2022 ᠤᠨ ᠤ 1-10 ᠰᠠᠷ᠎ᠠ ᠶᠢᠨ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/3/15
         1-10 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 191.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 2.0% ᠪᠠᠷ ᠨᠡᠮᠡᠭᠳᠡᠭᠦᠯᠦᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ ᠨᠢ 102.2% ᠲᠤ ᠬᠦᠷᠴᠦ᠂ ᠳᠡᠭᠡᠷ᠎ᠡ ᠵᠢᠯ ᠤᠨ ᠬᠢ ᠠᠴᠠ 3.2 ᠵᠠᠭᠤᠨ ᠤ ᠨᠢᠭᠡᠴᠢ ᠪᠠᠷ ᠳᠡᠭᠡᠭᠰᠢᠯᠡᠪᠡ᠃        1-10 ᠰᠠᠷ᠎ᠠ ᠳᠤ᠂ ᠮᠠᠨ ᠤ ᠬᠤᠲᠠ ᠶᠢᠨ ᠦᠢᠯᠡᠳᠬᠦᠨ ᠤ ᠥᠷᠲᠡᠭ ᠨᠢ ᠳ᠋ᠦᠩᠰᠢᠭᠤᠷ ᠢ ᠳᠠᠪᠠᠭᠰᠠᠨ ᠠᠵᠤ ᠠᠬᠤᠶᠢᠯᠠᠯ ᠨᠡᠶᠢᠲᠡ 20 ᠪᠠᠶᠢᠵᠤ᠂ ᠡᠭᠦᠨ ᠳᠤ 10 ᠠᠵᠤ ᠠᠬᠤᠶᠢᠯᠠᠯ ᠨᠢ ᠨᠡᠮᠡᠭᠳᠡᠯ ᠲᠠᠢ ᠪᠠᠶᠢᠵᠤ᠂ 10 ᠠᠵᠤ ᠠᠬᠤᠶᠢᠯᠠᠯ ᠨᠢ ᠪᠠᠭᠤᠷᠠᠵᠠᠢ᠂ ᠡᠨᠡ 20 ᠠᠵᠤ ᠠᠬᠤᠶᠢᠯᠠᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠤᠨ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠤᠨ 96.4% ᠶᠢ ᠡᠵᠡᠯᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠬᠦᠴᠦᠲᠡᠢ ᠲᠤᠯᠭᠠᠭᠤᠷᠢᠯᠠᠭᠰᠠᠨ ᠪᠠᠶᠢᠨ᠎ᠠ᠃        ᠭᠤᠣᠯ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠡᠮᠡᠭᠳᠡᠯ ᠲᠠᠢ ᠪᠠᠭᠤᠷᠠᠯᠲᠠ ᠲᠠᠢ᠃ 1-10 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠤᠯᠪᠣᠭᠳᠠᠭᠰᠠᠨ 22 ᠵᠦᠢᠯ ᠤᠨ ᠦᠢᠯᠡᠳᠬᠦᠨ ᠤ ᠭᠠᠷᠤᠯᠲᠠ ᠶᠢᠨ ᠳᠣᠲᠣᠷᠠᠬᠢ 11 ᠵᠦᠢᠯ ᠨᠢ ᠨᠡᠮᠡᠭᠳᠡᠯ ᠢᠶᠠᠨ ᠪᠠᠲᠤᠯᠠᠵᠤ᠂ ᠡᠭᠦᠨ ᠳᠤ ᠨᠡᠮᠡᠭᠳᠡᠯ ᠤᠨ ᠬᠤᠷᠳᠤᠴᠠ ᠪᠠᠷ ᠨᠡᠯᠢᠶᠡᠳ ᠥᠨᠳᠥᠷ ᠨᠢ᠄ ᠪᠤᠭᠤᠳᠠᠢ ᠶᠢᠨ ᠭᠤᠯᠢᠷ ᠠᠳᠠᠯᠢ ᠬᠤᠭᠤᠴᠠᠭᠠᠨ ᠤ ᠬᠢ ᠠᠴᠠ 162.6% ᠪᠠᠷ ᠨᠡᠮᠡᠭᠳᠡᠵᠦ᠂ ᠲᠠᠸᠠᠷ ᠤᠨ ᠪᠧᠲ᠋ᠤᠨ ᠠᠳᠠᠯᠢ ᠬᠤᠭᠤᠴᠠᠭᠠᠨ ᠤ ᠬᠢ ᠠᠴᠠ 56.9% ᠪᠠᠷ ᠨᠡᠮᠡᠭᠳᠡᠵᠦ᠂ ᠮᠠᠰᠢᠨᠴᠢᠯᠠᠭᠰᠠᠨ ᠲᠠᠷᠢᠶᠠᠯᠠᠩ ᠵᠢᠴᠢ ᠴᠡᠴᠡᠷᠯᠢᠭ ᠤᠨ ᠮᠠᠰᠢᠨ ᠪᠠᠭᠠᠵᠢ ᠠᠳᠠᠯᠢ ᠬᠤᠭᠤᠴᠠᠭᠠᠨ ᠤ ᠬᠢ ᠠᠴᠠ 35.6%  ᠪᠠᠷ ᠨᠡᠮᠡᠭᠳᠡᠵᠦ᠂ ᠴᠠᠭᠠᠰᠤᠨ ᠦᠢᠯᠡᠳᠬᠦᠨ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠵᠡᠢ᠃ 11 ᠵᠦᠢᠯ ᠨᠢ ᠪᠠᠭᠤᠷᠠᠯᠲᠠ ᠲᠠᠢ ᠪᠠᠶᠢᠵᠤ᠂ ᠡᠭᠦᠨ ᠳᠤ ᠢᠯᠡᠳᠲᠡ ᠪᠠᠭᠤᠷᠠᠭᠰᠠᠨ ᠨᠢ᠄ ᠲᠤᠲᠤᠷᠭ᠎ᠠ ᠠᠳᠠᠯᠢ ᠬᠤᠭᠤᠴᠠᠭᠠᠨ ᠤ ᠬᠢ ᠠᠴᠠ 70.9% ᠪᠠᠷ ᠪᠠᠭᠤᠷᠠᠵᠤ᠂ ᠤᠮᠳᠠᠭᠠᠨ ᠤ ᠵᠦᠢᠯ ᠠᠳᠠᠯᠢ ᠬᠤᠭᠤᠴᠠᠭᠠᠨ ᠤ ᠬᠢ ᠠᠴᠠ 42.9% ᠪᠠᠷ ᠪᠠᠭᠤᠷᠠᠵᠤ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭᠠᠨ ᠤ ᠬᠢ ᠠᠴᠠ 41.0% ᠪᠠᠷ ᠪᠠᠭᠤᠷᠠᠵᠤ᠂ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ ᠠᠳᠠᠯᠢ ᠬᠤᠭᠤᠴᠠᠭᠠᠨ ᠤ  ᠬᠢ ᠠᠴᠠ 18.1% ᠪᠠᠷ ᠪᠠᠭᠤᠷᠠᠪᠠ᠃    
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号