| | | ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠶᠢᠨ ᠬᠡᠷᠡᠭ ᠡᠷᠬᠢᠯᠡᠬᠦ ᠭᠠᠵᠠᠷ᠄ | ᠬᠤᠲᠠ ᠶᠢᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠡᠳᠦᠭᠡ ︽ᠥᠮᠴᠢᠲᠡᠨ ᠤ | ᠵᠥᠪᠯᠡᠯ ᠤᠨ ᠬᠢᠨᠠᠨ ᠰᠢᠯᠭᠠᠬᠤ ᠲᠤᠬᠠᠢ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠤᠭᠠᠷᠠᠢ ᠃ | 2022 ᠣᠨ ᠤ 12 ᠰᠠᠷ᠎ᠠ ᠶᠢᠨ 17 ᠤ ᠡᠳᠦᠷ | | | | | ᠥᠮᠴᠢᠲᠡᠨ ᠤ ᠵᠥᠪᠯᠡᠯ ᠤᠨ ᠬᠢᠨᠠᠨ ᠰᠢᠯᠭᠠᠬᠤ ᠲᠤᠬᠠᠢ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ | ︶ | | ᠦᠮᠴᠢᠳᠡᠨ ᠤ ᠶᠡᠭᠡ ᠬᠤᠷᠠᠯ ᠪᠠ ᠦᠮᠴᠢᠳᠡᠨ ᠤ ᠵᠥᠪᠯᠡᠯ ᠤᠨ ᠠᠵᠢᠯᠯᠠᠭ᠎ᠠ ᠥᠷᠨᠢᠭᠦᠯᠬᠦ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠦᠮᠴᠢᠳᠡᠨ ᠤ ᠵᠥᠪᠯᠡᠯ ᠤᠨ ᠠᠳᠠᠯ ᠠᠬᠤᠢ ᠶᠢᠨ ᠦᠢᠯᠡᠴᠢᠯᠡᠭᠡᠨ ᠤ ᠬᠡᠪᠴᠢᠶᠡᠨ ᠳᠠᠬᠢ | ᠪᠠᠶᠢᠪᠠᠰᠤ ᠵᠣᠬᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠦᠮᠴᠢᠳᠡᠨ ᠤ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ | ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃ | ᠨᠢᠭᠡ᠂ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠵᠤ ᠥᠮᠴᠢᠲᠡᠨ ᠤ | ᠵᠥᠪᠯᠡᠯ ᠤᠨ ᠪᠠᠶᠢᠭᠤᠯᠤᠯᠲᠠ ᠶᠢ ᠠᠬᠢᠭᠤᠯᠤᠨ᠎ᠠ | ︵ᠨᠢᠭᠡ︶ ᠥᠮᠴᠢᠲᠡᠨ ᠤ ᠵᠥᠪᠯᠡᠯ ᠳᠠᠬᠢ ᠨᠠᠮ ᠤᠨ ᠵᠣᠬᠢᠶᠠᠨ ᠪᠠᠶᠢᠭᠤᠯᠤᠯᠲᠠ ᠪᠠ ᠠᠵᠢᠯ ᠤᠨ | ᠪᠦᠷᠬᠦᠴᠡ ᠶᠢ ᠠᠬᠢᠭᠤᠯᠤᠨ᠎ᠠ᠃ ︽ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ | ᠬᠤᠪᠢᠶᠠᠨ ᠵᠢᠯᠤᠭᠤᠳᠬᠤ᠂ ᠡᠮᠬᠢ ᠵᠢᠷᠤᠮ ᠲᠠᠢ ᠪᠠᠷ ᠠᠬᠢᠭᠤᠯᠬᠤ︾ ᠵᠠᠷᠴᠢᠮ ᠶᠣᠰᠣᠭᠠᠷ᠂ ᠦᠮᠴᠢᠳᠡᠨ ᠤ | ᠵᠥᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ | ᠨᠥᠬᠦᠴᠡᠯ ᠳᠤ ᠨᠡᠶᠢᠴᠡᠬᠦ ᠦᠮᠴᠢᠳᠡᠨ ᠤ ᠵᠥᠪᠯᠡᠯ ᠳᠤ ᠨᠠᠮ ᠤᠨ ᠠᠵᠢᠯ ᠤᠨ ᠳᠤᠭᠤᠶᠢᠯᠠᠩ ᠪᠠᠶᠢᠭᠤᠯᠵᠤ᠂ | ᠨᠥᠬᠦᠴᠡᠯ ᠳᠤ ᠨᠡᠶᠢᠴᠡᠬᠦ ᠦᠮᠴᠢᠳᠡᠨ ᠤ ᠵᠥᠪᠯᠡᠯ ᠤᠨ ᠳᠣᠲᠣᠷᠠᠬᠢ ᠨᠠᠮ ᠤᠨ ᠵᠣᠬᠢᠶᠠᠨ ᠪᠠᠶᠢᠭᠤᠯᠤᠯᠲᠠ ᠪᠤᠶᠤ | ᠨᠠᠮ ᠤᠨ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠬᠤ ᠨᠤᠷᠮ᠎ᠠ ᠶᠢ 100% ᠳᠤ ᠬᠦᠷᠭᠡᠬᠦ ᠪᠠᠷ ᠴᠢᠷᠮᠠᠶᠢᠨ᠎ᠠ᠃ | | ︵ᠬᠤᠶᠠᠷ︶ ᠥᠮᠴᠢᠲᠡᠨ ᠤ ᠵᠥᠪᠯᠡᠯ ᠤᠨ ᠵᠢᠱᠢᠭᠳᠡᠭᠴᠢ ᠶᠢ ᠲᠠᠨᠢᠯᠴᠠᠭᠤᠯᠬᠤ ᠪᠠ ᠵᠣᠬᠢᠶᠠᠨ ᠪᠠᠶᠢᠭᠤᠯᠤᠨ | ᠬᠠᠷᠢᠭᠤᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠮᠴᠢᠲᠡᠨ ᠤ ᠵᠥᠪᠯᠡᠯ ᠤᠨ ᠰᠣᠩᠭᠤᠭᠤᠯᠢ ᠶᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠥᠮᠴᠢᠲᠡᠨ ᠤ ᠵᠥᠪᠯᠡᠯ ᠤᠨ ᠪᠡᠯᠡᠳᠬᠡᠯ ᠳᠤᠭᠤᠶᠢᠯᠠᠩ | ᠵᠢᠴᠢ ᠥᠮᠴᠢᠲᠡᠨ ᠤ ᠵᠥᠪᠯᠡᠯ ᠤᠨ ᠭᠡᠰᠢᠭᠦᠨ ᠤ ᠵᠢᠱᠢᠭᠳᠡᠭᠰᠡᠳ ᠢ ᠲᠠᠨᠢᠯᠴᠠᠭᠤᠯᠬᠤ ᠪᠣᠭᠤᠮᠲᠠ᠂ ᠬᠢᠨᠠᠨ | ᠬᠠᠷᠭᠤᠭᠤᠯᠬᠤ ᠪᠣᠭᠤᠮᠲᠠ ᠪᠣᠯᠣᠨ ᠰᠣᠩᠭᠤᠭᠤᠯᠢ ᠶᠢᠨ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠶᠢ ᠦᠨᠡᠨ ᠬᠦ | ᠰᠠᠶᠢᠲᠤᠷ ᠡᠵᠡᠮᠳᠡᠨ᠎ᠡ᠃ ᠨᠥᠬᠦᠴᠡᠯ ᠳᠤ ᠨᠡᠶᠢᠴᠡᠬᠦ ᠥᠮᠴᠢᠲᠡᠨ ᠤ ᠵᠥᠪᠯᠡᠯ ᠤᠨ ᠭᠡᠰᠢᠭᠦᠨ ᠤ ᠳᠣᠲᠣᠷᠠᠬᠢ ᠨᠠᠮ ᠤᠨ | ᠭᠡᠰᠢᠭᠦᠨ ᠤ ᠬᠠᠷᠢᠴᠠᠯ ᠢ 50% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠠᠮᠤᠭ ᠤᠨ ᠴᠥᠭᠡᠨ ᠳᠡᠭᠡᠨ 3 | ᠬᠥᠮᠥᠨ ᠪᠠᠶᠢᠬᠤ ᠬᠡᠷᠡᠭᠲᠡᠢ᠃ | ︵ᠭᠤᠷᠪᠠ︶ ︽ᠬᠤᠪᠢᠰᠬᠠᠯᠲᠤ ᠴᠢᠳᠠᠪᠤᠷᠢᠲᠠᠨ ᠤ ᠡᠬᠢ ᠪᠠᠶᠠᠯᠢᠭ︾ ᠤᠨ ᠳᠠᠪᠠᠭᠤᠯᠢᠭ ᠢ ᠪᠠᠳᠠᠷᠠᠭᠤᠯᠤᠨ᠎ᠠ᠃ | ᠨᠢᠭᠡ ᠳᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠣᠷᠣᠨ | ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠢ ᠬᠥᠲᠥᠯᠥᠨ ᠵᠢᠯᠤᠭᠤᠳᠴᠤ ᠥᠮᠴᠢᠲᠡᠨ ᠤ ᠵᠥᠪᠯᠡᠯ ᠢ | ᠵᠣᠬᠢᠶᠠᠨ ᠪᠠᠶᠢᠭᠤᠯᠬᠤ᠂ ᠰᠣᠩᠭᠤᠬᠤ᠂ ᠴᠢᠬᠤᠯᠠ ᠶᠡᠭᠡ ᠲᠣᠭᠲᠠᠭᠠᠯ ᠤᠨ ᠶᠠᠪᠤᠳᠠᠯ ᠢ ᠶᠠᠷᠢᠯᠴᠠᠬᠤ ᠵᠡᠷᠭᠡ ᠠᠵᠢᠯ ᠤᠨ | ᠳᠤᠮᠳᠠ᠂ ᠨᠠᠮ ᠤᠨ ᠭᠡᠰᠢᠭᠦᠳ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠨᠠᠮ ᠤᠨ | ᠭᠡᠰᠢᠭᠦᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ | ᠭᠡᠰᠢᠭᠦᠳ ᠲᠤ ᠤᠷᠢᠳ ᠢᠶᠠᠷ ᠮᠡᠳᠡᠭᠦᠯᠵᠦ᠂ ᠤᠷᠢᠳ ᠢᠶᠠᠷ ᠶᠠᠷᠢᠯᠴᠠᠭᠤᠯᠵᠤ᠂ ᠤᠷᠢᠳ ᠢᠶᠠᠷ ᠠᠵᠢᠯᠯᠠᠭ᠎ᠠ ᠬᠢᠯᠭᠡᠵᠦ᠂ | ᠨᠠᠮ ᠤᠨ ᠭᠡᠰᠢᠭᠦᠳ ᠢ ᠥᠮᠴᠢᠲᠡᠨ ᠤ ᠵᠥᠪᠯᠡᠯ ᠢ ᠪᠡᠯᠡᠳᠬᠡᠨ ᠪᠠᠶᠢᠭᠤᠯᠬᠤ᠂ ᠬᠤᠭᠤᠴᠠᠭ᠎ᠠ ᠰᠣᠯᠢᠵᠤ ᠬᠠᠯᠠᠨ | ᠰᠣᠩᠭᠤᠬᠤ ᠵᠡᠷᠭᠡ ᠠᠵᠢᠯ ᠤᠨ ᠳᠤᠮᠳᠠ ᠤᠬᠠᠮᠰᠠᠷ ᠠᠴᠠ ᠪᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠦᠯᠢᠶᠡᠵᠦ᠂ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠲᠦᠷᠦᠭᠦᠯᠡᠨ | ᠰᠠᠬᠢᠬᠤ ᠵᠡᠷᠭᠡ ᠶᠢ ᠬᠥᠲᠥᠯᠥᠨ ᠵᠢᠯᠣᠭᠤᠳᠤᠨ᠎ᠠ᠃ ᠬᠤᠶᠠᠷ ᠲᠤ ᠠᠬᠠᠮᠠᠳ ᠺᠠᠳ᠋ᠷ ᠵᠡᠷᠭᠡ ᠡᠬᠢ ᠪᠠᠶᠠᠯᠢᠭ ᠤᠨ | ᠳᠠᠪᠠᠭᠤᠯᠢᠭ ᠢ ᠰᠠᠶᠢᠲᠤᠷ ᠠᠰᠢᠭᠯᠠᠵᠤ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ ᠵᠡᠷᠭᠡ ᠬᠠᠮᠢᠶ᠎ᠠ | ᠪᠦᠬᠦᠢ ᠲᠡᠰ ᠳᠠᠷᠠᠭᠠᠯᠠᠯ ᠢᠶᠠᠷ ᠥᠮᠴᠢᠲᠡᠨ ᠤ ᠵᠥᠪᠯᠡᠯ ᠤᠨ ᠭᠡᠰᠢᠭᠦᠨ ᠤ ᠲᠤᠰᠢᠶᠠᠯ ᠡᠭᠦᠷᠭᠡᠯᠡᠬᠦ ᠶᠢ ᠵᠣᠷᠢᠭᠵᠢᠭᠤᠯᠵᠤ᠂ | ᠲᠡᠳᠡᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠢᠳᠡᠪᠬᠢ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ | ᠬᠤᠶᠠᠷ᠂ ᠥᠮᠴᠢᠲᠡᠨ ᠤ ᠵᠥᠪᠯᠡᠯ ᠢ ᠵᠢᠯᠤᠭᠤᠳᠴᠤ ᠬᠢᠨᠠᠯᠲᠠ ᠲᠠᠯᠪᠢᠬᠤ ᠠᠵᠢᠯ ᠤᠨ ᠳᠦᠷᠢᠮ ᠢ | ᠪᠠᠶᠢᠭᠤᠯᠤᠨ᠎ᠠ | ᠪᠥᠬᠦ ᠬᠤᠲᠠ ᠶᠢᠨ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠵᠥᠪᠯᠡᠯ ᠤᠨ | ᠠᠵᠢᠯᠯᠠᠭ᠎ᠠ ᠶᠢ ᠵᠢᠷᠤᠮᠵᠢᠭᠤᠯᠵᠤ᠂ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠨᠢ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠠᠢ ᠥᠮᠴᠢᠲᠡᠨ ᠤ | ᠵᠥᠪᠯᠡᠯ ᠤᠨ ᠬᠢᠨᠠᠯᠲᠠ ᠲᠠᠯᠪᠢᠭᠴᠢ ᠶᠢᠨ ᠺᠣᠮᠢᠰ ᠢ ᠵᠣᠬᠢᠶᠠᠨ ᠪᠠᠶᠢᠭᠤᠯᠵᠤ᠂ ᠥᠮᠴᠢᠲᠡᠨ ᠤ ᠵᠥᠪᠯᠡᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠬᠠᠮᠢᠶᠠᠷᠤᠨ᠎ᠠ᠃ | ᠥᠮᠴᠢᠲᠡᠨ ᠤ ᠵᠥᠪᠯᠡᠯ ᠤᠨ ᠬᠢᠨᠠᠯᠲᠠ ᠲᠠᠯᠪᠢᠭᠴᠢ ᠶᠢᠨ ᠺᠣᠮᠢᠰ ᠨᠢ ᠬᠠᠷᠢᠶ᠎ᠠ ᠣᠷᠣᠨ ᠤ ᠳᠣᠲᠣᠷᠠᠬᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠳᠣᠲᠤᠭᠠᠳᠤ ᠶᠢ ᠬᠠᠮᠠᠭᠠᠯᠠᠬᠤ ᠰᠠᠯᠪᠤᠷᠢ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠠᠳᠠᠯ | ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠳᠠᠯ ᠠᠬᠤᠢ ᠶᠢᠨ ᠦᠢᠯᠡᠴᠢᠯᠡᠭᠴᠢ᠂ ᠥᠮᠴᠢᠲᠡᠨ ᠤ | ᠲᠥᠯᠥᠭᠡᠯᠡᠭᠴᠢ᠂ ᠠᠳᠠᠯ ᠠᠬᠤᠢ ᠶᠢᠨ ᠬᠡᠷᠡᠭᠯᠡᠭᠴᠢ ᠶᠢᠨ ᠲᠥᠯᠥᠭᠡᠯᠡᠭᠴᠢ ᠵᠡᠷᠭᠡ ᠲᠤᠯᠤᠭ᠎ᠠ ᠠᠴᠠ ᠳᠡᠭᠡᠭᠰᠢ | ᠰᠣᠨᠳᠣᠭᠤᠢ ᠲᠤᠭ᠎ᠠ ᠪᠠᠷ ᠪᠦᠷᠢᠯᠳᠦᠨ᠎ᠡ᠃ | ︵ᠨᠢᠭᠡ︶ ᠦᠮᠴᠢᠳᠠᠨ ᠤ ᠵᠥᠪᠯᠡᠯ ᠨᠢ ᠦᠮᠴᠢᠳᠠᠨ ᠤ ᠬᠤᠷᠠᠯ ᠤᠨ ᠬᠡᠷᠡᠭ ᠵᠥᠪᠯᠡᠬᠦ ᠳᠦᠷᠢᠮ ᠤᠨ | ᠲᠣᠭᠲᠠᠭᠠᠯ ᠶᠣᠰᠣᠭᠠᠷ ᠦᠮᠴᠢᠳᠠᠨ ᠤ ᠬᠤᠷᠠᠯ ᠤᠨ ᠲᠣᠭᠲᠠᠮᠠᠯ ᠬᠤᠭᠤᠴᠠᠭᠠᠲᠤ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠤᠭᠰᠠᠨ ᠦᠭᠡᠢ ᠪᠤᠶᠤ ᠦᠮᠴᠢᠳᠠᠨ ᠤ ᠬᠤᠷᠠᠯ ᠤᠨ ᠲᠦᠷ ᠴᠠᠭ ᠤᠨ ᠬᠤᠷᠠᠯ ᠢ ᠬᠤᠷᠠᠯᠳᠤᠭᠤᠯᠬᠤ | ᠶᠣᠰᠣᠲᠠᠢ ᠪᠠᠶᠢᠳᠠᠯ ᠭᠠᠷᠴᠤ᠂ ᠦᠮᠴᠢᠳᠠᠨ ᠤ ᠵᠥᠪᠯᠡᠯ ᠨᠢ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠦᠮᠴᠢᠳᠠᠨ ᠤ ᠵᠥᠪᠯᠡᠯ ᠤᠨ ᠬᠢᠨᠠᠯᠲᠠ | ᠲᠠᠯᠪᠢᠭᠴᠢ ᠶᠢᠨ ᠺᠣᠮᠢᠰ ᠠᠴᠠ ᠦᠮᠴᠢᠲᠡᠨ ᠤ ᠵᠥᠪᠯᠡᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠬᠤᠷᠠᠯᠳᠤᠭᠤᠯᠵᠤ ᠪᠣᠯᠣᠨ᠎ᠠ᠃ ᠬᠤᠭᠤᠴᠠᠭ᠎ᠠ ᠨᠢ ᠬᠡᠲᠦᠷᠡᠭᠡᠳ ᠮᠥᠨ ᠬᠤᠷᠠᠯᠳᠤᠭᠤᠯᠬᠤ ᠦᠭᠡᠢ ᠪᠠᠶᠢᠪᠠᠯ᠂ ᠠᠳᠠᠯ | ᠠᠬᠤᠢ ᠶᠢᠨ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠠᠴᠠ ᠵᠡᠭᠡᠯᠢ ᠶᠢᠨ | ᠬᠡᠷᠡᠭ ᠡᠷᠬᠢᠯᠡᠬᠦ ᠭᠠᠵᠠᠷ ᠤᠨ ᠵᠢᠯᠣᠭᠤᠳᠤᠯᠭ᠎ᠠ ᠪᠠ ᠬᠢᠨᠠᠯᠲᠠ ᠶᠢᠨ ᠳᠣᠣᠷ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ | ᠪᠣᠯᠣᠨ᠎ᠠ᠃ | ︵ᠬᠤᠶᠠᠷ︶ ᠦᠮᠴᠢᠳᠠᠨ ᠤ ᠬᠤᠷᠠᠯ ᠤᠨ ᠬᠡᠷᠡᠭ ᠵᠥᠪᠯᠡᠬᠦ ᠳᠦᠷᠢᠮ ᠤᠨ ᠲᠣᠭᠲᠠᠭᠠᠯ ᠪᠤᠶᠤ ᠭᠤᠷᠪᠠᠨ ᠤ | ᠨᠢᠭᠡ ᠠᠴᠠ ᠳᠡᠭᠡᠭᠰᠢᠬᠢ ᠭᠡᠰᠢᠭᠦᠳ ᠤᠨ ᠳᠤᠷᠠᠳᠤᠯᠭ᠎ᠠ ᠶᠢ ᠦᠨᠳᠦᠰᠦᠯᠡᠵᠦ᠂ ᠥᠮᠴᠢᠲᠡᠨ ᠤ ᠵᠥᠪᠯᠡᠯ ᠤᠨ ᠬᠤᠷᠠᠯ ᠢ | ᠬᠤᠷᠠᠯᠳᠤᠭᠤᠯᠬᠤ ᠶᠣᠰᠣᠲᠠᠢ ᠪᠥᠭᠡᠳ ᠥᠮᠴᠢᠲᠡᠨ ᠤ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠵᠦᠢ ᠶᠣᠰᠣᠨ ᠤ | ᠤᠴᠢᠷ ᠰᠢᠯᠲᠠᠭᠠᠨ ᠦᠭᠡᠢ ᠪᠠᠷ ᠥᠮᠴᠢᠲᠡᠨ ᠤ ᠵᠥᠪᠯᠡᠯ ᠤᠨ ᠬᠤᠷᠠᠯ ᠢ ᠬᠤᠷᠠᠯᠳᠤᠭᠤᠯᠬᠤ ᠦᠭᠡᠢ ᠪᠠᠶᠢᠪᠠᠯ᠂ | ᠥᠮᠴᠢᠲᠡᠨ ᠤ ᠵᠥᠪᠯᠡᠯ ᠤᠨ ᠬᠢᠨᠠᠯᠲᠠ ᠲᠠᠯᠪᠢᠭᠴᠢ ᠶᠢᠨ ᠺᠣᠮᠢᠰ ᠤᠨ ᠬᠢᠨᠠᠯᠲᠠ ᠳᠣᠣᠷ᠎ᠠ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠵᠢᠭᠠᠨ ᠲᠣᠭᠲᠠᠭᠠᠭᠰᠠᠨ ᠥᠮᠴᠢᠲᠡᠨ ᠤ ᠵᠥᠪᠯᠡᠯ ᠤᠨ ᠪᠤᠰᠤᠳ ᠭᠡᠰᠢᠭᠦᠨ ᠠᠴᠠ | ᠥᠮᠴᠢᠲᠡᠨ ᠤ ᠵᠥᠪᠯᠡᠯ ᠤᠨ ᠬᠤᠷᠠᠯ ᠢ ᠬᠤᠷᠠᠯᠳᠤᠭᠤᠯᠵᠤ ᠪᠣᠯᠣᠨ᠎ᠠ᠃ | ︵ᠭᠤᠷᠪᠠ︶ ᠥᠮᠴᠢᠲᠡᠨ ᠤ ᠬᠤᠷᠠᠯ ᠤᠨ ᠬᠡᠷᠡᠭ ᠵᠥᠪᠯᠡᠬᠦ ᠳᠦᠷᠢᠮ ᠢ ᠵᠥᠷᠢᠴᠡᠭᠰᠡᠨ ᠪᠤᠶᠤ ᠥᠮᠴᠢᠲᠡᠨ ᠤ | ᠬᠤᠷᠠᠯ ᠪᠠ ᠥᠮᠴᠢᠲᠡᠨ ᠤ ᠵᠥᠪᠯᠡᠯ ᠤᠨ ᠬᠤᠷᠠᠯ ᠤᠨ ᠲᠣᠭᠲᠠᠭᠠᠯ ᠢ ᠳᠠᠮᠵᠢᠭᠰᠠᠨ ᠦᠭᠡᠢ ᠪᠠᠷ ᠥᠮᠴᠢᠲᠡᠨ ᠤ | ᠬᠤᠷᠠᠯ ᠤᠨ ᠲᠠᠮᠠᠭ᠎ᠠ᠂ ᠥᠮᠴᠢᠲᠡᠨ ᠤ ᠵᠥᠪᠯᠡᠯ ᠤᠨ ᠲᠠᠮᠠᠭ᠎ᠠ ᠶᠢ ᠳᠤᠷ᠎ᠠ ᠪᠠᠷ ᠢᠶᠠᠨ ᠬᠡᠷᠡᠭᠯᠡᠭᠰᠡᠨ ᠪᠠᠶᠢᠪᠠᠯ᠂ | ᠥᠮᠴᠢᠲᠡᠨ ᠤ ᠵᠥᠪᠯᠡᠯ ᠤᠨ ᠬᠢᠨᠠᠯᠲᠠ ᠲᠠᠯᠪᠢᠭᠴᠢ ᠶᠢᠨ ᠺᠣᠮᠢᠰ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠬᠤ ᠶᠢᠨ ᠬᠠᠮᠲᠤ ᠪᠦᠬᠦ ᠦᠮᠴᠢᠳᠠᠳ ᠲᠤ ᠵᠠᠷᠯᠠᠨ ᠮᠡᠳᠡᠭᠳᠡᠵᠦ ᠪᠣᠯᠣᠨ᠎ᠠ᠃ ᠠᠵᠤ ᠠᠬᠤᠢ ᠶᠢᠨ | ᠬᠤᠬᠢᠷᠠᠯ ᠤᠴᠠᠷᠠᠭᠤᠯᠤᠭᠰᠠᠨ ᠪᠤᠶᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠥᠮᠴᠢᠲᠡᠨ ᠤ ᠵᠥᠪᠯᠡᠯ ᠤᠨ ᠬᠢᠨᠠᠯᠲᠠ | ᠲᠠᠯᠪᠢᠭᠴᠢ ᠶᠢᠨ ᠺᠣᠮᠢᠰ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠬᠠᠷᠢᠭᠤᠴᠠᠯᠭᠠᠲᠠᠨ ᠠᠴᠠ | ᠬᠠᠤᠯᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ ᠪᠣᠯᠣᠨ᠎ᠠ᠃ | ︵ᠳᠥᠷᠪᠡ︶ ᠥᠮᠴᠢᠲᠡᠨ ᠤ ᠵᠥᠪᠯᠡᠯ ᠪᠠ ᠥᠮᠴᠢᠲᠡᠨ ᠤ ᠵᠥᠪᠯᠡᠯ ᠤᠨ ᠭᠡᠰᠢᠭᠦᠨ ᠳᠤ ᠳᠣᠣᠷ᠎ᠠ | ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠥᠮᠴᠢᠲᠡᠨ ᠤ ᠵᠥᠪᠯᠡᠯ ᠤᠨ ᠬᠢᠨᠠᠯᠲᠠ ᠲᠠᠯᠪᠢᠭᠴᠢ ᠶᠢᠨ ᠺᠣᠮᠢᠰ | ᠨᠢ ᠥᠮᠴᠢᠲᠡᠨ ᠤ ᠬᠤᠷᠠᠯ ᠳᠤ ᠲᠤᠰ ᠥᠮᠴᠢᠲᠡᠨ ᠤ ᠵᠥᠪᠯᠡᠯ ᠪᠠ ᠥᠮᠴᠢᠲᠡᠨ ᠤ ᠵᠥᠪᠯᠡᠯ ᠤᠨ ᠭᠡᠰᠢᠭᠦᠨ ᠢ | ᠤᠭᠴᠠᠷᠠᠭᠤᠯᠬᠤ ᠰᠠᠨᠠᠭᠤᠯᠭ᠎ᠠ ᠭᠠᠷᠭᠠᠵᠤ ᠪᠣᠯᠣᠨ᠎ᠠ᠃ | 1. ᠥᠮᠴᠢᠲᠡᠨ ᠤ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠰᠢᠯᠠᠵᠤ᠂ | ᠡᠰᠡᠷᠭᠦᠴᠡᠬᠦ᠃ | 2. ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠣᠳᠠᠲᠤ ᠬᠡᠷᠡᠭ ᠤᠨ ᠦᠨᠡᠨ ᠪᠠᠶᠢᠳᠠᠯ ᠢ ᠨᠢᠭᠤᠨ | ᠳᠠᠯᠳᠠᠯᠠᠬᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠰᠢᠯᠵᠢᠭᠦᠯᠬᠦ᠂ ᠨᠢᠭᠤᠬᠤ᠂ ᠥᠭᠡᠷᠡᠲᠦᠭᠦᠯᠬᠦ᠂ | ᠰᠦᠢᠳᠬᠡᠬᠦ ᠪᠤᠶᠤ ᠬᠠᠩᠭᠠᠬᠤ ᠶᠢ ᠲᠡᠪᠴᠢᠬᠦ᠂ ᠤᠳᠠᠭᠠᠰᠢᠷᠠᠭᠤᠯᠬᠤ᠃ | 3. ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠠᠳᠠᠯ ᠠᠬᠤᠢ ᠶᠢᠨ ᠰᠦᠢᠳᠬᠡᠯ᠂ ᠲᠡᠷᠭᠡ | ᠵᠣᠭᠰᠤᠭᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ ᠶᠢ ᠭᠥᠯᠢᠶᠡᠨ ᠠᠪᠤᠭᠰᠠᠨ᠂ ᠡᠰᠡᠬᠦᠯ᠎ᠡ ᠪᠦᠲᠦᠭᠡᠨ | ᠪᠠᠶᠢᠭᠤᠯᠤᠯᠲᠠ ᠶᠢᠨ ᠨᠢᠭᠡᠴᠢ᠂ ᠠᠳᠠᠯ ᠠᠬᠤᠢ ᠶᠢᠨ ᠦᠢᠯᠡᠴᠢᠯᠡᠭᠴᠢ ᠶᠢᠨ ᠬᠠᠩᠭᠠᠭᠰᠠᠨ ᠠᠰᠢᠭ ᠲᠤᠰᠠ᠂ ᠬᠥᠯᠥᠰᠦ | ᠣᠯᠭᠤᠮᠵᠢ ᠶᠢ ᠨᠡᠬᠡᠵᠦ ᠠᠪᠤᠭᠰᠠᠨ᠂ ᠬᠠᠤᠯᠢ ᠪᠤᠰᠤ ᠪᠠᠷ ᠭᠥᠯᠢᠶᠡᠨ ᠠᠪᠤᠭᠰᠠᠨ᠃ | 4. ᠥᠮᠴᠢᠲᠡᠨ ᠤ ᠬᠤᠷᠠᠯ ᠤᠨ ᠬᠡᠷᠡᠭ ᠵᠥᠪᠯᠡᠬᠦ ᠳᠦᠷᠢᠮ ᠢ ᠵᠥᠷᠢᠴᠡᠭᠰᠡᠨ ᠪᠤᠶᠤ ᠥᠮᠴᠢᠲᠡᠨ ᠤ | ᠬᠤᠷᠠᠯ ᠠᠴᠠ ᠡᠷᠬᠡ ᠣᠯᠭᠤᠭᠰᠠᠨ ᠦᠭᠡᠢ ᠪᠠᠷ ᠥᠮᠴᠢᠲᠡᠨ ᠤ ᠬᠤᠷᠠᠯ ᠪᠤᠶᠤ ᠥᠮᠴᠢᠲᠡᠨ ᠤ ᠵᠥᠪᠯᠡᠯ ᠤᠨ ᠲᠠᠮᠠᠭ᠎ᠠ ᠶᠢ | ᠳᠤᠷ᠎ᠠ ᠪᠠᠷ ᠢᠶᠠᠨ ᠬᠡᠷᠡᠭᠯᠡᠭᠰᠡᠨ᠃ | 5. ᠬᠠᠮᠢᠶ᠎ᠠ ᠪᠦᠬᠦᠢ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠳᠤ ᠴᠣᠬᠢᠯᠲᠠ ᠥᠭᠭᠦᠭᠰᠡᠨ᠂ ᠬᠠᠷᠢᠭᠤ | ᠠᠪᠤᠭᠰᠠᠨ᠂ ᠭᠦᠳᠬᠡᠭᠰᠡᠨ᠃ | 6. ᠥᠮᠴᠢᠲᠡᠨ ᠤ ᠬᠤᠷᠠᠯ ᠠᠴᠠ ᠡᠷᠬᠡ ᠣᠯᠭᠤᠭᠰᠠᠨ ᠦᠭᠡᠢ ᠪᠠᠷ ᠠᠳᠠᠯ ᠠᠬᠤᠢ ᠶᠢᠨ ᠦᠢᠯᠡᠴᠢᠯᠡᠭᠴᠢ ᠶᠢ | ᠳᠤᠷ᠎ᠠ ᠪᠠᠷ ᠢᠶᠠᠨ ᠤᠷᠢᠬᠤ ᠪᠠᠨ ᠪᠣᠯᠢᠬᠤ ᠪᠤᠶᠤ ᠰᠣᠩᠭᠤᠨ ᠤᠷᠢᠬᠤ᠃ | 7. ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠳᠤᠷ᠎ᠠ ᠪᠠᠷ ᠢᠶᠠᠨ | ᠬᠥᠳᠡᠯᠭᠡᠨ ᠬᠡᠷᠡᠭᠯᠡᠵᠦ᠂ ᠥᠮᠴᠢᠲᠡᠨ ᠤ ᠬᠠᠮᠲᠤ ᠪᠠᠷ ᠥᠮᠴᠢᠯᠡᠬᠦ ᠡᠳ᠋ ᠬᠥᠷᠥᠩᠭᠡ ᠶᠢ ᠡᠵᠡᠯᠡᠨ ᠠᠪᠤᠭᠰᠠᠨ᠃ | 8. ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠪᠤᠶᠤ ᠥᠮᠴᠢᠲᠡᠨ ᠤ ᠬᠤᠷᠠᠯ ᠠᠴᠠ | ᠣᠯᠭᠤᠭᠰᠠᠨ ᠡᠷᠬᠡ ᠲᠤᠰᠢᠶᠠᠯ ᠠᠴᠠ ᠪᠠᠨ ᠳᠠᠪᠠᠵᠤ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠪᠤᠰᠤᠳ ᠠᠵᠢᠯᠯᠠᠭ᠎ᠠ᠃ | ︵ᠲᠠᠪᠤ︶ ᠥᠮᠴᠢᠲᠡᠨ ᠤ ᠬᠤᠷᠠᠯ᠂ ᠥᠮᠴᠢᠲᠡᠨ ᠤ ᠵᠥᠪᠯᠡᠯ ᠤᠨ ᠭᠠᠷᠭᠠᠭᠰᠠᠨ ᠲᠣᠭᠲᠠᠭᠠᠯ ᠨᠢ ᠬᠠᠤᠯᠢ | ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠥᠮᠴᠢᠲᠡᠨ ᠤ ᠵᠥᠪᠯᠡᠯ ᠤᠨ ᠬᠢᠨᠠᠯᠲᠠ ᠲᠠᠯᠪᠢᠭᠴᠢ ᠶᠢᠨ | ᠺᠣᠮᠢᠰ ᠨᠢ ᠴᠠᠭ ᠲᠤᠬᠠᠢ ᠳᠤᠨᠢ ᠰᠤᠮᠤ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠶᠢᠨ | ᠬᠡᠷᠡᠭ ᠡᠷᠬᠢᠯᠡᠬᠦ ᠭᠠᠵᠠᠷ ᠲᠤ ᠮᠡᠳᠡᠭᠦᠯᠵᠦ᠂ ᠰᠤᠮᠤ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠤᠶᠤ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠤᠶᠤ | ᠲᠣᠭᠲᠠᠭᠠᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠪᠥᠬᠦ ᠦᠮᠴᠢᠳᠡᠳ ᠲᠤ ᠮᠡᠳᠡᠭᠳᠡᠬᠦ ᠬᠡᠷᠡᠭᠲᠡᠢ᠃ | ᠭᠤᠷᠪᠠ᠂ ᠥᠮᠴᠢᠲᠡᠨ ᠤ ᠵᠥᠪᠯᠡᠯ ᠤᠨ ᠵᠢᠷᠤᠮᠵᠢᠭᠰᠠᠨ ᠠᠵᠢᠯᠯᠠᠭᠠᠨ ᠤ ᠰᠢᠯᠭᠠᠨ ᠬᠢᠨᠠᠬᠤ ᠲᠣᠭᠲᠠᠴᠠ ᠶᠢ | ᠪᠠᠶᠢᠭᠤᠯᠤᠨ᠎ᠠ | ︵ᠨᠢᠭᠡ︶ ᠬᠢᠨᠠᠨ ᠰᠢᠯᠭᠠᠬᠤ ᠵᠣᠬᠢᠶᠠᠨ ᠪᠠᠶᠢᠭᠤᠯᠤᠯᠲᠠ | ᠬᠢᠨᠠᠨ ᠰᠢᠯᠭᠠᠬᠤ ᠠᠵᠢᠯ ᠢ ᠰᠣᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ | ᠬᠡᠷᠡᠭ ᠡᠷᠬᠢᠯᠡᠬᠦ ᠭᠠᠵᠠᠷ ᠠᠴᠠ ᠵᠣᠬᠢᠶᠠᠨ ᠪᠠᠶᠢᠭᠤᠯᠤᠨ᠎ᠠ᠃ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠬᠢᠨᠠᠨ | ᠰᠢᠯᠭᠠᠬᠤ ᠳᠤᠭᠤᠶᠢᠯᠠᠩ ᠤᠨ ᠳᠠᠷᠤᠭ᠎ᠠ ᠶᠢ ᠡᠯ᠎ᠡ ᠰᠣᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠨᠥᠬᠦᠳ ᠡᠭᠦᠷᠭᠡᠯᠡᠵᠦ᠂ ᠪᠦᠷᠢᠯᠳᠦᠭᠦᠨ ᠢ ᠬᠤᠲᠠ ᠶᠢᠨ | ᠠᠳᠠᠯ ᠠᠬᠤᠢ ᠶᠢᠨ ᠦᠢᠯᠡᠴᠢᠯᠡᠭᠡᠨ ᠤ ᠲᠥᠪ᠂ ᠡᠯ᠎ᠡ ᠰᠣᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠤᠶᠤ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢᠶᠠᠷ ᠪᠦᠷᠢᠯᠳᠦᠭᠦᠯᠵᠦ᠂ ᠬᠢᠨᠠᠨ ᠰᠢᠯᠭᠠᠬᠤ | ᠳᠤᠭᠤᠶᠢᠯᠠᠩ ᠨᠢ ᠭᠤᠣᠯᠳᠠᠭᠤ ᠥᠮᠴᠢᠲᠡᠨ ᠤ ᠵᠥᠪᠯᠡᠯ ᠤᠨ ᠠᠵᠢᠯ ᠥᠷᠨᠢᠭᠦᠯᠦᠭᠰᠡᠨ ᠪᠠᠶᠢᠳᠠᠯ ᠳᠤ ᠣᠨ ᠤ ᠬᠢᠨᠠᠨ | ᠰᠢᠯᠭᠠᠯᠲᠠ ᠬᠢᠬᠦ ᠶᠢ ᠬᠠᠷᠢᠭᠤᠴᠠᠨ᠎ᠠ᠃ | ︵ᠬᠤᠶᠠᠷ︶ ᠬᠢᠨᠠᠨ ᠰᠢᠯᠭᠠᠭᠳᠠᠬᠤ ᠡᠲᠡᠭᠡᠳ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ | ᠨᠢᠭᠡᠨᠲᠡ ᠳᠠᠩᠰᠠᠯᠠᠭᠤᠯᠤᠭᠰᠠᠨ ᠪᠦᠬᠦᠶᠢᠯᠡ ᠥᠮᠴᠢᠲᠡᠨ ᠤ ᠵᠥᠪᠯᠡᠯ᠃ | ︵ᠭᠤᠷᠪᠠ︶ ᠬᠢᠨᠠᠨ ᠰᠢᠯᠭᠠᠬᠤ ᠠᠭᠤᠯᠭ᠎ᠠ | ᠣᠨ ᠤ ᠬᠢᠨᠠᠨ ᠰᠢᠯᠭᠠᠬᠤ ᠳᠤ ᠵᠠᠭᠤᠨ ᠤ ᠬᠤᠪᠢ ᠶᠢᠨ ᠳᠦᠷᠢᠮ ᠢᠶᠠᠷ ᠬᠤᠪᠢ ᠲᠣᠭᠲᠠᠭᠠᠬᠤ ᠪᠠᠷᠢᠮᠵᠢᠶ᠎ᠠ ︵ | ᠳᠠᠭᠠᠯᠳᠤᠭᠤᠯᠤᠯ ᠢ ᠦᠵᠡᠭᠡᠷᠡᠢ︶ ᠶᠢ ᠬᠡᠷᠡᠭᠵᠢᠭᠦᠯᠦᠨ᠎ᠡ᠃ ᠭᠤᠣᠯ ᠪᠣᠯᠬᠤ ᠬᠢᠨᠠᠨ ᠰᠢᠯᠭᠠᠬᠤ ᠠᠭᠤᠯᠭ᠎ᠠ ᠳᠤ᠄ | ᠥᠮᠴᠢᠲᠡᠨ ᠤ ᠵᠥᠪᠯᠡᠯ ᠤᠨ ᠵᠢᠷᠤᠮᠵᠢᠭᠰᠠᠨ ᠠᠵᠢᠯᠯᠠᠭᠠᠨ᠂ ᠳᠣᠲᠣᠭᠠᠳᠤ ᠶᠢᠨ ᠬᠠᠮᠢᠶᠠᠷᠤᠯᠲᠠ ᠵᠢᠴᠢ ᠦᠢᠯᠡᠳᠦᠯ ᠢᠶᠠᠨ | ᠪᠠᠳᠠᠷᠠᠭᠤᠯᠤᠭᠰᠠᠨ ᠪᠠᠶᠢᠳᠠᠯ᠂ ᠥᠮᠴᠢᠲᠡᠨ ᠢ ᠱᠠᠯᠠᠪᠳᠠᠭᠤᠯᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ | ᠵᠢᠷᠤᠮᠯᠠᠭᠤᠯᠤᠭᠰᠠᠨ᠂ ᠡᠭᠦᠷᠭᠡ ᠪᠠᠨ ᠭᠦᠢᠴᠡᠳᠬᠡᠭᠰᠡᠨ ᠪᠠᠶᠢᠳᠠᠯ᠂ ᠨᠠᠮ ᠤᠨ ᠪᠠᠶᠢᠭᠤᠯᠤᠯᠲᠠ ᠶᠢᠨ ᠬᠥᠲᠥᠯᠥᠨ | ᠵᠢᠯᠣᠭᠤᠳᠤᠭᠰᠠᠨ ᠪᠠᠶᠢᠳᠠᠯ᠂ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠠᠷᠢᠶ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠶᠢᠨ ᠬᠡᠷᠡᠭ ᠡᠷᠬᠢᠯᠡᠬᠦ | ᠭᠠᠵᠠᠷ ᠵᠢᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠵᠢᠯᠣᠭᠤᠳᠤᠯᠭ᠎ᠠ ᠪᠠ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠭᠰᠡᠨ ᠪᠠᠶᠢᠳᠠᠯ ᠪᠠᠭᠲᠠᠨ᠎ᠠ᠃ | ︵ᠳᠥᠷᠪᠡ︶ ᠬᠢᠨᠠᠨ ᠰᠢᠯᠭᠠᠬᠤ ᠠᠷᠭ᠎ᠠ | ᠬᠢᠨᠠᠨ ᠰᠢᠯᠭᠠᠬᠤ ᠳᠤᠭᠤᠶᠢᠯᠠᠩ ᠨᠢ ᠰᠢᠯᠭᠠᠨ ᠦᠨᠡᠯᠡᠬᠦ ᠨᠠᠷᠢᠨ ᠳᠦᠷᠢᠮ ᠶᠣᠰᠣᠭᠠᠷ᠂ ᠥᠮᠴᠢᠲᠡᠨ ᠤ | ᠵᠥᠪᠯᠡᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠢᠯᠡ ᠪᠠᠷ ᠪᠠᠶᠢᠴᠠᠭᠠᠬᠤ ᠪᠠ ᠨᠢᠭᠤᠴᠠ ᠪᠠᠷ ᠰᠤᠷᠪᠤᠯᠵᠢᠯᠠᠵᠤ᠂ | ᠥᠮᠴᠢᠲᠡᠨ ᠤ ᠵᠥᠪᠯᠡᠯ ᠤᠨ ᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠮᠡᠳᠡᠭᠦᠯᠦᠯᠲᠡ ᠶᠢ ᠰᠣᠨᠣᠰᠴᠤ᠂ | ᠪᠠᠶᠢᠴᠠᠭᠠᠭᠰᠠᠨ ᠪᠠ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ ᠬᠤᠪᠢ ᠪᠠ ᠨᠡᠷᠡᠰ ᠤᠨ ᠵᠢᠭᠰᠠᠭᠠᠯᠲᠠ ᠶᠢ | ᠨᠡᠶᠢᠲᠡᠯᠡᠨ᠎ᠡ᠃ | ︵ᠲᠠᠪᠤ︶ ᠱᠠᠩᠨᠠᠵᠤ ᠲᠣᠷᠭᠠᠬᠤ ᠠᠷᠭ᠎ᠠ | ᠥᠮᠴᠢᠲᠡᠨ ᠤ ᠵᠥᠪᠯᠡᠯ ᠤᠨ ᠬᠢᠨᠠᠨ ᠰᠢᠯᠭᠠᠬᠤ ᠠᠵᠢᠯ ᠢ ᠠᠳᠠᠯ ᠠᠬᠤᠢ ᠶᠢᠨ ᠬᠠᠮᠢᠶᠠᠷᠤᠯᠲᠠ ᠶᠢ ᠨᠡᠶᠢᠭᠡᠮ | ᠲᠣᠭᠤᠷᠢᠭ ᠲᠤ ᠣᠷᠣᠭᠤᠯᠬᠤ ᠴᠢᠬᠤᠯᠠ ᠠᠭᠤᠯᠭ᠎ᠠ ᠶᠢᠨ ᠨᠢᠭᠡ ᠪᠣᠯᠭᠠᠵᠤ᠂ ᠰᠢᠯᠭᠠᠨ ᠦᠨᠡᠯᠡᠭᠰᠡᠨ ᠦᠷ᠎ᠡ ᠳ᠋ᠦᠩ ᠨᠢ | ᠰᠢᠯᠢᠳᠡᠭ ᠥᠮᠴᠢᠲᠡᠨ ᠤ ᠵᠥᠪᠯᠡᠯ ᠢ ᠤᠯᠠᠭᠠᠨᠬᠤᠲᠠ ᠣᠷᠣᠨ ᠤ ᠣᠷᠣᠨ ᠰᠠᠭᠤᠴᠠ ᠶᠢᠨ ᠰᠠᠭᠤᠭᠠᠯᠢ ᠠᠷᠠᠳ ᠤᠨ | ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠠᠴᠠ ᠪᠢᠴᠢᠭ ᠮᠠᠲ᠋ᠧᠷᠢᠶᠠᠯ | ᠪᠠᠭᠤᠯᠭᠠᠵᠤ ᠨᠡᠶᠢᠲᠡᠯᠡᠨ ᠰᠠᠶᠢᠰᠢᠶᠠᠵᠤ᠂ ᠦᠨᠡᠮᠯᠡᠯ ᠣᠯᠭᠤᠬᠤ ᠶᠢᠨ ᠬᠠᠮᠲᠤ ᠵᠠᠭᠤᠴᠢᠯᠠᠭᠤᠷ ᠲᠤ ᠤᠬᠠᠭᠤᠯᠤᠨ | ᠮᠡᠳᠡᠭᠡᠯᠡᠵᠦ᠂ ᠥᠮᠴᠢᠲᠡᠨ ᠤ ᠵᠥᠪᠯᠡᠯ ᠤᠨ ᠪᠦᠷᠢᠯᠳᠦᠭᠦᠨ ᠤ ᠪᠠᠶᠢᠭ᠎ᠠ ᠪᠠᠶᠢᠭᠤᠯᠭ᠎ᠠ ᠨᠢᠭᠡᠴᠢ ᠪᠤᠶᠤ ᠨᠠᠮ ᠤᠨ | ᠵᠣᠬᠢᠶᠠᠨ ᠪᠠᠶᠢᠭᠤᠯᠤᠯᠲᠠ ᠳᠤ ᠮᠡᠳᠡᠭᠳᠡᠬᠦ ᠶᠢᠨ ᠬᠠᠮᠲᠤ ᠵᠣᠬᠢᠬᠤ ᠱᠠᠩᠨᠠᠯ ᠣᠯᠭᠤᠨ᠎ᠠ᠃ | ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ ᠥᠮᠴᠢᠲᠡᠨ ᠤ ᠵᠥᠪᠯᠡᠯ ᠢ | ᠬᠠᠷᠢᠶ᠎ᠠ ᠭᠠᠵᠠᠷ ᠤᠨ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ | ᠭᠠᠵᠠᠷ ᠠᠴᠠ ᠵᠠᠷᠯᠢᠭᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠦᠨ᠎ᠡ᠃ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ ᠮᠥᠷᠲᠡᠭᠡᠨ ᠬᠤᠶᠠᠷ ᠵᠢᠯ ᠳᠠᠷᠠᠭᠠᠯᠠᠨ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠥᠮᠴᠢᠲᠡᠨ ᠤ | ᠵᠥᠪᠯᠡᠯ ᠢ ᠪᠥᠬᠦ ᠥᠮᠴᠢᠲᠡᠨ ᠳᠤ ᠵᠠᠷᠯᠠᠨ ᠮᠡᠳᠡᠭᠳᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠠᠴᠠ ᠥᠮᠴᠢᠲᠡᠨ ᠤ ᠬᠤᠷᠠᠯ ᠳᠤ ᠰᠠᠨᠠᠭᠤᠯᠤᠨ ᠥᠭᠡᠷᠡᠴᠢᠯᠡᠨ ᠰᠣᠩᠭᠤᠬᠤ ᠲᠠᠰ ᠳᠠᠷᠠᠭᠠᠯᠠᠯ ᠢ ᠤᠷᠢᠳᠴᠢᠯᠠᠨ | ᠡᠬᠢᠯᠡᠭᠦᠯᠵᠦ᠂ ᠥᠮᠴᠢᠲᠡᠨ ᠤ ᠵᠥᠪᠯᠡᠯ ᠢ ᠳᠠᠭᠢᠵᠤ ᠰᠢᠨ᠎ᠡ ᠪᠠᠷ ᠰᠣᠩᠭᠤᠭᠤᠯᠤᠨ᠎ᠠ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠢᠯᠢᠳᠡᠭ ᠥᠮᠴᠢᠲᠡᠨ ᠤ ᠵᠥᠪᠯᠡᠯ ᠢᠶᠠᠷ | ᠰᠢᠭᠤᠳ ᠮᠠᠭᠠᠳᠯᠠᠨ ᠲᠣᠭᠲᠠᠭᠠᠵᠤ ᠪᠣᠯᠣᠨ᠎ᠠ᠄ | 1. ᠲᠣᠰ ᠣᠨ ᠤ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠨᠢ ᠬᠤᠲᠠ ᠶᠢᠨ ᠲᠠᠰ | ᠠᠴᠠ ᠳᠡᠭᠡᠭᠰᠢᠬᠢ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ | ᠬᠤᠪᠢᠰᠬᠠᠯᠲᠤ ᠠᠳᠠᠯ ᠠᠬᠤᠢ ᠶᠢᠨ ᠲᠥᠷᠥᠯ ᠵᠦᠢᠯ ᠵᠡᠷᠭᠡ ᠢᠷᠠᠭᠤ ᠠᠯᠳᠠᠷ ᠤᠨ ᠴᠣᠯᠠ ᠪᠠᠷ ᠦᠨᠡᠯᠡᠭᠳᠡᠭᠰᠡᠨ᠃ | 2. ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠳᠤ ᠰᠢᠨ᠎ᠡ ᠶᠢ ᠡᠭᠦᠳᠦᠭᠰᠡᠨ ᠲᠤᠷᠰᠢᠯᠭ᠎ᠠ ᠲᠠᠢ | ᠂ ᠢᠯᠠᠩᠭᠤᠶ᠎ᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ | ᠂ ᠴᠢᠬᠤᠯᠠ ᠶᠡᠭᠡ ᠦᠷ᠎ᠡ ᠪᠦᠲᠦᠮᠵᠢ ᠣᠯᠣᠭᠰᠠᠨ᠂ ᠬᠤᠲᠠ ᠶᠢᠨ ᠳᠡᠰ ᠠᠴᠠ ᠳᠡᠭᠡᠭᠰᠢᠬᠢ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠨᠤᠲᠠᠯᠠᠯᠲᠠ ᠶᠢ ᠣᠯᠣᠭᠰᠠᠨ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠢᠷᠢ ᠲᠡᠩᠴᠡᠭᠦ ᠦᠭᠡᠢ ᠥᠮᠴᠢᠲᠡᠨ ᠤ | ᠵᠥᠪᠯᠡᠯ ᠢᠶᠠᠷ ᠰᠢᠭᠤᠳ ᠮᠠᠭᠠᠳᠯᠠᠨ ᠲᠣᠭᠲᠠᠭᠠᠵᠤ ᠪᠣᠯᠣᠨ᠎ᠠ᠄ | 1. ᠥᠮᠴᠢᠲᠡᠨ ᠤ ᠵᠥᠪᠯᠡᠯ ᠤᠨ ᠵᠣᠬᠢᠶᠠᠨ ᠪᠠᠶᠢᠭᠤᠯᠤᠯᠲᠠ ᠨᠢ ᠰᠤᠯᠠ ᠵᠠᠳᠠᠭᠠᠢ᠂ ᠠᠵᠢᠯ ᠳᠠᠭᠠᠨ ᠰᠤᠯᠠ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠲᠡᠭᠦᠨ ᠤ ᠦᠶᠯᠡ ᠠᠵᠢᠯᠯᠠᠭ᠎ᠠ ᠨᠢ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠠᠮᠤᠷ ᠲᠦᠪᠰᠢᠨ ᠪᠠ ᠨᠡᠶᠢᠭᠡᠮ ᠲᠣᠭᠤᠷᠢᠭ ᠤᠨ ᠲᠣᠭᠲᠠᠭᠤᠨ ᠪᠠᠶᠢᠳᠠᠯ ᠢ | ᠬᠦᠨᠳᠦ ᠨᠣᠴᠢᠲᠠᠢ ᠨᠥᠯᠥᠭᠡᠯᠡᠭᠰᠡᠨ᠃ | 2. ᠥᠮᠴᠢᠲᠡᠨ ᠤ ᠵᠥᠪᠯᠡᠯ ᠨᠢ ᠡᠷᠬᠡ ᠶᠢᠨ ᠬᠡᠪᠴᠢᠶ᠎ᠡ ᠠᠴᠠ ᠪᠠᠨ ᠳᠠᠪᠠᠭᠰᠠᠨ᠂ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠵᠤ᠂ ᠣᠯᠠᠩᠬᠢ ᠥᠮᠴᠢᠲᠡᠨ ᠤ ᠬᠠᠤᠯᠢ | ᠶᠣᠰᠣᠨ ᠤ ᠡᠷᠬᠡ ᠠᠰᠢᠭ ᠲᠤ ᠬᠠᠯᠳᠠᠭᠰᠠᠨ ᠪᠥᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ᠃ | 3. ᠥᠮᠴᠢᠲᠡᠨ ᠤ ᠵᠥᠪᠯᠡᠯ ᠤᠨ ᠬᠠᠮᠢᠶᠠᠷᠤᠯᠲᠠ ᠬᠦᠷᠦᠯᠴᠡᠬᠦ ᠦᠭᠡᠢ ᠵᠡᠷᠭᠡ ᠰᠢᠯᠲᠠᠭᠠᠨ ᠠᠴᠠ ᠪᠣᠯᠵᠤ᠂ | ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠠᠮᠤᠷ ᠲᠦᠪᠰᠢᠨ ᠳᠤ ᠬᠦᠨᠳᠦ ᠶᠡᠭᠡ ᠨᠠᠵᠠᠭᠠᠢ | ᠨᠥᠯᠥᠭᠡ ᠦᠵᠡᠭᠦᠯᠦᠭᠰᠡᠨ᠃ | 4. ᠥᠮᠴᠢᠲᠡᠨ ᠤ ᠵᠥᠪᠯᠡᠯ ᠤᠨ ᠬᠠᠮᠢᠶᠠᠷᠤᠯᠲᠠ ᠬᠦᠷᠦᠯᠴᠡᠬᠦ ᠦᠭᠡᠢ ᠠᠴᠠ ᠪᠣᠯᠵᠤ᠂ ᠰᠦᠯᠵᠢᠶ᠎ᠡ ᠪᠠᠷ | ᠦᠭᠡ ᠦᠯᠡᠳᠡᠭᠡᠬᠦ᠂ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ᠂ ᠣᠯᠠᠨ ᠲᠦᠮᠡᠨ ᠤ ᠤᠲᠠᠰᠤ ᠢᠷᠡᠭᠦᠯᠵᠦ | ᠰᠤᠷᠪᠤᠯᠵᠢᠯᠠᠬᠤ ᠪᠠᠷ ᠢᠷᠡᠬᠦ ᠨᠢ ᠨᠡᠯᠢᠶᠡᠳ ᠣᠯᠠᠨ ᠪᠠᠶᠢᠵᠤ᠂ ᠭᠤᠷᠪᠠ ᠠᠴᠠ ᠳᠡᠭᠡᠭᠰᠢ ᠪᠠᠶᠢᠴᠠᠭᠠᠨ ᠲᠣᠳᠣᠯᠠᠭᠰᠠᠨ | ᠮᠥᠷᠲᠡᠭᠡᠨ ᠰᠠᠶᠢᠲᠤᠷ ᠰᠢᠢᠳᠪᠦᠷᠢᠯᠡᠭᠰᠡᠨ ᠦᠭᠡᠢ ᠶᠢ ᠪᠠᠶᠢᠴᠠᠭᠠᠨ ᠲᠣᠳᠣᠯᠠᠭᠰᠠᠨ᠃ | 5. ᠬᠢᠳᠡᠯ ᠦᠭᠡᠢ ᠪᠤᠶᠤ ᠨᠠᠵᠠᠭᠠᠢ ᠪᠠᠷ ᠬᠠᠨᠳᠤᠬᠤ ᠥᠮᠴᠢᠲᠡᠨ ᠤ ᠵᠥᠪᠯᠡᠯ ᠢ ᠵᠡᠭᠡᠯᠢ ᠶᠢᠨ ᠬᠡᠷᠡᠭ ᠡᠷᠬᠢᠯᠡᠬᠦ | ᠭᠠᠵᠠᠷ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠵᠢᠯᠣᠭᠤᠳᠤᠯᠭ᠎ᠠ ᠪᠠᠷ ᠵᠠᠯᠠᠷᠠᠭᠤᠯᠬᠤ ᠪᠠᠷ | ᠵᠠᠷᠯᠢᠭᠳᠠᠭᠠᠳ ᠦᠷ᠎ᠡ ᠪᠦᠲᠦᠮᠵᠢ ᠪᠠᠷ ᠲᠤᠩ ᠪᠠᠭ᠎ᠠ᠃ | 6. ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠤᠰᠤᠳ ᠪᠠᠶᠢᠳᠠᠯ᠃ | | | | | ᠳᠠᠭᠠᠯᠳᠤᠭᠤᠯᠤᠯ | | | | |