ᠥᠪᠦᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠲᠤᠬᠠᠢ ︵ᠳᠡᠭᠡᠳᠦ︶
ᠨᠡᠶᠢᠲᠡᠯᠡᠭᠰᠡᠨ ᠴᠠᠭ᠄
2023/3/2
                                            ᠪᠠᠲᠤ        1945 ᠣᠨ ᠤ 8 ᠰᠠᠷ᠎ᠠ ᠶᠢᠨ 9 ᠤ ᠡᠳᠦᠷ᠂ ᠵᠥᠪᠯᠡᠯᠲᠦ ᠶᠢᠨ ᠤᠯᠠᠭᠠᠨ ᠴᠡᠷᠢᠭ ᠤᠨ ᠫᠣᠣ ᠶᠢᠨ  ᠳᠠᠭᠤᠨ ᠶᠠᠫᠣᠨ ᠡᠵᠡᠷᠬᠡᠭ ᠲᠦᠷᠢᠮᠡᠬᠡᠶᠢᠲᠡᠨ ᠢᠯᠠᠭᠳᠠᠭᠰᠠᠨ ᠢ ᠲᠤᠩᠬᠠᠭᠯᠠᠵᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠠᠭᠤᠤ ᠶᠡᠭᠡ ᠢᠯᠠᠯᠲᠠ ᠶᠢ ᠤᠭᠲᠤᠨ ᠠᠪᠴᠢᠷᠠᠪᠠ᠃ ᠡᠭᠦᠨ ᠤ ᠬᠠᠮᠲᠤᠳᠠ ᠪᠠᠰᠠ ᠳᠠᠷᠤᠯᠠᠭᠳᠠᠵᠤ ᠪᠠᠶᠢᠭᠰᠠᠨ ᠡᠯ᠎ᠡ ᠦᠨᠳᠦᠰᠦᠲᠡᠨ ᠤ ᠡᠷᠬᠡ ᠴᠢᠯᠦᠭᠡ᠂ ᠠᠷᠠᠳᠴᠢᠯᠠᠯ᠂ ᠦᠨᠳᠦᠰᠦᠲᠡᠨ ᠤ ᠴᠢᠯᠦᠭᠡᠯᠡᠯᠲᠡ ᠶᠢ ᠤᠭᠲᠤᠨ ᠠᠪᠴᠢᠷᠠᠵᠤ᠂ ᠦᠨᠳᠦᠰᠦᠲᠡᠨ ᠤ ᠬᠤᠪᠢ ᠵᠠᠶᠠᠭ᠎ᠠ ᠪᠠᠨ ᠥᠪᠡᠷ ᠢᠶᠠᠨ ᠰᠢᠢᠳᠪᠦᠷᠢᠯᠡᠬᠦ ᠰᠠᠶᠢᠨ ᠰᠠᠶᠢᠬᠠᠨ ᠴᠠᠭ ᠡᠷᠢᠨ ᠢ ᠤᠭᠲᠤᠨ ᠠᠪᠤᠭᠰᠠᠨ ᠪᠠᠶᠢᠨ᠎ᠠ᠃ ᠵᠡᠭᠦᠨ ᠮᠣᠩᠭᠤᠯ ᠤᠨ ᠠᠷᠠᠳ ᠲᠦᠮᠡᠨ ᠢ 14 ᠵᠢᠯ ᠳᠠᠷᠤᠩᠭᠤᠶᠢᠯᠠᠭᠰᠠᠨ ᠶᠠᠫᠣᠨ ᠡᠵᠡᠷᠬᠡᠭ ᠲᠦᠷᠢᠮᠡᠬᠡᠶᠢᠲᠡᠨ ᠮᠥᠬᠦᠵᠦ᠂ ᠭᠤᠮᠢᠨᠳᠠᠩ ᠤᠨ ᠨᠣᠶᠠᠷᠬᠠᠯ ᠤᠨ ᠦᠶ᠎ᠡ ᠳᠤ ᠵᠡᠭᠦᠨ ᠮᠣᠩᠭᠤᠯ ᠤᠨ ᠡᠯ᠎ᠡ ᠨᠢᠭᠤᠭᠳᠠᠮᠠᠯ ᠳᠡᠷᠰᠯᠡᠭᠦᠦ ᠬᠦᠴᠦᠨ ᠪᠦᠷ ᠭᠠᠷᠴᠤ ᠢᠷᠡᠪᠡ᠃ ᠳᠡᠳᠡ ᠵᠠᠷᠢᠮ ᠳᠠᠭᠠᠨ ᠳᠠᠯᠳᠠᠭᠤᠷ ᠴᠡᠷᠢᠭ ᠮᠣᠷᠢ ᠡᠯᠰᠡᠨ᠂ ᠵᠡᠪᠰᠡᠭᠲᠦ ᠬᠦᠴᠦᠨ ᠢ ᠪᠠᠶᠢᠭᠤᠯᠵᠤ᠂ ᠲᠤᠰ ᠲᠤᠰ ᠲᠠᠭᠠᠨ ᠭᠠᠵᠠᠷ ᠢ ᠡᠵᠡᠷᠬᠡᠭᠯᠡᠨ᠂ ᠨᠤᠶᠠᠨ ᠰᠠᠭᠤᠵᠤ᠂ ᠳᠡᠭᠡᠷᠡᠮ ᠤᠨ ᠠᠶᠤᠯ ᠰᠠᠮᠠᠭᠤᠷᠠᠪᠠ᠃ ᠡᠨᠡ ᠪᠠᠶᠢᠳᠠᠯ ᠳᠤ ᠴᠢᠭᠯᠡᠭᠦᠯᠦᠨ᠂ ᠵᠡᠭᠦᠨ ᠮᠣᠩᠭᠤᠯ ᠤᠨ ᠭᠠᠵᠠᠷ ᠣᠷᠤᠨ ᠤ ᠳᠠᠪᠰᠢᠩᠭᠤᠢ ᠬᠦᠴᠦᠨ ᠨᠢ ᠬᠠᠨᠴᠤᠢ ᠳᠣᠭᠲᠤᠶᠢᠯᠠᠨ ᠬᠠᠷᠠᠵᠤ ᠰᠠᠭᠤᠬᠤ ᠦᠭᠡᠢ ᠪᠠᠷ ᠡᠷᠬᠡᠪᠰᠢ ᠵᠡᠪᠰᠡᠭ ᠪᠠᠷᠢᠵᠤ ᠴᠣᠬᠢᠯᠲᠠ ᠥᠭᠴᠦ᠂ ᠡᠨᠡᠬᠦ ᠰᠦᠷᠭᠡᠦ ᠬᠦᠴᠦᠨ ᠤ ᠬᠥᠭᠵᠢᠯᠲᠡ ᠶᠢ ᠬᠤᠷᠢᠭᠯᠠᠨ᠂ ᠡᠳᠡᠭᠡᠷ ᠳᠡᠷᠰᠯᠡᠭᠦᠦ ᠬᠦᠴᠦᠨ ᠢ ᠠᠯᠬᠤᠮ ᠠᠯᠬᠤᠮ ᠢᠶᠠᠷ ᠤᠰᠠᠳᠬᠠᠬᠤ ᠬᠡᠷᠡᠭᠲᠡᠢ ᠭᠡᠳ ᠥᠪᠡᠷ ᠤᠨ ᠵᠡᠪᠰᠡᠭᠲᠦ ᠬᠦᠴᠦᠨ ᠢᠶᠠᠨ ᠵᠣᠬᠢᠶᠠᠨ ᠪᠠᠶᠢᠭᠤᠯᠵᠠᠢ᠃        1945 ᠣᠨ ᠤ 10 ᠰᠠᠷ᠎ᠠ ᠶᠢᠨ 2 ᠤᠨ ᠡᠳᠦᠷ᠂ ᠵᠥᠪᠯᠡᠯᠲᠦ ᠶᠢᠨ ᠴᠡᠷᠢᠭ ᠤᠨ ᠸᠠᠩ ᠤᠨ ᠰᠦᠮ᠎ᠡ ᠳᠤ ᠰᠠᠭᠤᠭ᠎ᠠ ᠬᠤᠲᠠ ᠶᠢᠨ ᠰᠡᠷᠭᠡᠶᠢᠯᠡᠯᠲᠡ ᠶᠢᠨ ᠰᠧᠯᠢᠩᠪᠦ᠋ ᠶᠢᠨ ᠳᠡᠮᠵᠢᠯᠭᠡ ᠳᠣᠤᠷ᠎ᠠ᠂ ᠬᠢᠩᠭᠠᠨ ᠤ ᠭᠠᠵᠠᠷ ᠣᠷᠤᠨ ᠤ ᠠᠷᠠᠳ  ᠤᠨ ᠴᠠᠭᠳᠠᠭᠠᠨ ᠤ ᠶᠡᠭᠡ ᠠᠩᠭᠢ ᠶᠢ ᠪᠠᠶᠢᠭᠤᠯᠪᠠ᠃ ᠪᠠᠶᠢᠳᠠᠯ ᠤᠨ ᠬᠡᠷᠡᠭᠴᠡᠭᠡ ᠳᠤ ᠨᠡᠶᠢᠴᠡᠭᠦᠯᠦᠨ ᠵᠡᠪᠰᠡᠭᠲᠦ ᠬᠦᠴᠦᠨ  ᠢᠶᠠᠨ ᠣᠯᠠᠮ ᠥᠷᠭᠡᠳᠬᠡᠬᠦ ᠶᠢᠨ ᠲᠦᠯᠦᠭᠡ᠂ 1946 ᠣᠨ ᠤ 1 ᠰᠠᠷ᠎ᠠ ᠶᠢᠨ ᠰᠡᠭᠦᠯᠴᠢ ᠪᠠᠷ᠂ ᠠᠷᠠᠳ ᠤᠨ ᠴᠠᠭᠳᠠᠭᠠᠨ ᠤ ᠶᠡᠭᠡ ᠠᠩᠭᠢ ᠶᠢ ᠥᠷᠭᠡᠳᠭᠡᠭᠡᠳ ᠠᠷᠠᠳ ᠤᠨ ᠴᠠᠭᠳᠠᠭᠠᠨ ᠤ ᠶᠡᠷᠦᠩᠬᠡᠢ ᠠᠩᠭᠢ ᠪᠣᠯᠭᠠᠭᠰᠠᠨ ᠰᠠᠭᠤᠷᠢ ᠳᠡᠭᠡᠷ᠎ᠡ ᠥᠪᠦᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢ ᠪᠠᠶᠢᠭᠤᠯᠵᠠᠢ᠃ ᠡᠭᠦᠨ ᠠᠴᠠ ᠠᠪᠤᠭᠠᠳ ᠮᠣᠩᠭᠤᠯ ᠦᠨᠳᠦᠰᠦᠲᠡᠨ ᠤ ᠬᠤᠪᠢᠰᠬᠠᠯ ᠵᠡᠪᠰᠡᠭᠲᠦ ᠬᠦᠴᠦᠨ ᠢᠶᠠᠷ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ᠂ ᠦᠨᠳᠦᠰᠦᠲᠡᠨ ᠤ ᠣᠷᠤᠰᠢᠨ ᠲᠤᠭᠲᠠᠨᠢᠬᠤ ᠡᠷᠬᠡ ᠶᠢ ᠵᠡᠪᠰᠡᠭᠲᠦ ᠬᠦᠴᠦᠨ ᠢᠶᠠᠷ ᠬᠠᠮᠠᠭᠠᠯᠠᠬᠤ ᠲᠡᠮᠡᠴᠡᠯ ᠤᠨ ᠰᠢᠨ᠎ᠡ ᠱᠠᠲᠤᠨ  ᠳᠤ ᠣᠷᠤᠵᠠᠢ᠃        ᠥᠪᠦᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠪᠣᠯ ᠲᠣᠩ ᠪᠣᠳᠤᠯᠢᠶᠠᠨᠲᠤ ᠲᠡᠦᠬᠡᠨ ᠨᠥᠭᠦᠴᠡᠯ ᠳᠣᠤᠷ᠎ᠠ ᠪᠠᠶᠢᠭᠤᠯᠤᠭᠳᠠᠭᠰᠠᠨ ᠶᠤᠮ᠃ ︽8.15︾ ᠳᠤ ᠴᠢᠯᠦᠭᠡᠯᠡᠭᠳᠡᠬᠦ ᠦᠶ᠎ᠡ ᠳᠤ᠂ ᠭᠤᠮᠢᠨᠳᠠᠩ ᠤᠨ ᠲᠡᠷᠰᠯᠡᠭᠦᠦ ᠬᠦᠴᠤᠨ ᠵᠡᠭᠦᠨ ᠮᠣᠩᠭᠤᠯ ᠳᠤ ᠬᠦᠷᠴᠦ ᠠᠮᠵᠢᠭᠠᠳᠤᠢ᠂ ᠮᠣᠩᠭᠤᠯ ᠦᠨᠳᠦᠰᠦᠲᠡᠨ ᠤ ᠹᠸᠤᠳᠠᠯ ᠤᠨ ᠬᠦᠴᠦᠨ ᠴᠦ ᠬᠦᠴᠦᠷᠬᠡᠭ ᠶᠡᠭᠡ ᠡᠩᠨᠡᠭᠡ ᠪᠣᠯᠤᠭᠠᠳᠤᠢ᠂ ᠳᠤᠮᠳᠠᠳᠤ ᠤᠯᠤᠰ ᠤᠨ ᠬᠤᠶᠠᠷ ᠵᠦᠢᠯ ᠤᠨ ᠢᠷᠡᠭᠡᠳᠦᠢ ᠪᠠ ᠬᠤᠶᠠᠷ ᠵᠦᠢᠯ ᠤᠨ ᠬᠤᠪᠢ ᠵᠠᠶᠠᠭᠠᠨ ᠤ ᠬᠠᠷᠠᠯᠲᠠ ᠴᠦ ᠶᠡᠭᠡ ᠪᠠᠯᠠᠷᠬᠠᠢ᠂ ᠵᠡᠭᠦᠨ ᠮᠣᠩᠭᠤᠯ ᠤᠨ ᠡᠨᠡᠬᠦ ᠬᠡᠰᠡᠭ ᠭᠠᠵᠠᠷ ᠣᠷᠤᠨ ᠳᠤ ᠣᠯᠤᠰ ᠲᠦᠷᠦ ᠶᠢᠨ ᠲᠠᠯ᠎ᠠ ᠪᠠᠷ ᠲᠦᠷ ᠴᠠᠭ ᠤᠨ ᠬᠤᠭᠤᠰᠤᠨ ᠪᠠᠶᠢᠳᠠᠯ ᠢᠯᠡᠷᠡᠵᠡᠢ᠃ ᠥᠪᠦᠷ ᠮᠣᠩᠭᠤᠯ ᠤᠨ ᠮᠡᠳᠡᠯᠭᠡᠲᠡᠳ ᠪᠠ ᠳᠠᠪᠰᠢᠩᠭᠤᠢ ᠵᠠᠯᠠᠭᠤᠴᠤᠳ ᠡᠨᠡᠬᠦ ᠠᠰᠢᠭ ᠲᠠᠢ ᠴᠠᠭ ᠡᠷᠢᠨ ᠢ ᠠᠳᠬᠤᠵᠤ᠂ ᠦᠨᠳᠦᠰᠦᠲᠡᠨ ᠤ ᠮᠠᠨᠳᠤᠯ ᠪᠠ ᠲᠤᠤᠱᠲᠠᠢ ᠴᠢᠯᠦᠭᠡᠯᠡᠯᠲᠡ ᠶᠢᠨ ᠭᠡᠷᠡᠯᠲᠦ ᠵᠠᠮ ᠢ ᠡᠷᠢᠨ ᠣᠯᠬᠤ ᠶᠢᠨ ᠲᠦᠯᠦᠭᠡ᠂ ᠪᠣᠯᠵᠤᠭᠰᠠᠨ ᠮᠡᠲᠦ ᠪᠠᠷ ᠸᠠᠩ ᠤᠨ ᠰᠦᠮ᠎ᠡ ᠳᠤ ᠬᠤᠷᠠᠨ ᠴᠤᠭᠯᠠᠷᠠᠪᠠ᠃ ᠸᠠᠩ ᠤᠨ ᠰᠦᠮ᠎ᠡ ᠳᠤ ᠢᠷᠡᠭᠰᠡᠨ ᠴᠡᠷᠢᠭ ᠤᠨ ᠳᠠᠪᠰᠢᠩᠭᠤᠢ ᠵᠠᠯᠠᠭᠤ ᠳᠠᠷᠤᠭ᠎ᠠ ᠨᠠᠷ ᠪᠠ ᠵᠠᠯᠠᠭᠤ ᠰᠡᠭᠡᠬᠡᠲᠡᠨ᠂ ᠦᠨᠳᠦᠰᠦᠲᠡᠨ ᠤ ᠬᠥᠭᠵᠢᠨ ᠮᠠᠨᠳᠤᠬᠤ ᠠᠷᠭ᠎ᠠ ᠪᠣᠳᠤᠯᠭ᠎ᠠ ᠶᠢ ᠵᠥᠪᠳᠡᠯᠴᠡᠵᠦ᠂ ᠣᠷᠲᠤ ᠬᠤᠭᠤᠴᠠᠭᠠᠨ ᠳᠤ ᠦᠨᠳᠦᠰᠦᠲᠡᠨ ᠤ ᠴᠢᠯᠦᠭᠡᠯᠡᠯᠲᠡ ᠶᠢᠨ ᠲᠦᠯᠦᠭᠡ ᠲᠡᠮᠡᠴᠡᠭᠰᠡᠨ ᠲᠤᠷᠰᠢᠯᠭ᠎ᠠ ᠰᠤᠷᠭᠠᠮᠵᠢ ᠪᠠᠨ ᠳ᠋ᠥᠩᠨᠡᠪᠡ᠃ ᠭᠠᠭᠴᠠᠬᠦ ᠳᠤᠮᠳᠠᠳᠤ ᠶᠢᠨ ᠦᠨᠳᠦᠰᠦᠲᠡᠨ ᠲᠣᠶᠢᠯᠪᠤᠷᠢᠲᠠᠢ ᠴᠢᠯᠦᠭᠡᠯᠡᠭᠳᠡᠪᠡᠯ ᠰᠠᠶ᠋ᠢ ᠮᠣᠩᠭᠤᠯ ᠦᠨᠳᠦᠰᠦᠲᠡᠨ ᠥᠭᠡᠳᠡᠯᠡᠵᠦ ᠴᠢᠳᠠᠨ᠎ᠠ ᠭᠡᠵᠦ ᠲᠠᠨᠢᠭᠠᠳ ᠪᠦᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠲᠠᠢ ᠨᠢᠭᠡᠳᠬᠦ ᠬᠡᠰᠡᠨ ᠬᠡᠢ ᠬᠦᠰᠡᠯ ᠢᠶᠠᠨ ᠬᠠᠶᠠᠭᠰᠠᠨ ᠪᠠᠶᠢᠨ᠎ᠠ᠃ ᠡᠭᠦᠨ ᠤ ᠬᠠᠮᠲᠤ ᠳᠡᠲᠡ ᠪᠠᠰᠠ ᠭᠠᠭᠴᠠᠬᠦ ᠡᠪ ᠬᠠᠮᠲᠤ ᠨᠠᠮ ᠢ ᠳᠠᠭᠠᠪᠠᠯ ᠰᠠᠶ᠋ᠢ ᠭᠡᠷᠡᠯ ᠰᠠᠴᠤᠷᠠᠩᠭᠤᠢ ᠢᠷᠡᠭᠡᠳᠦᠢ  ᠲᠠᠢ ᠭᠡᠵᠦ ᠲᠣᠳᠤᠷᠬᠠᠢ ᠬᠠᠷᠠᠵᠣ ᠤᠯᠵᠠᠢ᠃        1945 ᠣᠨ ᠤ 11 ᠰᠠᠷ᠎ᠠ ᠳᠤ᠂ ᠮᠣᠩᠭᠤᠯ ᠦᠨᠳᠦᠰᠦᠲᠡᠨ ᠤ ᠳᠠᠪᠰᠢᠩᠭᠤᠢ ᠴᠡᠷᠢᠭ ᠤᠨ ᠵᠠᠯᠠᠭᠤ ᠳᠠᠷᠤᠭ᠎ᠠ ᠨᠠᠷ ᠨᠠᠢᠮᠠᠳᠤᠭᠠᠷ ᠵᠠᠮ ᠤᠨ ᠴᠡᠷᠢᠭ ᠤᠨ ᠨᠤᠨᠮᠦ᠋ᠷᠡᠨ ᠤ ᠨᠢᠭᠡᠳᠦᠭᠡᠷ ᠰᠠᠯᠪᠤᠷᠢ ᠠᠩᠭᠢ ᠲᠠᠢ ᠬᠠᠷᠢᠯᠴᠠᠵᠤ᠂ ᠤᠳᠠᠯ ᠦᠭᠡᠢ ᠪᠠᠰᠠ ᠵᠠᠩ ᠼᠧ ᠪᠠᠷ ᠪᠦᠷᠢᠨ ᠡᠷᠬᠡᠲᠦ ᠲᠦᠯᠦᠭᠡᠯᠡᠭᠴᠢ ᠪᠣᠯᠭᠠᠭᠰᠠᠨ ᠪᠠᠷᠠᠭᠤᠨ ᠮᠠᠨᠵᠤ ᠶᠢᠨ ᠴᠡᠷᠢᠭ ᠤᠨ ᠲᠣᠭᠤᠷᠢᠭ ᠤᠨ ᠸᠠᠩ ᠤᠨ ᠰᠦᠮ᠎ᠡ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠪᠠᠶᠢᠭᠤᠯᠤᠭᠳᠠᠭᠰᠠᠨ ᠢ ᠤᠭᠲᠤᠭᠠᠳ᠂ ᠡᠪ ᠬᠠᠮᠲᠤ ᠨᠠᠮ  ᠤᠨ ᠬᠠᠪᠰᠤᠷᠤᠯᠭ᠎ᠠ ᠶᠢ ᠡᠷᠢᠵᠦ ᠪᠠᠶᠢᠭᠰᠠᠨ ᠠᠴᠠ ᠪᠠᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠯᠢᠶᠡᠭᠰᠡᠨ ᠲᠡᠦᠬᠡᠨ ᠶᠠᠪᠤᠴᠠ ᠳᠤ ᠣᠷᠤᠵᠠᠢ᠃ ᠡᠶᠢᠮᠦ ᠰᠤᠩᠭᠤᠯᠲᠠ ᠪᠠᠶᠢᠭᠰᠠᠨ ᠠᠴᠠ ᠰᠠᠶ᠋ᠢ ᠬᠤᠵᠢᠮ ᠤᠨ ᠮᠠᠨ ᠤ ᠨᠠᠮ ᠤᠨ ᠵᠡᠭᠦᠨ ᠮᠣᠩᠭᠤᠯ  ᠤᠨ ᠭᠠᠵᠠᠷ ᠣᠷᠤᠨ ᠳᠤ ᠬᠢᠭᠰᠡᠨ ᠬᠤᠪᠢᠰᠬᠠᠯᠲᠤ ᠲᠡᠮᠡᠴᠡᠯ ᠳᠤ ᠢᠯᠠᠯᠲᠠ ᠶᠢᠨ ᠰᠠᠭᠤᠷᠢ ᠲᠠᠯᠪᠢᠨ ᠥᠭᠴᠡᠢ᠃ ᠬᠡᠷᠪᠡ ᠣᠨᠳᠣᠤ ᠵᠦᠢᠯ ᠤᠨ ᠰᠣᠩᠭᠤᠯᠲᠠ ᠡᠰᠡᠭᠦᠯ᠎ᠡ ᠭᠤᠷᠪᠠᠳᠤᠭᠠᠷ ᠵᠦᠢᠯ ᠤᠨ ᠰᠤᠩᠭᠤᠯᠲᠠ ᠡᠷᠢᠭᠰᠡᠨ ᠪᠣᠯ᠂ ᠪᠦᠬᠦᠯᠢ ᠵᠡᠭᠦᠨ ᠮᠣᠩᠭᠤᠯ ᠤᠨ ᠭᠠᠵᠠᠷ ᠪᠣᠯᠤᠨ ᠯᠢᠶᠣᠤᠰᠢ ᠶᠢᠨ ᠭᠠᠵᠠᠷ ᠣᠷᠤᠨ ᠤ ᠲᠡᠮᠡᠴᠡᠯ ᠤᠨ ᠪᠠᠶᠢᠳᠠᠯ ᠴᠣᠬᠤᠮ ᠶᠠᠮᠠᠷ ᠪᠣᠯᠬᠤ ᠶᠢ ᠰᠡᠳᠬᠢᠭᠦᠶ᠎ᠡ ᠪᠡᠷᠬᠡ ᠪᠣᠯᠠᠢ᠃        ᠥᠪᠦᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠪᠦᠷᠢᠯᠳᠦᠭᠦᠨ ᠨᠢ ᠨᠡᠯᠢᠶᠡᠳ ᠪᠤᠳᠤᠯᠢᠶᠠᠨᠲᠠᠢ᠃ ᠭᠡᠪᠡᠴᠦ ᠴᠡᠷᠢᠭ ᠠᠩᠭᠢ ᠶᠢᠨ ᠰᠢᠨᠵᠢ ᠴᠢᠨᠠᠷ ᠢ ᠰᠢᠢᠳᠪᠦᠷᠢᠯᠡᠬᠦ ᠨᠢ ᠡᠨᠡ ᠰᠠᠯᠠᠭ᠎ᠠ ᠴᠡᠷᠢᠭ ᠤᠨ ᠶᠠᠮᠠᠷ ᠬᠥᠮᠦᠨ ᠪᠤᠶᠤ ᠶᠠᠮᠠᠷ ᠠᠩᠭᠢ ᠶᠢᠨ ᠭᠠᠷᠤᠯ ᠲᠠᠢ ᠬᠥᠮᠦᠨ ᠢᠶᠠᠷ ᠪᠦᠷᠢᠯᠳᠦᠭᠰᠡᠨ ᠳᠤ ᠪᠠᠶᠢᠬᠤ ᠪᠢᠰᠢ᠂ ᠬᠠᠷᠢᠨ ᠡᠨᠡ ᠨᠢᠭᠡ ᠰᠠᠯᠠᠭ᠎ᠠ ᠴᠡᠷᠢᠭ ᠠᠩᠭᠢ ᠨᠢ ᠠᠯᠢ ᠠᠩᠭᠢ ᠳᠤ᠂ ᠶᠠᠮᠠᠷ ᠤᠯᠤᠰ ᠲᠦᠷᠦ ᠶᠢᠨ ᠵᠣᠷᠢᠯᠭ᠎ᠠ ᠳᠤ ᠦᠢᠯᠡᠴᠢᠯᠡᠬᠦ ᠤᠯᠤᠰ ᠲᠦᠷᠦ  ᠶᠢᠨ ᠴᠢᠭᠯᠡᠯ ᠢᠶᠠᠷ ᠨᠢ ᠰᠢᠢᠳᠪᠦᠷᠢᠯᠡᠭᠳᠡᠬᠦ ᠶᠤᠮ᠃ ᠠᠷᠪᠠᠨ ᠰᠠᠷ᠎ᠠ ᠶᠢᠨ ᠬᠤᠪᠢᠰᠬᠠᠯ ᠳᠤ ᠯᠧᠨᠢᠨ ᠤ ᠤᠳᠤᠷᠢᠳᠤᠭᠰᠠᠨ ᠪᠣᠰᠤᠯᠭ᠎ᠠ ᠶᠢᠨ ᠴᠡᠷᠢᠭ ᠪᠣᠯ ᠬᠠᠭᠤᠴᠢᠨ ᠤ ᠬᠠᠭᠤᠷᠠᠢ ᠪᠠ ᠳᠠᠯᠠᠢ ᠶᠢᠨ ᠴᠡᠷᠢᠭ ᠤᠨ ᠪᠠᠶᠢᠯᠳᠤᠭᠴᠢᠳ ᠪᠣᠯᠤᠨ ᠳᠠᠪᠰᠢᠭᠰᠠᠨ ᠴᠡᠷᠢᠭ ᠤᠨ ᠳᠠᠷᠤᠭ᠎ᠠ ᠨᠠᠷ ᠢᠶᠠᠷ ᠪᠦᠷᠢᠯᠳᠦᠭᠰᠡᠨ ᠪᠠᠶᠢᠪᠠ᠃ ᠡᠭᠦᠨ ᠠᠴᠠ ᠪᠣᠯᠵᠤ ᠲᠡᠷᠡ ᠦᠶ᠎ᠡ ᠶᠢᠨ ᠤᠯᠠᠭᠠᠨ ᠴᠡᠷᠢᠭ ᠢ ᠬᠠᠭᠤᠴᠢᠨ ᠤ ᠴᠡᠷᠢᠭ ᠭᠡᠵᠦ ᠪᠣᠯᠬᠤ ᠦᠭᠡᠢ ᠶᠤᠮ᠃ ᠮᠠᠨ ᠤ ᠴᠡᠷᠢᠭ ᠤᠨ ᠨᠠᠨᠴᠠᠩ ᠤᠨ ᠪᠣᠰᠤᠯᠭ᠎ᠠ ᠶᠢᠨ ᠴᠡᠷᠢᠭ ᠪᠠᠰᠠ ᠬᠠᠭᠤᠴᠢᠨ ᠴᠡᠷᠢᠭ ᠤᠨ ᠳᠣᠲᠤᠷᠠᠬᠢ ᠲᠡᠷᠢᠭᠦᠨ ᠤ ᠬᠦᠮᠦᠰ ᠢᠶᠠᠷ ᠪᠦᠷᠢᠯᠳᠦᠭᠰᠡᠨ ᠪᠠᠶᠢᠵᠠᠢ᠃ ᠡᠩ ᠤᠨ ᠪᠠᠶᠢᠳᠠᠯ ᠳᠣᠤᠷ᠎ᠠ᠂ ᠺᠣᠯᠣᠨᠢ᠂ ᠬᠠᠭᠠᠰ ᠺᠣᠯᠣᠨᠢ ᠹᠸᠤᠳᠠᠯ ᠤᠨ ᠨᠡᠶᠢᠭᠡᠮ ᠠᠴᠠ ᠨᠢᠭᠡ ᠯᠡ ᠳᠣᠤᠷ᠎ᠠ ᠰᠢᠨ᠎ᠡ ᠠᠷᠠᠳᠴᠢᠯᠠᠭᠰᠠᠨ ᠬᠤᠪᠢᠰᠬᠠᠯ ᠤᠨ ᠱᠠᠲᠤᠨ ᠳᠤ ᠰᠢᠯᠵᠢᠨ ᠣᠷᠤᠭᠰᠠᠨ ᠨᠡᠶᠢᠭᠡᠮ ᠳᠤ ᠪᠦᠷᠢᠮᠦᠰᠦᠨ ᠬᠦᠳᠡᠯᠮᠦᠷᠢᠴᠢᠨ ᠠᠷᠠᠳ ᠢᠶᠠᠷ ᠪᠦᠷᠢᠯᠳᠦᠭᠰᠡᠨ ᠴᠡᠷᠢᠭ ᠡᠭᠦᠰᠴᠦ ᠴᠢᠳᠠᠬᠤ ᠦᠭᠡᠢ ᠶᠤᠮ᠃ ᠬᠠᠷᠢᠨ ᠡᠯ᠎ᠡ ᠠᠩᠭᠢ ᠶᠢᠨ ᠲᠡᠷᠢᠭᠦᠨ ᠤ ᠬᠥᠮᠦᠰ ᠢᠶᠠᠷ ᠪᠦᠷᠢᠯᠳᠦᠭᠰᠡᠨ ᠳᠠᠪᠰᠢᠩᠭᠤᠢ ᠵᠡᠪᠰᠡᠭᠲᠦ ᠪᠥᠯᠬᠦᠮ ᠢ ᠪᠠᠶᠢᠭᠤᠯᠬᠤ ᠪᠦᠭᠡᠳ ᠲᠤᠰ ᠪᠥᠯᠬᠦᠮ ᠪᠣᠶᠤ ᠲᠤᠰ ᠦᠨᠳᠦᠰᠦᠲᠡᠨ ᠤ ᠪᠠᠨ ᠤᠯᠤᠰ ᠲᠦᠷᠦ ᠶᠢᠨ ᠡᠭᠦᠷᠭᠡ ᠶᠢ ᠪᠡᠶᠡᠯᠡᠭᠦᠯᠬᠦ ᠳᠤ ᠦᠢᠯᠡᠴᠢᠯᠡᠨ᠎ᠡ᠃ ᠥᠪᠦᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠨᠢ ᠲᠤᠬᠠᠢ ᠶᠢᠨ ᠴᠠᠭ ᠲᠤ ᠶᠠᠭ ᠡᠶᠢᠮᠦ ᠤᠯᠤᠰ ᠲᠦᠷᠦ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠲᠦᠯᠦᠭᠡ ᠪᠠᠶᠢᠭᠤᠯᠤᠭᠳᠠᠭᠰᠠᠨ ᠪᠠᠶᠢᠵᠠᠢ᠂ ᠡᠨᠡ ᠨᠢ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠰᠢᠨᠵᠢ ᠴᠢᠨᠠᠷ ᠢ ᠰᠢᠢᠳᠪᠦᠷᠢᠯᠡᠭᠰᠡᠨ ᠨᠢᠭᠡᠨ ᠬᠠᠮᠤᠭ ᠤᠨ ᠦᠨᠳᠦᠰᠦᠨ ᠵᠣᠷᠪᠤᠰ ᠮᠦᠨ᠃        ᠠᠯᠢᠪᠠ ᠬᠤᠪᠢᠰᠬᠠᠯ ᠤᠨ ᠦᠨᠳᠦᠰᠦᠨ ᠠᠰᠠᠭᠤᠳᠠᠯ ᠪᠣᠯ ᠵᠠᠰᠠᠭ ᠤᠨ ᠡᠷᠬᠡ ᠶᠢᠨ ᠠᠰᠠᠭᠤᠳᠠᠯ ᠮᠦᠨ᠃ ᠥᠪᠦᠷ ᠮᠣᠩᠭᠤᠯ ᠤᠨ ᠠᠷᠠᠳ ᠲᠦᠮᠡᠨ ᠤ 1947 ᠣᠨ ᠤ ︽5.1︾ ᠤ ᠶᠡᠭᠡ ᠬᠤᠷᠠᠯ ᠤᠨ ᠤᠷᠢᠳ ᠬᠤᠵᠢᠳ ᠶᠠᠪᠤᠭᠤᠯᠤᠭᠰᠠᠨ ᠲᠡᠮᠡᠴᠡᠯ ᠪᠣᠯ ᠳᠠᠷᠤᠢ ᠮᠣᠩᠭᠤᠯ ᠦᠨᠳᠦᠰᠦᠲᠡᠨ ᠪᠠ ᠥᠪᠦᠷ ᠮᠣᠩᠭᠤᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷ᠎ᠠ᠂ ᠵᠠᠰᠠᠭ ᠤᠨ ᠡᠷᠬᠡ ᠶᠢ ᠪᠣᠯᠢᠶᠠᠨ ᠠᠪᠴᠤ ᠦᠨᠳᠦᠰᠦᠲᠡᠨ ᠤ ᠠᠷᠠᠳᠴᠢᠯᠠᠭᠰᠠᠨ ᠵᠠᠰᠠᠭ ᠢ ᠪᠠᠶᠢᠭᠤᠯᠬᠤ ᠶᠢᠨ ᠲᠦᠯᠦᠭᠡ ᠶᠠᠪᠤᠭᠤᠯᠤᠭᠰᠠᠨ ᠲᠡᠮᠡᠴᠡᠯ ᠮᠦᠨ᠃ ᠡᠭᠦᠨ ᠳᠤ ᠮᠣᠷᠢᠲᠦ ᠴᠡᠷᠢᠭ ᠤᠨ ᠨᠢᠭᠡᠳᠦᠭᠡᠷ ᠳ᠋ᠢᠸᠢᠽᠢ ᠬᠠᠮᠤᠭ ᠲᠡᠷᠢᠭᠦᠨ ᠳᠤ ᠡᠨᠡᠬᠦ ᠲᠡᠦᠬᠡᠲᠦ ᠡᠭᠦᠷᠭᠡ ᠶᠢ ᠡᠭᠦᠷᠭᠡᠯᠡᠭᠰᠡᠨ ᠪᠦᠭᠡᠳ ᠡᠭᠦᠨ ᠤ ᠲᠦᠯᠦᠭᠡ ᠲᠡᠮᠡᠴᠡᠭᠰᠡᠨ ᠪᠠᠶᠢᠵᠠᠢ᠃ ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠠᠶᠢᠭᠤᠯᠤᠭᠳᠠᠭᠰᠠᠨ ᠨᠢ ᠮᠣᠷᠢᠲᠦ ᠴᠡᠷᠢᠭ ᠤᠨ ᠨᠢᠭᠡᠳᠦᠭᠡᠷ ᠳ᠋ᠢᠸᠢᠽᠢ ᠶᠢᠨ ᠪᠦᠬᠦ ᠵᠢᠯᠤᠭᠤᠳᠤᠭᠴᠢ ᠪᠠᠶᠢᠯᠳᠤᠭᠴᠢᠳ ᠢ ᠲᠦᠢᠯ  ᠢᠶᠠᠷ ᠵᠣᠷᠢᠭᠵᠢᠭᠤᠯᠤᠭᠰᠠᠨ ᠪᠠᠶᠢᠪᠠ᠃ ᠡᠨᠡᠬᠦ ᠵᠠᠰᠠᠭ ᠤᠨ ᠣᠷᠳᠤᠨ ᠤ ᠤᠳᠤᠷᠢᠳᠤᠯᠭ᠎ᠠ ᠳᠣᠤᠷ᠎ᠠ ᠶᠠᠪᠤᠭᠤᠯᠤᠭᠰᠠᠨ ᠣᠷᠤᠨ ᠤ ᠥᠪᠡᠷᠲᠡᠭᠡᠨ ᠵᠠᠰᠠᠬᠤ ᠲᠦᠷᠦ ᠶᠢᠨ ᠪᠣᠳᠤᠯᠭ᠎ᠠ᠂ ᠭᠠᠵᠠᠷ ᠲᠠᠷᠢᠶᠠᠨ ᠤ ᠥᠭᠡᠷᠡᠴᠢᠯᠡᠯᠲᠡ᠂ ᠹᠸᠤᠳᠠᠯ ᠤᠨ ᠡᠯ᠎ᠡ ᠵᠦᠢᠯ ᠤᠨ ᠣᠨᠴᠠ ᠡᠷᠬᠡ ᠶᠢ ᠦᠭᠡᠶᠢᠰᠭᠡᠬᠦ ᠠᠷᠠᠳᠴᠢᠯᠠᠭᠰᠠᠨ ᠥᠭᠡᠷᠡᠴᠢᠯᠡᠯᠲᠡ ᠶᠢᠨ ᠲᠦᠷᠦ ᠶᠢᠨ ᠪᠣᠳᠤᠯᠭ᠎ᠠ ᠨᠤᠭᠤᠳ ᠨᠢ ᠴᠡᠷᠢᠭ ᠠᠩᠬᠢ ᠶᠢᠨ ᠪᠦᠲᠦᠭᠡᠨ ᠪᠠᠶᠢᠭᠤᠯᠤᠯᠲᠠ ᠶᠢ ᠲᠣᠩ ᠶᠡᠭᠡ ᠠᠬᠢᠭᠤᠯᠵᠤ᠂ ᠴᠡᠷᠢᠭ ᠠᠩᠭᠢ ᠶᠢᠨ ᠤᠯᠤᠰ ᠲᠦᠷᠦ ᠶᠢᠨ ᠬᠠᠶᠢᠷ᠎ᠠ ᠬᠠᠯᠠᠭᠤᠨ ᠢ ᠬᠥᠭᠵᠢᠭᠡᠵᠦ᠂ ᠴᠡᠷᠢᠭ ᠠᠩᠬᠢ ᠶᠢᠨ ᠪᠠᠶᠢᠯᠳᠤᠬᠤ ᠬᠦᠴᠦᠨ ᠢ ᠨᠢ ᠳᠡᠭᠡᠭᠰᠢᠯᠡᠭᠦᠯᠵᠡᠢ᠃ ︵ᠦᠷᠭᠦᠯᠵᠢᠯᠡᠯ ᠪᠣᠢ︶
 
ᠢᠷᠡᠯᠲᠡ᠄ ᠬᠢᠩᠭᠠᠨ ᠤ ᠬᠤᠪᠢᠰᠬᠠᠯᠲᠤ ᠲᠡᠦᠬᠡᠨ ᠶᠠᠷᠢᠶ᠎ᠠ ︵ᠨᠢᠭᠡᠳᠦᠭᠡᠷ ᠪᠣᠳᠢ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号