ᠥᠪᠦᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠲᠤᠬᠠᠢ ︵ᠳᠣᠤᠷᠠᠳᠤ︶
ᠨᠡᠶᠢᠲᠡᠯᠡᠭᠰᠡᠨ ᠴᠠᠭ᠄
2023/3/2
                                            ᠪᠠᠲᠤ       ᠥᠪᠦᠷ ᠮᠣᠩᠭᠤᠯ ᠤᠨ ᠮᠣᠷᠢᠲᠦ ᠴᠡᠷᠢᠭ ᠤᠨ ᠨᠢᠭᠡᠳᠦᠭᠡᠷ ᠳ᠋ᠢᠸᠢᠽᠢ ᠪᠠᠶᠢᠭᠤᠯᠤᠭᠳᠠᠭᠰᠠᠨ ᠴᠠᠭ ᠠᠴᠠ ᠪᠠᠨ ᠡᠬᠢᠯᠡᠨ᠂ ᠬᠢᠩᠭᠠᠨ ᠠᠶᠢᠮᠠᠭ ᠤᠨ ᠭᠠᠵᠠᠷ ᠣᠷᠤᠨ ᠤ ᠠᠮᠤᠷ ᠲᠥᠪᠰᠢᠨ ᠢ ᠬᠠᠮᠠᠭᠠᠯᠠᠵᠤ᠂ ᠨᠡᠶᠢᠭᠡᠮ ᠤᠨ ᠡᠮᠬᠢ ᠲᠢᠭᠯᠢᠮ ᠢ ᠲᠣᠭᠲᠠᠭᠤᠨ ᠪᠣᠯᠭᠠᠵᠤ᠂ ᠡᠪᠳᠡᠨ ᠲᠦᠢᠪᠡᠭᠡᠬᠦ ᠭᠠᠵᠢᠭᠤ ᠬᠦᠴᠦᠨ ᠳᠤ ᠴᠣᠬᠢᠯᠲᠠ ᠥᠭᠬᠦᠭᠰᠡᠨ ᠪᠦᠭᠡᠳ ᠳᠡᠭᠡᠷᠡᠮ ᠢ ᠠᠷᠢᠯᠭᠠᠬᠤ᠂ ᠭᠤᠮᠢᠨᠳᠠᠩ ᠤᠨ ︽ᠭᠤᠸᠠᠩ ᠹᠦ᠋ ᠵᠢᠶᠦ᠋ᠨ ᠴᠡᠷᠢᠭ︾ ᠢ ᠪᠦᠰᠡᠯᠡᠨ ᠤᠰᠠᠳᠬᠠᠬᠤ ᠪᠠ ᠡᠯ᠎ᠡ ᠵᠦᠢᠯ ᠤᠨ ᠲᠡᠷᠰᠯᠡᠭᠦᠦ ᠬᠦᠴᠦᠨ ᠲᠠᠢ ᠶᠠᠪᠤᠭᠤᠯᠤᠭᠰᠠᠨ ᠰᠢᠷᠦᠭᠦᠨ ᠪᠠᠶᠢᠯᠳᠤᠭᠠᠨ ᠤ ᠳᠤᠮᠳᠠ ᠦᠰᠦᠨ ᠪᠣᠶᠢᠵᠢᠵᠤ᠂ ᠠᠭᠠᠵᠢᠮ ᠢᠶᠠᠷ ᠬᠠᠲᠠᠭᠤᠵᠢᠨ ᠪᠣᠯᠪᠠᠰᠤᠷᠠᠭᠠᠳ ᠪᠠᠶᠢᠯᠳᠤᠭᠠᠨ ᠳᠤ ᠴᠢᠳᠠᠮᠠᠭᠠᠢ᠂ ᠲᠡᠮᠤᠷ ᠮᠠᠲᠦ ᠰᠠᠬᠢᠯᠭ᠎ᠠ ᠪᠠᠲᠤ ᠲᠠᠢ ᠠᠷᠠᠳ ᠤᠨ ᠴᠡᠷᠢᠭ ᠪᠣᠯᠤᠭᠰᠠᠨ ᠪᠠᠶᠢᠨ᠎ᠠ᠃ ᠠᠷᠠᠳ ᠤᠨ ᠴᠢᠯᠦᠭᠡᠯᠡᠬᠦ ᠳᠠᠶᠢᠨ ᠤ ᠦᠶ᠎ᠡ ᠳᠤ᠂ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠨᠢ ᠯᠢᠶᠣᠣᠰᠢ ᠵᠡᠷᠭᠡ ᠬᠡᠳᠦᠨ ᠪᠠᠶᠢᠯᠳᠤᠭᠠᠨ ᠤ ᠲᠠᠯᠠᠪᠤᠷ ᠲᠤ ᠭᠤᠮᠢᠨᠳᠠᠩ ᠤᠨ ᠴᠡᠷᠢᠭ ᠲᠠᠢ ᠬᠡᠳᠦᠨ ᠵᠠᠭᠤᠨ ᠤᠳᠠᠭ᠎ᠠ ᠶᠡᠭᠡ ᠪᠠᠭ᠎ᠠ ᠲᠤᠯᠤᠯᠳᠤᠭᠠᠨ ᠬᠢᠵᠦ᠂ ᠵᠡᠭᠦᠨ ᠬᠤᠶᠢᠲᠦ ᠣᠷᠤᠨ ᠢ ᠴᠢᠯᠦᠭᠡᠯᠡᠬᠦ ᠳᠠᠶᠢᠨ ᠤ ᠬᠡᠳᠦᠨ ᠤᠳᠠᠭᠠᠨ ᠤ ᠶᠡᠭᠡ ᠳᠠᠶᠢᠯᠠᠯᠳᠤᠭᠠᠨ ᠳᠤ ᠣᠷᠤᠯᠴᠠᠵᠤ᠂ ᠲᠤᠭ᠎ᠠ ᠲᠤᠮᠰᠢ ᠦᠭᠡᠢ ᠣᠯᠠᠨ ᠪᠠᠶᠢᠯᠳᠤᠭᠴᠢᠳ ᠤᠨ ᠠᠷᠢᠭᠤᠨ ᠴᠢᠰᠤ ᠨᠠᠨᠳᠢᠨ ᠠᠮᠢ  ᠪᠠᠷ ᠥᠪᠦᠷ ᠮᠣᠩᠭᠤᠯ ᠢ ᠬᠠᠮᠠᠭᠠᠯᠠᠨ᠂ ᠵᠡᠭᠦᠨ ᠬᠤᠶᠢᠲᠤ ᠣᠷᠤᠨ ᠤ ᠪᠠᠶᠢᠯᠳᠤᠭᠠᠨ ᠤ ᠲᠠᠯᠠᠪᠤᠷ ᠤᠨ ᠠᠷᠤ ᠲᠠᠯ᠎ᠠ ᠶᠢᠨ ᠰᠠᠭᠤᠷᠢᠨ ᠭᠠᠵᠠᠷ ᠢ ᠪᠠᠭᠢᠵᠢᠭᠦᠯᠦᠭᠡᠳ᠂ ᠵᠡᠭᠦᠨ ᠬᠤᠶᠢᠲᠤ ᠣᠷᠤᠨ ᠤ ᠴᠢᠯᠦᠭᠡᠯᠡᠬᠦ ᠳᠠᠶᠢᠨ ᠢ ᠬᠦᠴᠦᠲᠡᠢ ᠳᠡᠮᠵᠢᠭᠰᠡᠨ ᠶᠤᠮ᠃ ᠵᠥᠪᠬᠡᠨ ᠯᠢᠶᠣᠤᠰᠢ ᠶᠢᠨ ᠳᠠᠶᠢᠨ ᠤ ᠲᠠᠯᠠᠪᠤᠷ ᠲᠤ ᠪᠡᠶ᠎ᠡ ᠦᠷᠡᠭᠳᠡᠭᠰᠡᠨ ᠰᠠᠯᠠᠭᠠᠨ ᠳᠠᠷᠤᠭ᠎ᠠ ᠠᠴᠠ ᠳᠡᠭᠡᠭᠰᠢ ᠶᠢᠨ ᠺᠠᠳ᠋ᠷ 50 ᠭᠠᠷᠤᠢ ᠬᠥᠮᠦᠨ ᠪᠠᠶᠢᠨ᠎ᠠ᠃ ᠡᠯ᠎ᠡ ᠳᠡᠰ ᠤᠨ ᠭᠠᠪᠢᠶ᠎ᠠ ᠪᠠᠶᠢᠭᠤᠯᠤᠭᠰᠠᠨ ᠺᠠᠳ᠋ᠷ᠂ ᠪᠠᠶᠢᠯᠳᠤᠭᠴᠢᠳ 500 ᠭᠠᠷᠤᠢ ᠬᠥᠮᠦᠨ ᠪᠠᠶᠢᠪᠠ᠃ ᠶᠡᠭᠡ ᠭᠠᠪᠢᠶ᠎ᠠ ᠪᠠᠶᠢᠭᠤᠯᠤᠭᠰᠠᠨ ᠰᠣᠮᠤ ᠰᠠᠯᠠᠭᠠᠨ ᠳᠡᠰ ᠤᠨ ᠪᠠᠶᠢᠭᠤᠯᠭ᠎ᠠ 15 ᠪᠠᠶᠢᠵᠤ᠂ ᠳᠠᠶᠢᠰᠤᠨ ᠢ ᠲᠦᠮᠡ ᠭᠠᠷᠤᠢ ᠤᠰᠠᠳᠬᠠᠭᠰᠠᠨ ᠪᠠᠶᠢᠵᠠᠢ᠃ ᠡᠳᠡᠭᠡᠷ ᠪᠣᠳᠠᠲᠤ ᠬᠡᠷᠡᠭ ᠨᠢ ᠮᠤᠷᠢᠲᠤ ᠴᠡᠷᠢᠭ ᠤᠨ ᠨᠢᠭᠡᠳᠦᠭᠡᠷ ᠳ᠋ᠢᠸᠢᠽᠢ ᠪᠣᠯ ᠢᠷᠠᠭᠤ ᠠᠯᠳᠠᠷᠲᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠨᠡᠷ᠎ᠡ ᠨᠢᠳᠡᠷ ᠲᠡᠭᠡᠨ ᠲᠡᠩᠴᠡᠭᠰᠡᠨ ᠪᠦᠷᠢᠯᠳᠦᠭᠦᠨ ᠮᠦᠨ ᠭᠡᠰᠡᠨ ᠢ ᠪᠦᠷᠢᠨ ᠭᠡᠷᠡᠴᠢᠯᠡᠵᠡᠢ᠃ ᠡᠨᠡ ᠪᠣᠯ ᠮᠤᠷᠢᠲᠦ ᠴᠡᠷᠢᠭ ᠤᠨ ᠨᠢᠭᠡᠳᠦᠭᠡᠷ ᠳ᠋ᠢᠸᠢᠽᠢ ᠶᠢᠨ ᠰᠢᠨᠵᠢ ᠴᠢᠨᠠᠷ ᠤᠨ ᠦᠨᠳᠦᠰᠦᠨ ᠢᠯᠡᠷᠡᠯ ᠮᠦᠨ᠃ ᠥᠪᠦᠷ ᠮᠣᠩᠭᠤᠯ ᠤᠨ ᠮᠣᠷᠢᠲᠦ ᠴᠡᠷᠢᠭ ᠤᠨ ᠨᠢᠭᠡᠳᠦᠭᠡᠷ ᠳ᠋ᠢᠸᠢᠽᠢ᠂ ᠮᠠᠤ ᠽᠧ ᠳ᠋ᠦᠩ ᠤᠨ ᠪᠠᠶᠢᠯᠳᠤᠬᠤ ᠪᠣᠳᠤᠯᠭ᠎ᠠ ᠪᠠᠶᠢᠯᠳᠤᠬᠤ ᠠᠷᠭ᠎ᠠ ᠶᠢᠨ ᠵᠠᠷᠴᠢᠮ ᠢᠶᠠᠷ ᠮᠣᠷᠢᠲᠦ ᠴᠡᠷᠢᠭ ᠤᠨ ᠳᠠᠪᠠᠭᠤᠯᠢᠭ ᠲᠠᠯ᠎ᠠ ᠪᠠᠨ ᠠᠮᠢᠳᠤᠯᠢᠭ ᠢᠶᠠᠷ ᠪᠠᠳᠠᠷᠠᠭᠤᠯᠵᠤ᠂ ᠥᠷᠭᠡᠨ ᠠᠭᠤᠳᠠᠮ ᠣᠷᠤᠨ ᠳᠠᠭᠠᠨ ᠬᠦᠳᠡᠯᠭᠡᠭᠡᠨᠲᠦ ᠳᠠᠶᠢᠨ᠂ ᠬᠡᠭᠡᠷ᠎ᠡ ᠶᠢᠨ ᠪᠠᠶᠢᠯᠳᠤᠭᠠᠨ ᠂ ᠰᠦᠨᠢ ᠶᠢᠨ ᠪᠠᠶᠢᠯᠳᠤᠭᠠᠨ ᠬᠢᠵᠦ᠂ ᠬᠤᠯᠠ ᠶᠢᠨ ᠳᠠᠭᠠᠷᠢᠯᠲᠠ ᠳᠤ ᠶᠡᠭᠡ ᠲᠣᠭᠤᠷᠢᠯᠲᠠ ᠶᠡᠭᠡ ᠪᠦᠰᠡᠯᠡᠯᠲᠡ ᠶᠢᠨ ᠳᠠᠶᠢᠨ ᠬᠢᠬᠦ ᠡᠭᠦᠷᠭᠡ ᠶᠢ ᠬᠠᠷᠢᠭᠤᠴᠠᠵᠤ᠂ ᠱᠠᠯᠠᠮᠠᠭᠠᠢ ᠲᠦᠷᠭᠡᠨ ᠪᠠᠶᠢᠯᠳᠤᠬᠤ ᠠᠷᠭ᠎ᠠ ᠪᠠᠷ ᠳᠠᠶᠢᠰᠤᠨ ᠤ ᠠᠷᠤ ᠲᠠᠯ᠎ᠠ ᠳᠤ ᠭᠦᠨᠵᠡᠭᠡᠶᠢᠷᠡᠭᠡᠳ᠂ ᠳᠠᠶᠢᠰᠤᠨ ᠤ ᠵᠠᠮ ᠲᠡᠭᠡᠭᠡᠪᠦᠷᠢ ᠪᠠ ᠴᠢᠬᠤᠯᠠ ᠰᠠᠭᠤᠷᠢᠨ ᠢ ᠡᠪᠳᠡᠵᠦ ᠬᠤᠲᠠ ᠶᠢ ᠪᠦᠰᠡᠯᠡᠨ ᠲᠤᠰᠠᠯᠠᠨ ᠪᠠᠶᠢᠯᠳᠤᠬᠤ ᠵᠡᠷᠭᠡ ᠪᠠᠷ ᠮᠣᠩᠭᠤᠯ ᠦᠨᠳᠦᠰᠦᠲᠡᠨ ᠤ ᠮᠤᠷᠢ ᠣᠨᠤᠬᠤ ᠫᠤᠤ ᠬᠠᠷᠪᠤᠬᠤ ᠡᠷᠳᠡᠮ ᠢᠶᠠᠨ ᠪᠦᠷᠢᠨ ᠪᠠᠳᠠᠷᠠᠭᠤᠯᠤᠭᠰᠠᠨ ᠪᠠᠶᠢᠵᠠᠢ᠃        ᠮᠠᠷᠺᠰ ᠯᠧᠨᠢᠨ ᠤ ᠦᠵᠡᠯ᠂ ᠮᠠᠤ ᠽᠧ ᠳ᠋ᠥᠩ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠤᠷᠠᠬᠢ ᠤᠯᠤᠰ ᠲᠦᠷᠦ ᠶᠢᠨ ᠠᠵᠢᠯ ᠪᠣᠯ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠠᠮᠢᠨ ᠰᠤᠳᠠᠰᠤ ᠮᠦᠨ᠂ ᠥᠪᠦᠷ ᠮᠣᠩᠭᠤᠯ ᠤᠨ ᠮᠣᠷᠢᠲᠦ ᠴᠡᠷᠢᠭ ᠤᠨ ᠨᠢᠭᠡᠳᠦᠭᠡᠷ ᠳ᠋ᠢᠸᠢᠽᠢ ᠶᠢᠨ ᠤᠯᠤᠰ ᠲᠦᠷᠦ ᠶᠢᠨ ᠠᠵᠢᠯ ᠢ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠣᠢ ᠪᠣᠯᠭᠠᠭᠰᠠᠨ ᠪᠦᠭᠡᠳ ᠤᠳᠤᠷᠢᠳᠤᠭᠠᠳ᠂ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠨᠢ ᠮᠠᠨ ᠤ ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠭᠯᠡᠯᠲᠡ ᠱᠣᠭᠤᠮ ᠢᠶᠠᠷ ᠤᠷᠤᠭᠰᠢᠯᠠᠵᠤ᠂ ᠡᠯ᠎ᠡ ᠵᠦᠢᠯ ᠤᠨ ᠤᠯᠤᠰ ᠲᠦᠷᠦ ᠶᠢᠨ ᠲᠡᠮᠡᠴᠡᠯ ᠤᠨ ᠰᠢᠯᠭᠠᠯᠲᠠ ᠶᠢ ᠥᠩᠭᠡᠷᠡᠭᠡᠭᠰᠡᠨ ᠪᠠᠶᠢᠨ᠎ᠠ᠃ ᠡᠭᠦᠨ  ᠤ ᠬᠠᠮᠲᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠭᠤᠤᠯᠳᠠᠭᠤ ᠮᠠᠷᠺᠰ ᠯᠧᠨᠢᠨ ᠤ ᠦᠵᠡᠯ ᠪᠠ ᠮᠠᠣ ᠽᠧ ᠳ᠋ᠥᠩ ᠤᠨ ᠦᠵᠡᠯ ᠰᠠᠨᠠᠭᠠᠨ ᠤ ᠣᠨᠤᠯ ᠤᠨ ᠰᠤᠷᠭᠠᠨ ᠬᠥᠮᠦᠵᠢᠯ ᠢ ᠬᠢᠵᠦ᠂ ᠴᠡᠷᠢᠭ ᠠᠩᠭᠢ ᠶᠢᠨ ᠺᠠᠳ᠋ᠷᠴᠤᠳ ᠪᠠ ᠪᠠᠶᠢᠯᠳᠤᠭᠴᠢᠳ ᠲᠤ ᠡᠪ ᠬᠠᠮᠲᠤ ᠶᠣᠰᠤᠨ ᠤ ᠶᠢᠷᠲᠢᠨᠴᠦ ᠶᠢᠨ ᠦᠵᠡᠯᠲᠡ ᠶᠢ ᠣᠯᠠᠮ ᠨᠢᠭᠡ ᠠᠯᠬᠤᠮ ᠪᠣᠢ ᠪᠣᠯᠭᠠᠵᠤ ᠦᠵᠡᠯ ᠤᠬᠠᠮᠰᠠᠷ ᠨᠢ ᠳᠡᠭᠡᠭᠰᠢᠯᠡᠭᠳᠡᠵᠦ᠂ ᠴᠡᠷᠢᠭ ᠠᠩᠭᠢ ᠶᠢᠨ ᠣᠪᠤᠷ ᠰᠤᠷᠲᠠᠯ ᠨᠢ ᠣᠯᠠᠮ ᠲᠥᠪ ᠰᠠᠶᠢᠨ ᠪᠣᠯᠤᠭᠰᠠᠨ ᠪᠠᠶᠢᠪᠠ᠃ ᠡᠨᠡ ᠪᠣᠯ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠦᠰᠦᠨ ᠪᠣᠶᠢᠵᠢᠭᠰᠠᠨ ᠶᠠᠪᠤᠴᠠ ᠳᠠᠭᠠᠨ ᠤᠷᠤᠭᠰᠢᠯᠠᠵᠤ ᠴᠢᠳᠠᠭᠰᠠᠨ ᠤ ᠦᠨᠡᠨ ᠬᠦᠳᠡᠯᠭᠡᠭᠴᠢ ᠬᠦᠴᠦᠨ ᠮᠦᠨ᠃        ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠳᠣᠲᠤᠭᠠᠳᠤ ᠳᠠᠭᠠᠨ ᠳᠠᠷᠤᠭ᠎ᠠ ᠪᠠᠶᠢᠯᠳᠤᠭᠴᠢ ᠡᠷᠬᠡ ᠲᠡᠭᠰᠢ ᠪᠠᠶᠢᠬᠤ ᠵᠠᠷᠴᠢᠮ ᠢ ᠬᠡᠷᠡᠭᠵᠢᠭᠦᠯᠵᠦ᠂ ᠠᠷᠠᠳᠴᠢᠯᠠᠯ ᠢ ᠲᠡᠭᠦᠰ ᠪᠠᠳᠠᠷᠠᠭᠤᠯᠪᠠ᠃ ᠭᠠᠳᠠᠨ᠎ᠠ ᠪᠠᠨ ᠪᠠᠰᠠ ᠴᠡᠷᠢᠭ ᠠᠷᠠᠳ ᠡᠷᠭᠡ ᠲᠡᠭᠰᠢ ᠪᠠᠶᠢᠬᠤ ᠵᠠᠷᠴᠢᠮ ᠢ ᠬᠡᠷᠡᠭᠵᠢᠭᠦᠯᠵᠦ᠂ ᠠᠷᠠᠳ ᠢ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠭᠡᠳ᠂ ᠴᠡᠷᠢᠭ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠠᠢ᠃ ᠣᠯᠠᠨ ᠲᠦᠮᠡᠨ ᠤ ᠳᠤᠮᠳᠠ ︽ᠭᠤᠷᠪᠠᠨ ᠰᠠᠬᠢᠯᠭ᠎ᠠ ᠨᠠᠢᠮᠠᠨ ᠠᠩᠬᠠᠷᠤᠯ︾  ᠢ ᠬᠢᠨᠠᠮᠠᠭᠠᠢ ᠥᠷᠨᠢᠭᠦᠯᠦᠭᠡᠳ ᠥᠷᠭᠡᠨ ᠣᠯᠠᠨ ᠠᠷᠠᠳ ᠤᠨ ᠢᠳᠡᠭᠡᠯ ᠨᠠᠶᠢᠳᠠᠯᠭ᠎ᠠ ᠪᠠ ᠳᠡᠮᠵᠢᠯᠭᠡ ᠶᠢ ᠣᠯᠤᠭᠰᠠᠨ ᠪᠠᠶᠢᠨ᠎ᠠ᠃ ᠣᠯᠠᠨ ᠲᠦᠮᠡᠨ ᠤ ᠰᠠᠭᠤᠷᠢ ᠲᠠᠢ ᠪᠣᠯᠤᠭᠰᠠᠨ ᠠᠴᠠ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠨᠢ ᠨᠠᠶᠢᠳᠠᠪᠤᠷᠢᠲᠠᠢ ᠲᠦᠰᠢᠭ ᠲᠤᠯᠭᠠᠭᠤᠷᠢ ᠲᠠᠢ ᠪᠣᠯᠤᠭᠰᠠᠨ ᠪᠠ ᠪᠠᠷᠠᠭᠳᠠᠰᠢ ᠦᠭᠡᠢ ᠪᠡᠯᠡᠳᠭᠡᠯ ᠬᠦᠴᠦᠨ ᠲᠠᠢ ᠪᠣᠯᠤᠭᠠᠳ᠂ ᠴᠡᠷᠢᠭ ᠠᠩᠭᠢ  ᠶᠢᠨ ᠴᠢᠨᠠᠷ ᠴᠢᠨᠰᠠᠭ᠎ᠠ ᠬᠦᠴᠦᠨ ᠴᠢᠳᠠᠯ ᠨᠢ ᠲᠠᠰᠤᠷᠠᠯ ᠦᠭᠡᠢ ᠰᠠᠶᠢᠵᠢᠷᠠᠵᠤ᠂ ᠪᠦᠬᠦ ᠳ᠋ᠢᠸᠢᠽᠢ ᠶᠢᠨ ᠳᠠᠷᠤᠭ᠎ᠠ ᠪᠠᠶᠢᠯᠳᠤᠭᠴᠢᠳ ᠨᠢᠭᠡ ᠴᠦ ᠣᠷᠭᠤᠨ ᠲᠤᠳᠠᠭᠠᠭᠰᠠᠨ ᠤᠴᠢᠷ ᠭᠠᠷᠤᠭᠰᠠᠨ ᠦᠭᠡᠢ᠃ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠠᠷᠠᠳ ᠤᠨ ᠴᠢᠯᠦᠭᠡᠯᠡᠬᠦ ᠳᠠᠶᠢᠨ ᠤ ᠳᠤᠮᠳᠠ ᠬᠤᠪᠢᠰᠬᠠᠯᠲᠤ ᠲᠡᠮᠡᠴᠡᠯ ᠤᠨ ᠦᠢᠯᠡᠳᠦᠯᠭᠡ ᠪᠠ ᠳᠠᠶᠢᠨ ᠤ ᠰᠢᠯᠭᠠᠯᠲᠠ ᠶᠢ ᠥᠩᠭᠡᠷᠡᠭᠡᠭᠡᠳ ᠢᠳᠡᠭ ᠢᠳᠡᠭ ᠢᠶᠠᠷ ᠬᠠᠲᠠᠭᠤᠵᠢᠨ ᠪᠣᠯᠪᠠᠰᠤᠷᠠᠵᠤ ᠰᠢᠯᠢᠳᠡᠭ ᠰᠠᠶᠢᠨ ᠠᠷᠠᠳ ᠤᠨ ᠴᠡᠷᠢᠭ ᠪᠣᠯᠤᠭᠰᠠᠨ ᠪᠠᠶᠢᠵᠠᠢ᠃        ᠰᠣᠶᠤᠯ ᠤᠨ ᠬᠤᠪᠢᠰᠬᠠᠯ ᠤᠨ ᠦᠶ᠎ᠡ ᠳᠤ᠂ ᠯᠢᠨ ᠪᠢᠶᠣᠤ᠂ ︽ᠳᠦᠷᠪᠡᠨ ᠬᠥᠮᠦᠨ ᠤ ᠪᠦᠯᠦᠭ︾ ᠮᠠᠭᠤᠵᠢᠭᠤᠳ ᠰᠠᠨᠠᠭ᠎ᠠ ᠡᠪᠦᠷᠯᠡᠨ᠂ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠳᠤ ᠡᠯᠳᠡᠪ ᠤᠨ ᠶᠠᠯ᠎ᠠ ᠨᠥᠮᠦᠷᠭᠡᠨ ᠭᠦᠵᠢᠷᠯᠡᠨ ᠭᠦᠳᠭᠡᠵᠦ ᠂ ᠬᠠᠷ᠎ᠠ ᠴᠠᠭᠠᠨ ᠢ ᠲᠣᠩᠭᠤᠷᠤᠭᠤᠯᠤᠨ᠂ ᠲᠡᠦᠬᠡ ᠶᠢ ᠭᠠᠵᠢᠭᠤᠳᠠᠭᠤᠯᠵᠤ᠂ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠲᠡᠦᠬᠡᠨ ᠭᠠᠪᠢᠶ᠎ᠠ ᠶᠢ ᠦᠭᠡᠶᠢᠰᠭᠡᠨ ᠳᠠᠷᠤᠵᠤ ᠪᠠᠶᠢᠪᠠ᠃ ᠭᠡᠲᠡᠯ᠎ᠡ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠪᠣᠯ ᠡᠬᠡ ᠣᠷᠤᠨᠴᠢ ᠠᠷᠠᠳ ᠤᠨ ᠴᠡᠷᠢᠭ ᠮᠦᠨ ᠭᠡᠰᠡᠨ ᠢ ᠪᠣᠳᠠᠲᠤ ᠤᠴᠢᠷ ᠤᠳ ᠬᠡᠷᠡᠴᠢᠯᠡᠵᠦ ᠪᠠᠶᠢᠨ᠎ᠠ᠂ ᠨᠠᠮ ᠪᠣᠯᠤᠨ ᠠᠷᠠᠳ ᠲᠦᠮᠡᠨ ᠲᠡᠭᠦᠨ ᠢ ᠦᠨᠡᠨ ᠢᠶᠠᠷ ᠦᠨᠡᠯᠡᠵᠦ ᠲᠡᠦᠬᠡ ᠲᠡᠭᠦᠨ ᠳᠤ ᠭᠤᠤᠯᠴᠢ ᠳ᠋ᠥᠩᠨᠡᠯᠲᠡ ᠥᠭᠬᠦ ᠶᠤᠮ᠃ ︵ᠲᠡᠭᠦᠰᠪᠡ︶
 
ᠢᠷᠡᠯᠲᠡ᠄ ᠬᠢᠩᠭᠠᠨ ᠤ ᠬᠤᠪᠢᠰᠬᠠᠯᠲᠤ ᠲᠡᠦᠬᠡᠨ ᠶᠠᠷᠢᠶ᠎ᠠ ︵ᠨᠢᠭᠡᠳᠦᠭᠡᠷ ᠪᠣᠳᠢ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号