2022 ᠤᠨ ᠤ 1-12 ᠰᠠᠷ᠎ᠠ ᠳᠤ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2023/3/15
       1-12 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 2290719.9 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 4.7% ᠪᠠᠷ ᠨᠡᠮᠡᠭᠳᠡᠪᠡ᠃ ᠡᠵᠡᠩᠨᠡᠯᠲᠡ ᠶᠢᠨ ᠥᠪᠡᠷ ᠤᠨ ᠥᠷᠲᠡᠭ 1689157.4 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 4.6% ᠪᠠᠷ ᠪᠠᠭᠤᠷᠠᠪᠠ᠃ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 130477.4 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ  ᠬᠢ ᠠᠴᠠ 13.6% ᠪᠠᠷ ᠨᠡᠮᠡᠭᠳᠡᠪᠡ᠃ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 424739.9 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 26.5% ᠪᠠᠷ ᠨᠡᠮᠡᠭᠳᠡᠪᠡ᠃ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠤᠷᠮ᠎ᠠ 5.7% ᠪᠠᠶᠢᠵᠤ᠂ ᠲᠦᠷᠦᠭᠦᠦ ᠵᠢᠯ ᠤᠨ ᠬᠢ ᠠᠴᠠ 0.45 ᠵᠠᠭᠤᠨ ᠤ ᠨᠢᠭᠡᠴᠢ ᠪᠠᠷ ᠳᠡᠭᠡᠭᠰᠢᠯᠡᠵᠡᠢ᠃ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠳᠣᠲᠣᠷᠠᠬᠢ ᠥᠪᠡᠷ ᠤᠨ ᠦᠷᠳᠡᠭ᠂ ᠵᠠᠷᠤᠳᠠᠯ ᠨᠢ ᠲᠤᠰ ᠲᠤᠰ 73.74 ᠲᠥᠭᠦᠷᠢᠭ᠂ 7.98 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ ᠲᠤᠰ ᠲᠤᠰ 0.04 ᠲᠥᠭᠦᠷᠢᠭ᠂ 0.36 ᠲᠥᠭᠦᠷᠢᠭ ᠬᠠᠰᠤᠭᠳᠠᠵᠤ᠂ ᠨᠢᠭᠡᠴᠢ ᠶᠢᠨ ᠥᠪᠡᠷ ᠤᠨ ᠦᠷᠳᠡᠭ ᠨᠢ ᠡᠳᠦᠢ ᠲᠡᠳᠦᠢ ᠪᠠᠭᠤᠷᠠᠵᠤ᠂ ᠠᠵᠤ ᠠᠬᠤᠶᠢᠯᠠᠯ ᠤᠨ ᠠᠰᠢᠭ ᠬᠤᠨᠵᠢᠪᠤᠷᠢ ᠳᠤ ᠨᠡᠮᠡᠭᠳᠡᠯ ᠤᠨ ᠦᠢᠯᠡᠳᠦᠯ ᠦᠵᠡᠭᠦᠯᠪᠡ᠃        ᠠᠷᠪᠠᠨ ᠤ ᠵᠢᠷᠭᠤᠭᠠᠨ ᠬᠤᠪᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠪᠡ        1-12 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ  22 ᠡᠷᠦᠬᠡ ᠣᠷᠣᠯᠭ᠎ᠠ ᠶᠢᠨ ᠨᠡᠮᠡᠭᠳᠡᠯ ᠪᠡᠶᠡᠯᠡᠭᠦᠯᠵᠤ᠂ ᠨᠡᠮᠡᠭᠳᠡᠯ ᠤᠨ ᠬᠡᠪᠴᠢᠶ᠎ᠡ  ᠨᠢ 59.46% ᠪᠣᠯᠤᠨ᠎ᠠ᠃ 19 ᠡᠷᠦᠬᠡ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 51.35% ᠪᠣᠯᠣᠨ᠎ᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号