| | ᠪᠠᠶᠢᠭᠤᠯᠤᠮᠵᠢ ᠶᠢᠨ ᠡᠭᠦᠷᠭᠡ ᠴᠢᠳᠠᠪᠤᠷᠢ᠄ | 1. ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠭᠦᠯᠵᠦ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃ | 2. ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠤᠲᠠ ᠶᠢᠨ ᠬᠥᠭᠵᠢᠯᠲᠡ ᠶᠢᠨ | ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠪᠠᠯᠭᠠᠰᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ | ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠬᠡᠷᠡᠭᠵᠢᠭᠦᠯᠵᠦ | ᠪᠣᠯᠬᠤ ᠠᠵᠢᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ | ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠪᠦᠬᠦ ᠪᠠᠯᠭᠠᠰᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ | 3. ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ | ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠠᠷᠠᠳ | ᠤᠨ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠬᠤᠲᠠ ᠪᠠᠶᠢᠭᠤᠯᠬᠤ | ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ | ᠣᠷᠴᠢᠨ ᠲᠣᠭᠤᠷᠢᠨ ᠢ ᠬᠠᠮᠠᠭᠠᠯᠠᠬᠤ᠂ ᠤᠳᠠᠭᠠᠨ ᠵᠢᠯ ᠪᠣᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠴᠡᠭᠴᠡᠯᠡᠨ ᠵᠠᠰᠠᠬᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠦᠪᠵᠢᠭᠦᠯᠭᠡ ᠶᠢᠨ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ | 4. ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ | ᠪᠠᠶᠢᠭᠤᠯᠤᠯᠲᠠ ᠶᠢᠨ ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ | ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ | ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠬᠠᠤᠯᠢ ᠶᠣᠰᠣᠭᠠᠷ ᠭᠦᠢᠴᠡᠳᠬᠡᠪᠡᠰᠦ ᠵᠣᠬᠢᠬᠤ | ᠡᠭᠦᠷᠭᠡ ᠪᠠᠨ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 5. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ | ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠦᠢᠯᠡᠰ ᠢ ᠲᠥᠯᠥᠪᠵᠢᠭᠦᠯᠦᠨ | ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠲᠠᠷᠢᠶᠠᠯᠠᠩ ᠳᠤ | ᠬᠤᠯᠪᠣᠭᠳᠠᠬᠤ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠦᠨ᠎ᠡ᠃ | 6. ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠭᠠᠮᠰᠢᠭ ᠢ ᠰᠡᠷᠭᠡᠶᠢᠯᠡᠨ | ᠭᠠᠮᠰᠢᠭ ᠠᠴᠠ ᠠᠪᠤᠷᠠᠬᠤ᠂ ᠬᠦᠴᠢᠷᠳᠡᠯ ᠲᠠᠢ ᠬᠥᠮᠦᠰ ᠢ ᠲᠡᠳᠬᠦᠨ ᠵᠡᠮᠳᠡᠭᠴᠦᠳ ᠢ ᠲᠤᠰᠠᠯᠠᠬᠤ᠂ ᠨᠡᠶᠢᠭᠡᠮ ᠤᠨ | ᠲᠡᠳᠬᠦᠮᠵᠢ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ ᠤᠨ ᠶᠠᠪᠤᠳᠠᠯ ᠤᠨ ᠠᠵᠢᠯ ᠢ ᠰᠠᠶᠢᠲᠤᠷ | ᠬᠢᠬᠦ ᠶᠢ ᠬᠠᠷᠢᠭᠤᠴᠠᠨ᠎ᠠ᠃ ᠠᠷᠠᠳ ᠤᠨ ᠵᠡᠪᠰᠡᠭᠲᠦ ᠬᠦᠴᠦᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | 7. ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ | ᠴᠠᠭᠠᠵᠠ ᠶᠢᠨ ᠦᠢᠯᠡᠴᠢᠯᠡᠭᠡ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ | ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠲᠣᠭᠲᠠᠭᠤᠨ ᠢ ᠬᠠᠮᠠᠭᠠᠯᠠᠨ᠂ | ᠲᠤᠤᠷᠵᠢᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠨ᠎ᠠ᠃ | 8. ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠠᠵᠢᠯ ᠤᠳ ᠢ ᠪᠡᠶᠡᠯᠡᠭᠦᠯᠦᠨ᠎ᠡ᠃ |