᠢᠵᠢᠭᠤᠯᠵᠤ᠂ ᠬᠢᠨᠠᠨ | ᠬᠠᠮᠢᠶᠠᠷᠬᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠤᠲᠠ᠂ ᠪᠠᠯᠭᠠᠰᠤ ︵ᠬᠦᠷᠢᠶᠡᠯᠡᠩ | ᠲᠣᠭᠤᠷᠢᠭ᠂ ᠬᠡᠷᠡᠭ ᠡᠷᠬᠢᠯᠡᠬᠦ ᠭᠠᠵᠠᠷ᠂ ᠮᠠᠯᠵᠢᠯ ᠤᠨ ᠲᠠᠯᠠᠪᠠᠶ︶᠂ ᠭᠠᠴᠠᠭ᠎ᠠ ᠲᠣᠰᠬᠤᠨ ᠭᠤᠷᠪᠠᠨ ᠱᠠᠲᠤᠨ ᠤ | ᠬᠠᠮᠢᠶᠠᠷᠴᠤ ᠬᠠᠮᠠᠭᠠᠯᠠᠬᠤ ᠲᠣᠣᠷᠵᠢᠯ ᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠤᠨ ᠠᠮᠢ ᠠᠬᠤᠢ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠨ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠲᠣᠣᠷᠵᠢᠯ ᠤᠨ ᠳᠣᠲᠣᠷᠠᠬᠢ | ᠬᠠᠮᠢᠶᠠᠷᠤᠯᠲᠠ ᠳᠤ ᠣᠷᠣᠭᠤᠯᠵᠤ᠂ ᠲᠣᠭᠠᠴᠢᠯᠠᠭᠰᠠᠨ ᠬᠠᠮᠢᠶᠠᠷᠤᠯᠲᠠ᠂ ᠲᠣᠣᠷᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠬᠠᠤᠯᠢ ᠳᠦᠷᠢᠮᠵᠢᠭᠦᠯᠦᠨ ᠵᠢᠷᠤᠮᠵᠢᠭᠤᠯᠬᠤ ᠶᠢ ᠤᠯᠠᠮ ᠨᠢᠭᠡ ᠠᠯᠬᠤᠮ ᠪᠡᠶᠡᠯᠡᠭᠦᠯᠦᠨ᠎ᠡ᠃ | ᠪᠠᠯᠭᠠᠰᠤ ᠭᠠᠴᠠᠭ᠎ᠠ ᠲᠣᠰᠬᠤᠨ ᠤ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢᠳ ᠳᠣᠣᠷ᠎ᠠ | ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠢ᠄ | 1. ᠬᠠᠮᠢᠶᠠᠷᠴᠤ ᠬᠠᠮᠠᠭᠠᠯᠠᠬᠤ ᠣᠷᠣᠨ ᠤ ᠨᠤᠲᠤᠭ ᠪᠡᠯᠴᠢᠭᠡᠷ ᠢ ᠲᠣᠭᠤᠷᠢᠨ ᠪᠠᠶᠢᠴᠠᠭᠠᠵᠤ᠂ ᠨᠤᠲᠤᠭ | ᠪᠡᠯᠴᠢᠭᠡᠷ ᠤᠨ ᠬᠡᠷᠡᠭᠯᠡᠭᠴᠢ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠶᠢᠨ ᠮᠠᠯ ᠤᠨ ᠲᠤᠭ᠎ᠠ ᠬᠡᠮᠵᠢᠶ᠎ᠡ ᠶᠢ | ᠡᠵᠡᠮᠰᠢᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠱᠠᠯᠠᠪᠳᠠᠭᠤᠯᠤᠨ ᠨᠠᠶᠢᠳᠠᠪᠤᠷᠢᠵᠢᠭᠤᠯᠤᠨ᠎ᠠ᠃ | 2. ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠵᠥᠷᠢᠴᠡᠭᠰᠡᠨ ᠵᠢᠴᠢ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠤᠰᠤᠳ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠬᠤᠷᠢᠭᠯᠠᠵᠤ᠂ ᠢᠯᠡᠴᠢᠯᠡᠨ ᠮᠡᠳᠡᠭᠦᠯᠦᠨ᠎ᠡ᠃ | 3. ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠪᠣᠯᠣᠨ ᠬᠤᠯᠤᠭᠠᠨ᠎ᠠ ᠶᠢᠨ ᠬᠥᠨᠥᠭᠡᠯ᠂ ᠬᠤᠷᠣᠬᠠᠢ ᠶᠢᠨ | ᠬᠥᠨᠥᠭᠡᠯ ᠵᠡᠷᠭᠡ ᠪᠠᠶᠢᠭᠠᠯᠢ᠂ ᠠᠮᠢᠳᠤ ᠪᠣᠳᠠᠰ ᠤᠨ ᠭᠠᠮᠰᠢᠭ ᠤᠨ ᠪᠠᠶᠢᠳᠠᠯ ᠢ ᠮᠡᠳᠡᠭᠦᠯᠦᠨ ᠰᠢᠢᠳᠪᠦᠷᠢᠯᠡᠨ᠎ᠡ᠃ | 4. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ | ᠬᠦᠴᠦᠨ ᠢ ᠬᠢᠨᠠᠨ ᠬᠡᠮᠵᠢᠬᠦ ᠵᠡᠷᠭᠡ ᠪᠤᠰᠤᠳ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠠᠮᠢᠶᠠᠷᠤᠯᠲᠠ ᠶᠢᠨ ᠪᠣᠳᠠᠲᠠᠢ | ᠠᠵᠢᠯ ᠢ ᠥᠷᠨᠢᠭᠦᠯᠦᠨ᠎ᠡ᠃ | ︵ᠬᠤᠶᠠᠷ︶ ᠪᠠᠶᠢᠩᠭᠤᠵᠢᠭᠰᠠᠨ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠤᠨ᠎ᠠ | 1. ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ | ᠨᠢᠭᠡᠴᠢ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠶᠢ | ᠴᠢᠩᠭ᠎ᠠ ᠰᠠᠶᠢᠲᠤᠷ ᠬᠢᠵᠦ᠂ ᠰᠤᠯᠠ ᠮᠠᠯᠵᠢᠵᠤ ᠬᠤᠯᠠᠭᠠᠶᠢᠯᠠᠨ ᠮᠠᠯᠵᠢᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠵᠢᠯ | ᠪᠦᠷᠢ ᠶᠢᠨ 5 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭ᠎ᠠ ᠶᠢ ᠴᠢᠩᠭ᠎ᠠ | ᠬᠠᠮᠢᠶᠠᠷᠬᠤ ᠬᠤᠭᠤᠴᠠᠭ᠎ᠠ ᠪᠣᠯᠭᠠᠵᠤ᠂ ︽ᠪᠡᠯᠴᠢᠭᠡᠷᠯᠡᠭᠦᠯᠬᠦ ᠶᠢ ᠴᠠᠭᠠᠵᠠᠯᠠᠬᠤ ᠤᠯᠠᠷᠢᠯ︾ ᠤᠨ ᠠᠵᠢᠯᠯᠠᠭ᠎ᠠ | ᠥᠷᠨᠢᠭᠦᠯᠵᠦ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ 8 | ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭ᠎ᠠ ᠪᠣᠯ ᠡᠪᠡᠰᠦ ᠬᠠᠳᠤᠵᠤ | ᠬᠤᠷᠢᠶᠠᠬᠤ ᠤᠯᠠᠷᠢᠯ ᠪᠣᠯᠣᠨ᠎ᠠ᠂ ᠡᠪᠦᠯᠵᠢᠬᠦ ᠡᠪᠡᠰᠦ ᠪᠣᠷᠳᠤᠭ᠎ᠠ ᠶᠢ ᠢᠳᠡᠪᠬᠢᠲᠡᠢ ᠨᠥᠭᠡᠴᠡᠯᠡᠨ᠎ᠡ᠃ 10 ᠰᠠᠷ᠎ᠠ ᠶᠢᠨ | 1 ᠤ ᠡᠳᠦᠷ ᠠᠴᠠ ᠳᠠᠷᠠᠭ᠎ᠠ ᠵᠢᠯ ᠤᠨ 4 ᠰᠠᠷ᠎ᠠ ᠶᠢᠨ 20 ᠤ ᠡᠳᠦᠷ ᠪᠣᠯᠲᠠᠯ᠎ᠠ ᠲᠠᠷᠢᠶᠠᠨ ᠭᠠᠵᠠᠷ ᠲᠤ ᠮᠠᠯ | ᠬᠠᠷᠢᠭᠤᠯᠵᠤ ᠪᠣᠯᠣᠨ᠎ᠠ᠂ ᠭᠡᠪᠡᠴᠦ ᠨᠤᠲᠤᠭ ᠪᠡᠯᠴᠢᠭᠡᠷ ᠣᠶᠢᠲᠤ ᠭᠠᠵᠠᠷ ᠲᠤ ᠣᠷᠣᠵᠤ ᠮᠠᠯ ᠮᠠᠯᠵᠢᠬᠤ ᠶᠢ | ᠵᠥᠪᠰᠢᠶᠡᠷᠡᠬᠦ ᠦᠭᠡᠢ᠃ | 2. ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠲᠠ ᠶᠢᠨ ᠣᠶ ᠰᠢᠭᠤᠢ | ᠨᠤᠲᠤᠭ ᠪᠡᠯᠴᠢᠭᠡᠷ ᠤᠨ ᠲᠣᠪᠴᠢᠶ᠎ᠠ ᠨᠢ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ | ᠂ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠲᠠᠷᠢᠶᠠᠯᠠᠩ ᠳᠤ ᠬᠤᠯᠪᠣᠭᠳᠠᠬᠤ ᠬᠡᠷᠡᠭ ᠡᠷᠬᠢᠯᠡᠬᠦ ᠭᠠᠵᠠᠷ᠂ | ᠮᠠᠯᠵᠢᠯ ᠤᠨ ᠲᠠᠯᠠᠪᠠᠶ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤᠵᠢᠭᠰᠠᠨ ᠬᠢᠨᠠᠯᠲᠠ | ᠪᠠᠶᠢᠴᠠᠭᠠᠯᠲᠠ ᠬᠢᠵᠦ᠂ ᠳᠡᠭᠡᠷ᠎ᠡ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠳᠤ ᠰᠡᠷᠭᠡᠭ ᠣᠷᠣᠨ ᠪᠦᠰᠡ ᠶᠢ | ᠭᠤᠣᠯᠳᠠᠯᠭ᠎ᠠ ᠲᠠᠢ ᠪᠠᠶᠢᠴᠠᠭᠠᠨ᠎ᠠ᠃ | 3. ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠡᠯ᠎ᠡ ᠪᠠᠯᠭᠠᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠤᠨᠢ ᠢᠮᠠᠭᠠᠨ ᠤ ᠲᠤᠭ᠎ᠠ ᠬᠡᠮᠵᠢᠶ᠎ᠡ ᠪᠠᠷ ᠶᠡᠭᠡ᠂ | ᠲᠡᠵᠢᠭᠡᠨ ᠦᠷᠡᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠮᠥᠷᠲᠡᠭᠡᠨ ᠪᠡᠯᠴᠢᠭᠡᠷᠯᠡᠭᠦᠯᠬᠦ ᠶᠢ ᠴᠠᠭᠠᠵᠠᠯᠠᠬᠤ | ᠳᠦᠷᠢᠮ ᠢ ᠬᠡᠷᠡᠭᠵᠢᠭᠦᠯᠬᠦ ᠦᠭᠡᠢ ᠮᠠᠯᠴᠢᠨ ᠡᠷᠦᠬᠡ ᠳᠤ ᠭᠤᠣᠯᠳᠠᠯᠭ᠎ᠠ ᠲᠠᠢ ᠪᠠᠷ ᠲᠥᠷᠥ ᠶᠢᠨ ᠪᠣᠳᠣᠯᠭ᠎ᠠ ᠶᠢᠨ | ᠵᠢᠯᠣᠭᠤᠳᠤᠯᠭ᠎ᠠ ᠬᠢᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠣᠯᠠᠨᠲᠠ ᠴᠠᠭᠠᠵᠠᠯᠠᠪᠠᠴᠤ | ᠬᠤᠯᠠᠭᠠᠶᠢᠯᠠᠨ ᠮᠠᠯᠵᠢᠬᠤ ᠪᠠᠨ ᠦᠯᠦ ᠵᠣᠭᠰᠣᠬᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠲᠣᠭᠤᠷᠢᠨ ᠪᠠᠶᠢᠴᠠᠭᠠᠵᠤ ᠬᠠᠮᠢᠶᠠᠷᠤᠨ | ᠬᠠᠮᠠᠭᠠᠯᠠᠬᠤ ᠶᠢ ᠴᠢᠩᠭᠠᠳᠬᠠᠵᠤ᠂ ᠪᠥᠬᠦ ᠲᠠᠯ᠎ᠠ ᠪᠠᠷ ᠪᠢᠲᠡᠭᠦᠮᠵᠢᠯᠡᠨ ᠴᠠᠭᠠᠵᠠᠯᠠᠬᠤ ᠶᠢ ᠬᠡᠷᠡᠭᠵᠢᠭᠦᠯᠦᠨ᠂ ᠬᠠᠤᠯᠢ ᠠᠴᠠ | ᠵᠥᠷᠢᠴᠡᠨ ᠮᠠᠯᠵᠢᠵᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠦᠶᠯᠡ ᠠᠵᠢᠯᠯᠠᠭ᠎ᠠ ᠶᠢ ᠲᠠᠰᠤ | ᠵᠣᠭᠰᠤᠭᠠᠨ᠎ᠠ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠠᠳᠠᠯᠢ | ᠬᠡᠷᠡᠭ ᠢ ᠠᠳᠠᠯᠢ ᠪᠤᠰᠤ ᠪᠠᠷ ᠲᠣᠷᠭᠠᠬᠤ᠂ ᠰᠢᠳᠬᠡᠯ ᠲᠣᠷᠭᠠᠭᠤᠯᠢ ᠨᠢ ᠢᠯᠡᠳᠲᠡ ᠡᠷᠬᠡ ᠲᠡᠭᠰᠢ ᠲᠥᠪ ᠭᠤᠣᠯᠴᠢ | ᠪᠤᠰᠤ᠂ ᠬᠡᠲᠦᠷᠡᠲᠡᠯ᠎ᠡ ᠬᠠᠤᠯᠢ ᠬᠡᠷᠡᠭᠵᠢᠭᠦᠯᠬᠦ ᠵᠡᠷᠭᠡ ᠪᠠᠶᠢᠳᠠᠯ ᠢ ᠰᠡᠷᠭᠡᠶᠢᠯᠡᠨ᠎ᠡ᠃ ᠡᠭᠦᠨ ᠤ ᠬᠠᠮᠲᠤ᠂ ᠨᠡᠶᠢᠭᠡᠮ | ᠨᠡᠶᠢᠲᠡ ᠳᠤ ᠢᠯᠡᠴᠢᠯᠡᠨ ᠵᠠᠭᠠᠯᠳᠤᠬᠤ ᠤᠲᠠᠰᠤ᠂ ᠵᠠᠬᠢᠳᠠᠯ ᠤᠨ ᠬᠠᠶᠢᠷᠴᠠᠭ ᠵᠡᠷᠭᠡ ᠶᠢ ᠨᠡᠶᠢᠲᠡᠯᠡᠵᠦ᠂ ᠨᠡᠶᠢᠭᠡᠮ ᠤᠨ | ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠬᠠᠷᠭᠤᠭᠤᠯᠵᠤ ᠰᠢᠢᠳᠪᠦᠷᠢᠯᠡᠨ᠎ᠡ᠃ | | | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | 2023 ᠣᠨ ᠤ 3 ᠰᠠᠷ᠎ᠠ ᠶᠢᠨ 1 ᠤ ᠡᠳᠦᠷ | | |