ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2023/3/16
       ᠭᠤᠣᠯ ᠡᠭᠦᠷᠭᠡ ᠲᠤᠰᠢᠶᠠᠯ᠄        ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠡᠠ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃        ︵ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠲᠠ ᠶᠢᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠪᠠᠯᠭᠠᠰᠤᠨ ᠤ ᠳᠣᠲᠣᠷᠠᠬᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠶᠠᠪᠤᠭᠳᠠᠭᠤᠰᠢᠲᠠᠢ ᠠᠵᠢᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠣᠷᠴᠢᠨ ᠨᠥᠭᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠪᠥᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃        ︵ᠭᠤᠷᠪᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠬᠤᠲᠠ ᠪᠠᠶᠢᠭᠤᠯᠬᠤ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃        ︵ᠳᠥᠷᠪᠡ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠬᠠᠤᠯᠢ ᠶᠣᠰᠣᠭᠠᠷ ᠭᠦᠢᠴᠡᠳᠬᠡᠪᠡᠰᠦ ᠵᠣᠬᠢᠬᠤ ᠡᠭᠦᠷᠭᠡ ᠪᠠᠨ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠲᠠᠷᠢᠶᠠᠯᠠᠩ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠦᠨ᠎ᠡ᠃        ︵ᠵᠢᠷᠭᠤᠭ᠎ᠠ︶ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠬᠦᠴᠢᠷᠳᠡᠯ ᠲᠠᠢ ᠬᠥᠮᠦᠰ ᠢ ᠲᠡᠳᠬᠦᠨ ᠵᠡᠮᠳᠡᠭᠴᠦᠳ ᠢ ᠬᠠᠪᠰᠤᠷᠬᠤ᠂ ᠨᠡᠶᠢᠭᠡᠮ ᠤᠨ ᠲᠡᠳᠬᠦᠮᠵᠢ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠠᠷᠠᠳ ᠤᠨ ᠵᠡᠪᠰᠡᠭᠲᠦ ᠬᠦᠴᠦᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃        ︵ᠲᠤᠯᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠳᠢᠭᠯᠢᠮ ᠲᠣᠭᠲᠠᠭᠤᠨ ᠢ ᠬᠠᠮᠠᠭᠠᠯᠠᠨ᠂ ᠲᠣᠣᠷᠵᠢᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃        ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
 
ᠢᠷᠡᠯᠲᠡ᠄ ᠲᠠᠪᠢᠨ ᠥᠷᠲᠡᠭᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号