| | ᠤᠳᠤᠬᠠᠨ ᠳᠤ᠂ ᠬᠥᠬᠡ ᠬᠡᠯᠪᠡᠷᠢ ᠶᠢᠨ ᠬᠠᠯᠳᠠᠪᠤᠷᠢᠲᠤ ᠲᠠᠭᠰᠢᠭᠤᠷ ᠣᠯᠠᠨ ᠡᠭᠦᠰᠴᠤ ᠪᠤᠢ᠃ ᠤᠯᠤᠰ ᠤᠨ | ᠬᠠᠯᠳᠠᠪᠤᠷᠢᠲᠤ ᠲᠠᠭᠰᠢᠭᠤᠷ ᠤᠨ ᠲᠥᠪ ᠤᠨ 2 ᠰᠠᠷ᠎ᠠ ᠶᠢᠨ 23 ᠤ ᠡᠳᠦᠷ ᠨᠡᠶᠢᠲᠡᠯᠡᠭᠰᠡᠨ ᠬᠠᠮᠤᠭ ᠤᠨ ᠰᠢᠨ᠎ᠡ ᠨᠢᠭᠡ | ᠬᠤᠭᠤᠴᠠᠭᠠᠨ ᠤ ︽ᠬᠠᠯᠳᠠᠪᠤᠷᠢᠲᠤ ᠲᠠᠭᠰᠢᠭᠤᠷ ᠢ ᠬᠢᠨᠠᠨ ᠬᠡᠮᠵᠢᠬᠦ ᠭᠠᠷᠠᠭ ᠤᠨ ᠮᠡᠳᠡᠭᠦᠯᠦᠯᠲᠡ︾ ᠶᠢᠨ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠤᠯᠤᠰ ᠤᠨ ᠬᠠᠯᠳᠠᠪᠤᠷᠢᠲᠤ ᠲᠠᠭᠰᠢᠭᠤᠷ ᠤᠨ | ᠸᠢᠷᠦ᠋ᠰ ᠤᠨ ᠪᠠᠶᠢᠴᠠᠭᠠᠯᠲᠠ ᠶᠢᠨ ᠠᠷᠭ᠎ᠠ ᠴᠢᠨᠠᠷ ᠤᠨ ᠨᠣᠷᠮ᠎ᠠ ᠲᠦᠷᠦᠭᠦᠸ ᠨᠢᠭᠡ ᠭᠠᠷᠠᠭ ᠤᠨ ᠬᠢ ᠠᠴᠠ | ᠦᠷᠭᠦᠯᠵᠢᠯᠡᠨ ᠳᠡᠭᠡᠭᠰᠢᠯᠡᠵᠡᠢ᠂ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠥᠬᠡ ᠬᠡᠯᠪᠡᠷᠢ ᠶᠢᠨ H1N1 | ᠬᠠᠯᠳᠠᠪᠤᠷᠢᠲᠤ ᠲᠠᠭᠰᠢᠭᠤᠷ ᠤᠨ ᠸᠢᠷᠦ᠋ᠰ ᠤᠨ ᠪᠠᠶᠢᠴᠠᠭᠠᠯᠲᠠ ᠶᠢᠨ ᠵᠠᠭᠪᠤᠷ ᠤᠨ ᠳᠣᠲᠣᠷ᠎ᠠ ᠡᠵᠡᠯᠡᠬᠦ ᠬᠠᠷᠢᠴᠠᠯ ᠨᠢ | ᠬᠠᠮᠤᠭ ᠤᠨ ᠥᠨᠳᠥᠷ ᠪᠠᠶᠢᠵᠤ᠂ 71% ᠳᠤ ᠬᠦᠷᠴᠡᠢ᠃ ᠮᠠᠨ ᠤ ᠠᠶᠢᠮᠠᠭ ᠲᠤ ᠮᠥᠨ ᠠᠳᠠᠯᠢᠬᠠᠨ ᠢᠶᠠᠷ ᠬᠥᠬᠡ | ᠬᠡᠯᠪᠡᠷᠢ ᠶᠢᠨ ᠬᠠᠯᠳᠠᠪᠤᠷᠢᠲᠤ ᠲᠠᠭᠰᠢᠭᠤᠷ ᠣᠯᠠᠨ ᠡᠭᠦᠰᠬᠦ ᠬᠠᠨᠳᠤᠰᠢ ᠲᠠᠢ ᠪᠥᠭᠡᠳ ᠣᠶᠢᠷ᠎ᠠ ᠶᠢᠨ ᠨᠢᠭᠡ ᠭᠠᠷᠠᠭ ᠲᠤ | ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠡᠮᠴᠢᠯᠡᠭᠦᠯᠦᠭᠰᠡᠨ ᠡᠪᠡᠳᠴᠢᠲᠡᠨ ᠤ ᠠᠷᠭ᠎ᠠ ᠴᠢᠨᠠᠷ ᠤᠨ ᠨᠣᠷᠮ᠎ᠠ ᠨᠢ | ᠦᠷᠭᠦᠯᠵᠢᠯᠡᠨ ᠳᠡᠭᠡᠭᠰᠢᠯᠡᠵᠦ ᠪᠠᠶᠢᠨ᠎ᠠ᠃ ᠡᠭᠦᠨ ᠤ ᠲᠤᠯᠠᠳᠠ ᠬᠢᠩᠭᠠᠨ ᠠᠶᠢᠮᠠᠭ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠠᠴᠠ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠄ | 1. ᠰᠠᠶᠢᠨ ᠰᠠᠶᠢᠬᠠᠨ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠳᠠᠳᠬᠠᠯ ᠲᠠᠢ ᠪᠠᠶᠢᠵᠤ᠂ ᠪᠡᠶ᠎ᠡ | ᠮᠠᠬᠠᠪᠤᠳ ᠪᠠ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠠᠷ ᠢᠶᠠᠨ ᠰᠠᠶᠢᠲᠤᠷ ᠤᠬᠢᠶᠠᠵᠤ᠂ ᠣᠷᠴᠢᠨ | ᠲᠣᠭᠤᠷᠢᠨ ᠤ ᠠᠷᠢᠭᠤᠨ ᠴᠡᠪᠡᠷ ᠪᠠ ᠦᠷᠦᠭᠡ ᠭᠡᠷ ᠲᠡᠭᠡᠨ ᠦᠷᠭᠦᠯᠵᠢ ᠰᠠᠯᠬᠢ ᠨᠡᠪᠲᠡᠷᠡᠬᠦᠯᠬᠦ ᠶᠢ ᠪᠠᠲᠤᠯᠠᠵᠤ᠂ ᠠᠯᠢ | ᠴᠢᠳᠠᠬᠤ ᠪᠠᠷ ᠬᠥᠮᠥᠨ ᠬᠠᠷ᠎ᠠ ᠣᠯᠠᠨ ᠴᠤᠭᠯᠠᠷᠠᠬᠤ ᠲᠠᠯᠠᠪᠤᠷ ᠲᠤ ᠣᠴᠢᠵᠤ ᠬᠥᠳᠡᠯᠭᠡᠭᠡᠨ ᠬᠢᠬᠦ ᠶᠢ ᠪᠠᠭᠠᠰᠬᠠᠨ | ᠠᠮᠢᠰᠬᠤᠯ ᠤᠨ ᠵᠠᠮ ᠤᠨ ᠬᠠᠯᠳᠠᠪᠤᠷᠢᠯᠠᠯ ᠳᠤ ᠨᠡᠷᠪᠡᠭᠳᠡᠭᠰᠡᠳ ᠲᠠᠢ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠢ᠃ | 2. ᠬᠥᠬᠡ ᠬᠡᠯᠪᠡᠷᠢ ᠶᠢᠨ ᠬᠠᠯᠳᠠᠪᠤᠷᠢᠲᠤ ᠲᠠᠭᠰᠢᠭᠤᠷ ᠲᠤ ᠬᠠᠯᠳᠠᠪᠤᠷᠢᠯᠠᠭᠳᠠᠭᠰᠠᠨ ᠤ ᠳᠠᠷᠠᠭ᠎ᠠ | ᠤᠷᠢᠳ ᠢᠶᠠᠷ ᠥᠪᠡᠷ ᠢ ᠪᠠᠨ ᠲᠤᠰᠠᠭᠠᠷᠯᠠᠵᠤ᠂ ᠣᠷᠴᠢᠨ ᠲᠣᠭᠤᠷᠢᠨ ᠤ ᠬᠥᠮᠥᠰ ᠲᠤ ᠬᠠᠯᠳᠠᠪᠤᠷᠢᠯᠠᠬᠤ ᠠᠴᠠ | ᠵᠠᠶᠢᠯᠠᠰᠬᠢᠬᠦ ᠬᠡᠷᠡᠭᠲᠡᠢ᠂ ᠬᠡᠷᠪᠡ ᠬᠦᠨᠳᠦ ᠡᠪᠡᠳᠴᠢᠨ ᠤ ᠵᠢᠱᠢᠶ᠎ᠡ ᠪᠢᠰᠢ ᠪᠣᠯ ᠲᠤᠰᠠᠭᠠᠷᠯᠠᠨ ᠠᠮᠠᠷᠠᠬᠤ ᠶᠢ | ᠰᠠᠨᠠᠭᠠᠴᠢᠯᠠᠵᠤ᠂ ᠥᠪᠡᠷᠲᠡᠭᠡᠨ ᠬᠠᠯᠠᠭᠤᠨ ᠢ ᠳᠠᠷᠤᠵᠤ ᠡᠪᠡᠳᠬᠦ ᠶᠢ ᠵᠣᠭᠰᠤᠭᠠᠬᠤ ᠡᠮ ᠪᠠ ᠬᠠᠨᠢᠶᠠᠬᠤ ᠶᠢ | ᠨᠠᠮᠵᠢᠭᠤᠯᠬᠤ᠂ ᠨᠢᠰᠤ ᠭᠤᠭᠤᠵᠢᠬᠤ ᠶᠢ ᠵᠤᠭᠰᠤᠭᠠᠬᠤ ᠡᠮ ᠢ ᠬᠡᠷᠡᠭᠯᠡᠨ ᠡᠪᠡᠳᠴᠢᠨ ᠤ ᠢᠯᠡᠷᠡᠯ ᠢ ᠰᠠᠶᠢᠵᠢᠷᠠᠭᠤᠯᠵᠤ᠂ | ᠬᠥᠮᠥᠨ ᠬᠠᠷ᠎ᠠ ᠣᠯᠠᠨ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠠᠴᠠ ᠵᠠᠶᠢᠯᠠᠰᠬᠢᠵᠦ᠂ | ᠢᠯᠡᠭᠦᠬᠡᠨ ᠠᠮᠠᠷᠠᠵᠤ᠂ ᠤᠰᠤ ᠢᠯᠡᠭᠦᠬᠡᠨ ᠤᠤᠭᠤᠨᠡ᠂ ᠡᠪᠡᠳᠴᠢᠨ ᠤ ᠪᠠᠶᠢᠳᠠᠯ ᠶᠡᠷᠦ ᠳᠡᠭᠡᠨ 5-7 ᠡᠳᠦᠷ ᠤᠨ | ᠳᠣᠲᠣᠷ᠎ᠠ ᠡᠳᠡᠭᠡᠷᠡᠬᠦ ᠬᠠᠨᠳᠤᠰᠢ ᠲᠠᠢ ᠪᠤᠯᠳᠠᠭ᠃ | 3. ᠬᠡᠷᠪᠡ ᠬᠦᠨᠳᠦ ᠡᠪᠡᠳᠴᠢᠳᠡᠨ ᠪᠤᠶᠤ ᠲᠦᠭᠰᠢᠭᠦᠷᠢ ᠶᠡᠬᠡᠲᠡᠢ ᠬᠥᠮᠥᠰ ᠪᠣᠯ᠄ 65 ᠨᠠᠰᠤᠨ ᠠᠴᠠ | ᠳᠡᠭᠡᠭᠰᠢᠬᠢ ᠨᠠᠰᠤᠲᠠᠨ᠂ 5 ᠨᠠᠰᠤᠨ ᠠᠴᠠ ᠳᠣᠷᠣᠭᠰᠢᠬᠢ ᠬᠡᠦᠬᠡᠳ᠂ ᠰᠠᠭᠤᠷᠢ ᠡᠪᠡᠳᠴᠢᠨ ᠲᠠᠢ ᠬᠥᠮᠥᠰ᠂ ᠦᠯᠦ | ᠬᠠᠯᠳᠠᠭᠠᠬᠤ ᠴᠢᠳᠠᠪᠤᠷᠢ ᠪᠠᠷ ᠳᠣᠣᠷ᠎ᠠ ᠬᠥᠮᠥᠰ᠂ ᠵᠢᠷᠮᠦᠰᠦᠨ ᠡᠮᠡᠭᠲᠡᠢ ᠪᠠ ᠬᠥᠩᠭᠡᠵᠢᠭᠡᠳ 2 ᠭᠠᠷᠠᠭ ᠤᠨ | ᠳᠤᠳᠤᠷᠠᠬᠢ ᠬᠥᠩᠭᠡᠵᠢᠭᠰᠡᠨ ᠡᠮᠡᠭᠲᠡᠢ ᠵᠢᠴᠢ ᠮᠠᠷᠢᠶ᠎ᠠ ᠲᠠᠢ ᠬᠥᠮᠥᠰ ︵BMI∧30︶ ᠴᠠᠭ ᠲᠤᠬᠠᠢ ᠳᠤᠨᠢ ᠡᠮᠴᠢ | ᠪᠠᠷ ᠡᠮᠴᠢᠯᠡᠭᠦᠯᠵᠦ᠂ ᠡᠮᠴᠢ ᠶᠢᠨ ᠵᠢᠭᠠᠪᠤᠷᠢ ᠪᠠᠷ ᠡᠮᠨᠡᠨ ᠵᠠᠰᠠᠬᠤ ᠶᠢ ᠰᠠᠨᠠᠭᠤᠯᠤᠶ᠎ᠠ᠃ | 4. ᠲᠠᠭᠰᠢᠭᠤᠷ ᠰᠢᠭ᠋ ᠡᠪᠡᠳᠴᠢᠨ ᠤ ᠢᠯᠡᠷᠡᠯ ᠲᠠᠢ ᠡᠪᠡᠳᠴᠢᠲᠡᠨ ᠡᠮᠨᠡᠯᠭᠡ ᠳᠤ ᠬᠦᠷᠴᠦ ᠡᠮᠴᠢᠯᠡᠭᠦᠯᠬᠦ | ᠦᠶ᠎ᠡ ᠳᠤ᠂ ᠡᠪᠡᠳᠴᠢᠲᠡᠨ ᠵᠢᠴᠢ ᠲᠠᠭᠠᠯᠳᠤᠨ ᠠᠰᠠᠷᠠᠬᠤ ᠬᠦᠮᠦᠰ ᠠᠮᠠᠪᠴᠢ ᠵᠡᠭᠦᠵᠦ ᠰᠣᠯᠪᠢᠴᠠᠨ | ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ | 5. ᠲᠠᠬᠤᠯ ᠲᠠᠭᠰᠢᠭᠤᠷ ᠤᠨ ᠸᠠᠺᠼᠢᠨ ᠤ ᠲᠠᠷᠢᠯᠭ᠎ᠠ ᠬᠢᠬᠦ ᠪᠣᠯ ᠲᠠᠬᠤᠯ ᠲᠠᠭᠰᠢᠭᠤᠷ ᠢ ᠰᠡᠷᠭᠡᠶᠢᠯᠡᠬᠦ | ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠡᠨᠡ ᠨᠢ ᠲᠠᠷᠢᠯᠭ᠎ᠠ ᠬᠢᠭᠰᠡᠳ ᠤᠨ ᠲᠠᠬᠤᠯ ᠲᠠᠭᠰᠢᠭᠤᠷ ᠲᠤ | ᠨᠡᠷᠪᠡᠭᠳᠡᠬᠦ ᠪᠠ ᠬᠦᠨᠳᠦ ᠨᠣᠴᠢᠲᠠᠢ ᠳᠠᠪᠬᠤᠴᠠᠭᠰᠠᠨ ᠡᠪᠡᠳᠴᠢᠨ ᠡᠭᠦᠰᠬᠦ ᠲᠦᠭᠰᠢᠭᠦᠷᠢ ᠶᠢ ᠢᠯᠡᠳᠲᠡ ᠪᠠᠭᠠᠰᠬᠠᠵᠤ | ᠲᠡᠶᠢᠯᠦᠨ᠎ᠡ᠃ 60 ᠨᠠᠰᠤ ᠵᠢᠴᠢ ᠲᠡᠭᠦᠨ ᠠᠴᠠ ᠦᠨᠳᠦᠷ ᠨᠠᠰᠤᠳᠠᠢ ᠬᠦᠮᠦᠰ᠂ 6 ᠰᠠᠷ᠎ᠠ ᠠᠴᠠ 5 ᠨᠠᠰᠤᠨ ᠤ | ᠬᠡᠦᠬᠡᠳ᠂ ᠵᠢᠷᠮᠦᠰᠦᠨ ᠡᠮᠡᠭᠲᠡᠢ᠂ 6 ᠰᠠᠷ᠎ᠠ ᠠᠴᠠ ᠳᠣᠷᠣᠭᠰᠢᠬᠢ ᠬᠡᠦᠬᠡᠳ ᠤᠨ ᠭᠡᠷ ᠪᠦᠯᠢ ᠶᠢᠨ ᠪᠦᠷᠢᠯᠳᠦᠭᠦᠨ ᠪᠠ | ᠠᠰᠠᠷᠠᠭᠴᠢ᠂ ᠤᠳᠠᠭᠠᠨ ᠴᠢᠨᠠᠷᠲᠠᠢ ᠡᠪᠡᠳᠴᠢᠲᠡᠨ ᠪᠠ ᠡᠮᠨᠡᠯᠭᠡ ᠶᠢᠨ ᠠᠵᠢᠯᠲᠠᠨ ᠵᠡᠷᠭᠡ ᠬᠥᠮᠥᠰ ᠲᠤ ᠬᠠᠯᠳᠠᠪᠤᠷᠢᠲᠤ | ᠲᠠᠭᠰᠢᠭᠤᠷ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠤᠯᠵᠤ ᠪᠠᠶᠢᠨ᠎ᠠ᠃ | | ᠠᠶᠢᠮᠠᠭ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ | | | | | | |