ᠤᠯᠠᠭᠠᠨᠬᠤᠲᠠ ᠪᠣᠬᠢᠷᠳᠤᠯ ᠦᠭᠡᠢ ᠠᠵᠤ ᠦᠢᠯᠡᠰ ᠤᠨ ᠬᠦᠷᠢᠶᠡᠯᠡᠩ ᠤᠨ 1 — 2 ᠳ᠋ᠤᠭᠠᠷ ᠰᠠᠷ᠎ᠠ ᠳᠠᠬᠢ ᠦᠢᠯᠡᠳᠬᠦᠨ ᠤ ᠶᠡᠷᠦᠩᠬᠡᠢ ᠦᠷᠲᠡᠭ 16.5 ᠳ᠋ᠥᠩᠰᠢᠭᠤᠷ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2023/3/21
       ᠰᠤᠷᠪᠤᠯᠵᠢᠯᠠᠭᠴᠢ ᠤᠶᠢᠷ᠎ᠠ ᠳᠤ᠂ ᠤᠯᠠᠭᠠᠨᠬᠤᠲᠠ ᠶᠢᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠭᠤᠣᠯᠯᠠᠭᠴᠢ ᠠᠵᠤ ᠠᠬᠤᠶᠢᠯᠠᠯ ᠪᠣᠯᠤᠭᠰᠠᠨ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠪᠠᠷ ᠬᠦᠷᠬᠦ ᠳᠤ᠂ ᠠᠵᠢᠯᠴᠢᠳ ᠦᠢᠯᠡᠳᠪᠦᠷᠢᠯᠡᠯ ᠳᠡᠭᠡᠨ ᠶᠠᠭᠠᠷᠠᠯᠳᠤᠵᠤ᠂ ᠵᠠᠬᠢᠶᠠᠯᠠᠭ᠎ᠠ ᠶᠢᠨ ᠬᠠᠭᠤᠳᠠᠰᠤ ᠪᠠᠨ ᠬᠢᠵᠦ ᠶᠠᠭᠠᠷᠠᠯᠳᠤᠵᠤ ᠪᠠᠶᠢᠯ᠎ᠠ᠃ ᠭᠢᠷᠢᠨ ᠶᠡᠭᠡ ᠰᠤᠷᠭᠠᠭᠤᠯᠢ᠂ ᠬᠠᠷᠠᠮᠥ᠋ᠷᠡᠨ ᠶᠡᠭᠡ ᠰᠤᠷᠭᠠᠭᠤᠯᠢ ᠲᠠᠢ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠬᠡᠯᠡᠯᠴᠡᠭᠡᠷ ᠲᠣᠭᠲᠠᠭᠰᠠᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠶᠯᠡᠳᠬᠦ ᠬᠢᠵᠠᠭᠠᠷᠲᠤ ᠺᠣᠮᠫᠠᠨᠢ ᠣᠶᠢᠷ᠎ᠠ ᠶᠢᠨ ᠬᠤᠭᠤᠴᠠᠭᠠᠨ ᠳᠤ 6 ᠵᠦᠢᠯ ᠤᠨ ᠰᠢᠨ᠎ᠡ ᠲᠤᠰᠬᠠᠢ ᠠᠰᠢᠭ ᠭᠤᠶᠤᠴᠢᠯᠠᠨ ᠮᠡᠳᠡᠭᠦᠯᠵᠦ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ︽ᠵᠢᠭᠦᠷ ᠤᠷᠭᠤᠭᠤᠯᠵᠤ︾᠂ ᠠᠵᠤ ᠠᠬᠤᠶᠢᠯᠠᠯ ᠤᠨ ᠠᠵᠢᠯᠯᠠᠭᠠᠨ ᠤ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠪᠠ᠃
       ︽ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠶᠯᠡᠳᠬᠦ ᠬᠢᠵᠠᠭᠠᠷᠲᠤ ᠺᠣᠮᠫᠠᠨᠢ 2022 ᠣᠨ ᠤ ᠪᠥᠬᠦ ᠵᠢᠯ ᠳᠤ 7077 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ᠃ ᠡᠨᠡ ᠵᠢᠯ ᠤᠨ 2 ᠰᠠᠷ᠎ᠠ ᠶᠢᠨ ᠡᠴᠦᠰ ᠲᠤ᠂ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 2101 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠪᠡ᠂ ᠪᠥᠬᠦ ᠵᠢᠯ ᠤᠨ ᠵᠢᠱᠢᠯᠲᠡ ᠪᠠᠷ ᠣᠷᠣᠯᠭ᠎ᠠ ᠨᠢ 1.05 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ︾ ᠭᠡᠵᠦ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠳᠠᠭᠠᠭᠠᠮᠠᠯ ᠵᠤᠤ ᠮᠧᠩ ᠰᠤᠷᠪᠤᠯᠵᠢᠯᠠᠭᠴᠢ ᠳᠤ ᠬᠡᠯᠡᠪᠡ᠃
       ᠡᠭᠦᠨ ᠲᠠᠢ ᠠᠳᠠᠯᠢ ᠪᠠᠷ᠂ ᠤᠯᠠᠭᠠᠨᠬᠤᠲᠠ ᠶᠢᠨ ᠰᠧᠨ ᠬᠤᠶ ᠬᠡᠪᠯᠡᠯ ᠤᠨ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠴᠤ ᠶᠠᠭᠠᠷᠠᠯᠲᠤᠵᠤ ᠪᠠᠶᠢᠯ᠎ᠠ᠃ ᠣᠶᠢᠯᠠᠭᠠᠭᠰᠠᠨ ᠢᠶᠠᠷ᠂ 2022 ᠣᠨ ᠳᠤ᠂ ᠤᠯᠠᠭᠠᠨᠬᠤᠲᠠ ᠶᠢᠨ ᠰᠧᠨ ᠬᠤᠶ ᠬᠡᠪᠯᠡᠯ ᠤᠨ ᠶᠠᠪᠤᠳᠠᠯ ᠤᠨ ᠬᠢᠵᠠᠭᠠᠷᠲᠤ ᠺᠣᠮᠫᠠᠨᠢ 3500 ᠲᠦᠮᠡᠨ ᠲᠥᠭᠦᠷᠢᠭ ᠤᠨ ᠪᠡᠯᠡ ᠣᠷᠣᠭᠤᠯᠵᠤ ᠥᠩᠭᠡᠲᠦ ᠪᠠᠭᠯᠠᠭ᠎ᠠ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠦᠢᠯᠡᠳᠪᠦᠷᠢᠯᠡᠯ ᠤᠨ ᠲᠠᠰᠤᠭ ᠲᠤ ᠥᠭᠡᠷᠡᠴᠢᠯᠡᠯᠲᠡ ᠬᠢᠵᠦ᠂ ᠠᠵᠤ ᠠᠬᠤᠶᠢᠯᠠᠯ ᠤᠨ ᠭᠠᠷ ᠤᠷᠠᠯᠠᠯ ᠤᠨ ᠲᠥᠬᠦᠭᠡᠷᠦᠮᠵᠢ ᠶᠢᠨ ᠲᠠᠰ ᠳᠡᠪᠰᠢᠬᠦ ᠶᠢ ᠬᠦᠴᠦᠲᠡᠢ ᠠᠬᠢᠭᠤᠯᠪᠠ᠃        ︽ᠰᠧᠨ ᠬᠤᠢ ᠬᠡᠪᠯᠡᠯ ᠤᠨ ᠶᠠᠪᠤᠳᠠᠯ ᠨᠢ ᠰᠠᠭᠠᠳ ᠦᠭᠡᠢ᠂ ᠥᠪᠡᠷ ᠤᠨ ᠦᠷᠲᠡᠭ ᠲᠤᠤᠷ᠎ᠠ᠂ ᠥᠨᠳᠦᠷ ᠦᠷ᠎ᠡ ᠪᠦᠲᠦᠮᠵᠢᠲᠠᠢ ᠵᠠᠰᠠᠭ ᠤᠨ ᠶᠠᠪᠤᠳᠠᠯ ᠤᠨ ᠣᠷᠴᠢᠨ ᠳᠤᠮᠳᠠ ᠯᠠᠪᠳᠠᠭᠤᠨ ᠢᠶᠠᠷ ᠤᠷᠤᠭᠰᠢᠯᠠᠭᠰᠠᠭᠠᠷ ᠢᠷᠡᠵᠡᠢ᠃ 2023 — 2024 ᠣᠨ ᠤ ᠳᠠᠭᠠᠭᠠᠴᠢᠯᠠᠯᠲᠠ ᠳᠤ ᠣᠷᠣᠯᠴᠠᠭᠰᠠᠨ ᠳ᠋ᠦᠩ ᠠᠴᠠ ᠦᠵᠡᠪᠡᠯ᠂ ᠣᠶᠢᠷ᠎ᠠ ᠶᠢᠨ ᠬᠤᠶᠠᠷ ᠵᠢᠯ ᠳᠤ ᠵᠠᠬᠢᠶᠠᠯᠠᠭ᠎ᠠ ᠶᠢᠨ ᠲᠤᠭ᠎ᠠ ᠶᠡᠭᠡ ᠪᠠᠷ ᠨᠡᠮᠡᠭᠳᠡᠵᠡᠢ᠂ ᠰᠧᠨ ᠬᠤᠢ ᠬᠡᠪᠯᠡᠯ ᠤᠨ ᠶᠠᠪᠤᠳᠠᠯ ᠤᠨ ᠪᠦᠬᠦ ᠵᠢᠯ ᠤᠨ ᠰᠠᠶᠢᠨ ᠡᠬᠢᠯᠡᠯᠲᠡ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ ᠪᠢᠳᠡ ᠵᠢᠯ ᠤᠨ ᠡᠬᠢᠨ ᠳᠤ ᠨᠢᠭᠡᠨᠲᠡ ᠪᠠᠴᠢᠮ ᠶᠠᠭᠠᠷᠠᠯᠲᠠᠢ ᠦᠢᠯᠡᠳᠪᠦᠷᠢᠯᠡᠵᠦ ᠡᠬᠢᠯᠡᠵᠡᠢ︾ ᠭᠡᠵᠦ ᠤᠯᠠᠭᠠᠨᠬᠤᠲᠠ ᠶᠢᠨ ᠰᠧᠨ ᠬᠤᠢ ᠬᠡᠪᠯᠡᠯ ᠤᠨ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ ᠱᠦᠵᠢ ᠵᠢᠶᠠᠩ ᠶᠠᠨ ᠴᠦᠨ ᠰᠤᠷᠪᠤᠯᠵᠢᠯᠠᠭᠴᠢ ᠳᠤ ᠬᠡᠯᠡᠪᠡ᠃
       2023 ᠣᠨ ᠳᠤ᠂ ᠤᠯᠠᠭᠠᠨᠬᠤᠲᠠ ᠪᠣᠬᠢᠷᠳᠤᠯ ᠦᠭᠡᠢ ᠠᠵᠤ ᠦᠢᠯᠡᠰ ᠤᠨ ᠬᠦᠷᠢᠶᠡᠯᠡᠩ 1-2 ᠳ᠋ᠤᠭᠠᠷ ᠰᠠᠷ᠎ᠠ ᠳᠤ᠂ ᠬᠦᠷᠢᠶᠡᠯᠡᠩ ᠤᠨ ᠬᠡᠪᠴᠢᠶᠡᠵᠢᠯ ᠠᠴᠠ ᠳᠡᠭᠡᠭᠰᠢᠬᠢ 15 ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 16.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 10.1% ᠪᠠᠷ ᠨᠡᠮᠡᠭᠳᠡᠨ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ 44.2 ᠳ᠋ᠦᠩᠰᠢᠭᠤᠷ ᠲᠥᠭᠦᠷᠢᠭ ᠤᠨ 37.42% ᠢ ᠡᠵᠡᠯᠡᠪᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠪᠠ ᠠᠮᠢᠳᠤ ᠪᠣᠳᠠᠰ ᠤᠨ ᠮᠡᠷᠭᠡᠵᠢᠯ ᠤᠨ ᠬᠤᠶᠠᠷ ᠶᠡᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠥᠭᠵᠢᠯᠲᠡ ᠶᠢᠨ ᠪᠠᠶᠢᠳᠠᠯ ᠢ ᠪᠠᠲᠤᠯᠠᠵᠤ᠂ ᠤᠯᠠᠭᠠᠨᠬᠤᠲᠠ ᠪᠣᠬᠢᠷᠳᠤᠯ ᠦᠭᠡᠢ ᠠᠵᠤ ᠦᠢᠯᠡᠰ ᠤᠨ ᠬᠦᠷᠢᠶᠡᠯᠡᠩ ︽ᠲᠥᠷᠥᠯ ᠵᠦᠢᠯ ᠢᠶᠠᠷ ᠭᠤᠣᠯ ᠪᠣᠯᠭᠠᠬᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ︾ ᠭᠤᠣᠯᠳᠠᠯᠭ᠎ᠠ ᠶᠢ ᠪᠠᠲᠤ ᠪᠣᠶ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠤᠨ ᠠᠪᠴᠢᠷᠠᠬᠤ ᠪᠠ ᠠᠵᠤ ᠠᠬᠤᠶᠢᠯᠠᠯ ᠳᠤ ᠦᠢᠯᠡᠴᠢᠯᠡᠬᠦ ᠬᠤᠶᠠᠷ ᠶᠡᠭᠡ ᠠᠵᠢᠯ ᠤᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠲᠣᠪᠤᠶᠢᠯᠭᠠᠨ᠂ ︽ᠭᠤᠷᠪᠠ ᠶᠢ ᠬᠤᠯᠪᠣᠵᠤ ᠭᠤᠷᠪᠠ ᠬᠦᠳᠡᠯᠦᠯᠴᠡᠬᠦ︾ ᠠᠷᠠᠯᠵᠢᠶᠠᠴᠢᠨ ᠤᠷᠢᠬᠤ ᠵᠠᠭᠪᠤᠷ ᠪᠠ ︽168︾ ᠠᠷᠠᠯᠵᠢᠶᠠᠴᠢᠨ ᠤᠷᠢᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠦᠷᠭᠦᠯᠵᠢᠯᠡᠨ ᠬᠦᠴᠦᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠤᠰᠬᠠᠨ᠎ᠠ᠃ ᠪᠥᠬᠦ ᠵᠢᠯ ᠳᠤ 5 ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠤᠨ ᠠᠪᠴᠢᠷᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 5.2 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 1.76 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠯᠠᠭᠠᠨᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠨ᠎ᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号