ᠤᠯᠠᠭᠠᠨᠬᠤᠲᠠ ᠶᠢᠨ ᠡᠮᠡᠭᠲᠡᠶᠢᠴᠦᠳ ᠡᠮᠦᠨ᠎ᠡ ᠹᠷᠣᠨᠲ ᠢ ᠳᠡᠮᠵᠢᠭᠰᠡᠨ ᠦᠢᠯᠡ ᠠᠵᠢᠯᠯᠠᠭ᠎ᠠ ︵ᠬᠤᠶᠠᠷ︶
ᠨᠡᠶᠢᠲᠡᠯᠡᠭᠰᠡᠨ ᠴᠠᠭ᠄
2023/3/6
       1950 ᠣᠨ ᠤ 6 ᠰᠠᠷ᠎ᠠ ᠶᠢᠨ 25 ᠤ ᠡᠳᠦᠷ᠂ ᠠᠮᠧᠷᠢᠺᠠ ᠰᠣᠯᠤᠩᠭᠤᠰ ᠢ ᠲᠦᠷᠢᠮᠡᠬᠡᠶᠢᠯᠡᠭᠰᠡᠨ ᠳᠠᠶᠢᠨ ᠳᠡᠭᠳᠡᠭᠡᠪᠡ᠃ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ 10 ᠰᠠᠷ᠎ᠠ ᠶᠢᠨ 25 ᠤ ᠡᠳᠦᠷ ᠤᠯᠤᠰ  ᠠᠴᠠ ᠪᠠᠨ ᠭᠠᠷᠴᠤ ᠠᠮᠧᠷᠢᠺᠠ ᠶᠢ ᠡᠰᠡᠷᠭᠦᠴᠡᠨ ᠰᠣᠯᠤᠩᠭᠤᠰ ᠢ ᠲᠤᠰᠠᠯᠠᠬᠤ ᠳᠠᠶᠢᠨ ᠳᠤ ᠮᠣᠷᠳᠠᠯ᠎ᠠ᠃ ᠤᠯᠠᠭᠠᠨᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠪᠦᠬᠦ ᠤᠯᠤᠰ ᠤᠨ ᠠᠷᠠᠳ ᠲᠦᠮᠡᠨ ᠲᠠᠢ ᠠᠳᠠᠯᠢ ᠪᠠᠷ ᠠᠮᠧᠷᠢᠺᠠ ᠶᠢ ᠡᠰᠡᠷᠭᠦᠴᠡᠨ ᠰᠣᠯᠤᠩᠭᠤᠰ ᠢ ᠲᠤᠰᠠᠯᠠᠬᠤ᠂ ᠤᠯᠤᠰ ᠭᠡᠷ ᠡᠬᠡ ᠣᠷᠤᠨ ᠢᠶᠠᠨ ᠬᠠᠮᠠᠭᠠᠯᠠᠬᠤ ᠥᠷᠨᠢᠯᠲᠡ ᠶᠢ ᠪᠣᠢ ᠪᠣᠯᠭᠠᠵᠠᠢ᠃ ᠪᠦᠬᠦ ᠬᠤᠲᠠ ᠶᠢᠨ ᠡᠯ᠎ᠡ ᠦᠨᠳᠦᠰᠦᠲᠡᠨ ᠤ ᠡᠮᠡᠭᠲᠡᠶᠢᠴᠦᠳ ᠬᠤᠲᠠ ᠶᠢᠨ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠬᠤ ᠣᠷᠢᠶᠠᠯᠠᠭ᠎ᠠ ᠶᠢ ᠳᠠᠭᠠᠵᠤ᠂ ᠴᠡᠷᠢᠭ ᠤᠨ ᠱᠠᠬᠠᠢ᠂ ᠴᠡᠷᠢᠭ ᠤᠨ ᠬᠤᠪᠴᠠᠰᠤ ᠬᠢᠵᠦ᠂ ᠬᠠᠲᠠᠭᠠᠭᠰᠠᠨ ᠨᠣᠭᠤᠭ᠎ᠠ ᠪᠠᠵᠠᠭᠠᠨ ᠡᠮᠦᠨ᠎ᠡ ᠹᠷᠣᠨᠲ ᠢ ᠳᠡᠮᠵᠢᠭᠰᠡᠨ ᠪᠦᠭᠡᠳ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠶᠠᠩᠭᠠᠷ ᠤᠨ ᠠᠩᠭᠢ ᠵᠣᠬᠢᠶᠠᠨ ᠂ ᠤᠯᠠᠭᠠᠨᠬᠤᠲᠠ ᠶᠢᠨ ᠵᠡᠭᠡᠯᠢ ᠭᠤᠳᠤᠮᠵᠢ ᠪᠠᠷ ᠤᠬᠠᠭᠤᠯᠵᠠᠢ᠃ ᠠᠯᠢ ᠣᠯᠠᠨ ᠬᠦᠳᠡᠯᠭᠡᠭᠡᠨ ᠢᠶᠠᠷ ᠳᠠᠮᠵᠢᠨ ᠥᠷᠭᠡᠨ ᠣᠯᠠᠨ ᠡᠮᠡᠭᠲᠡᠶᠢᠴᠦᠳ ᠲᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠢᠭᠡᠳ ᠢᠨᠲ᠋ᠧᠷᠨᠠᠼᠢᠤᠨᠠᠯ ᠤᠨ ᠬᠥᠮᠦᠵᠢᠯ ᠬᠢᠵᠡᠢ᠃        1951 ᠣᠨ ᠬᠢᠭᠡᠳ 1952 ᠤᠨ ᠳᠤ᠂ ᠬᠤᠲᠠ ᠶᠢᠨ ᠡᠮᠡᠭᠲᠡᠶᠢᠴᠦᠳ ᠤᠨ ᠬᠤᠯᠪᠤᠭᠠᠨ ᠤ ᠤᠷᠢᠶᠠᠯᠠᠭ᠎ᠠ ᠪᠠᠷ ᠪᠦᠬᠦ ᠬᠤᠲᠠ ᠶᠢᠨ ᠦᠨᠳᠦᠰᠦᠲᠡᠨ ᠪᠦᠬᠦᠨ ᠤ ᠡᠯ᠎ᠡ ᠡᠲᠡᠭᠡᠳ ᠤᠨ ᠡᠮᠡᠭᠲᠡᠶᠢᠴᠦᠳ ᠢ ᠳᠠᠶᠢᠴᠢᠯᠠᠨ᠂ ᠪᠦᠬᠦ ᠬᠤᠲᠠ ᠶᠢᠨ ᠬᠡᠪᠴᠢᠶᠡᠨ ᠤ ᠲᠤᠰᠠᠯᠠᠮᠵᠢ ᠡᠷᠭᠦᠬᠦ ᠬᠦᠳᠡᠯᠭᠡᠭᠡᠨ ᠭᠠᠷᠭᠠᠪᠠ᠃ ᠲᠡᠷᠡ ᠦᠶ᠎ᠡ ᠳᠤ᠂ ︽ᠨᠢᠰᠭᠡᠯ᠂ ᠶᠡᠭᠡ ᠫᠤᠤ︾ ᠡᠷᠭᠦᠬᠦ ᠬᠡᠵᠦ ᠬᠡᠯᠡᠵᠦ ᠪᠠᠶᠢᠵᠠᠢ᠃ ᠡᠯ᠎ᠡ ᠵᠡᠭᠡᠯᠢ ᠶᠢᠨ ᠡᠮᠡᠭᠲᠡᠶᠢᠴᠦᠳ ᠤᠨ ᠺᠠᠳ᠋ᠷ ᠭᠡᠷ ᠭᠡᠷ ᠢᠶᠠᠷ ᠲᠣᠭᠤᠷᠢᠨ ᠡᠮᠡᠭᠲᠡᠶᠢᠴᠦᠳ ᠢ ᠳᠠᠶᠢᠴᠢᠯᠠᠨ ᠵᠣᠭᠤᠰ ᠡᠳ᠋ ᠡᠷᠭᠦᠬᠦ ᠪᠠᠷ ᠤᠬᠠᠭᠤᠯᠵᠤ ᠪᠠᠶᠢᠯ᠎ᠠ᠃ ᠵᠠᠷᠢᠮ ᠡᠮᠡᠭᠲᠡᠶᠢᠴᠦᠳ ᠥᠪᠡᠷ ᠤᠨ ᠠᠯᠲᠠ ᠮᠥᠩᠭᠦ ᠶᠢᠨ ᠡᠳ᠋ᠯᠡᠯ ᠪᠣᠯᠤᠨ ᠭᠡᠷ ᠵᠠᠭᠤᠷ᠎ᠠ ᠶᠢᠨ ᠭᠠᠤᠯᠢᠨ ᠬᠡᠷᠡᠭᠰᠡᠯ ᠢᠶᠠᠨ ᠤᠯᠤᠰ ᠲᠤ ᠡᠷᠭᠦᠵᠦ᠂ ᠠᠮᠧᠷᠢᠺᠠ ᠶᠢ ᠡᠰᠡᠷᠭᠦᠴᠡᠨ ᠰᠣᠯᠤᠩᠭᠤᠰ ᠢ ᠲᠤᠰᠠᠯᠠᠪᠠ᠃ ᠵᠥᠪᠬᠡᠨ ᠾᠧ ᠫᠢᠩ ᠲᠣᠭᠤᠷᠢᠭ ᠤᠨ ᠡᠮᠡᠭᠲᠡᠶᠢᠴᠦᠳ 250.00 ᠲᠦᠭᠦᠷᠢᠭ ᠵᠣᠭᠤᠰ ᠡᠷᠭᠦᠪᠡ᠃        ᠠᠮᠧᠷᠢᠺᠠ ᠶᠢ ᠡᠰᠡᠷᠭᠦᠴᠡᠨ ᠰᠣᠯᠤᠩᠭᠤᠰ ᠢ ᠲᠤᠰᠠᠯᠠᠬᠤ ᠴᠡᠷᠢᠭ ᠤᠨ ᠬᠡᠷᠡᠭᠰᠡᠯ ᠤᠨ ᠪᠠᠷᠠᠭ᠎ᠠ ᠶᠢ ᠴᠢᠨᠠᠷ ᠰᠠᠶᠢᠲᠠᠢ ᠪᠡᠶᠡᠯᠡᠭᠦᠯᠬᠦ ᠶᠢᠨ ᠲᠦᠯᠦᠭᠡ᠂ ᠬᠤᠲᠠ ᠶᠢᠨ ᠡᠮᠡᠭᠲᠡᠶᠢᠴᠦᠳ ᠤᠨ ᠬᠤᠯᠪᠤᠭᠠᠨ ᠤ ᠡᠷᠬᠢᠯᠡᠭᠴᠢ ᠪᠡᠶ᠎ᠡ ᠪᠠᠷ ᠢᠶᠠᠨ ᠵᠡᠭᠡᠯᠢ ᠲᠣᠭᠤᠷᠢᠭ ᠢᠶᠠᠷ ᠪᠠᠭᠤᠵᠤ ᠠᠵᠢᠯ ᠵᠢᠯᠤᠭᠤᠳᠳᠠᠭ᠂ ᠡᠯ᠎ᠡ ᠵᠡᠭᠡᠯᠢ ᠲᠣᠭᠤᠷᠢᠭ ᠤᠨ ᠡᠮᠡᠭᠲᠡᠶᠢᠴᠦᠳ ᠤᠨ ᠺᠠᠳ᠋ᠷ ᠭᠡᠷ ᠡᠷᠦᠭᠡ ᠨᠡᠶᠢᠭᠡᠮ ᠤᠨ ᠡᠯ᠎ᠡ ᠲᠠᠯ᠎ᠠ ᠶᠢᠨ ᠰᠠᠭᠠᠳ ᠬᠠᠷᠰᠢᠯ ᠢ ᠳᠠᠪᠠᠵᠤ ᠢᠳᠡᠪᠬᠢᠲᠡᠢ ᠠᠵᠢᠯᠯᠠᠳᠠᠭ᠃ ᠾᠧ ᠫᠢᠩ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠺᠠᠳ᠋ᠷ ᠮᠠ ᠭᠦᠢ ᠰᠢᠶᠠᠩ ᠤᠨ ᠵᠣᠬᠢᠶᠠᠨ ᠪᠠᠶᠢᠭᠤᠯᠤᠭᠰᠠᠨ ᠢᠶᠠᠷ 1950 ᠣᠨ ᠳᠤ 100 ᠡᠮᠡᠭᠲᠡᠶᠢᠴᠦᠳ ᠬᠤᠪᠴᠠᠰᠤᠨ ᠤ ᠦᠢᠯᠡᠳᠪᠦᠷᠢ ᠳᠤ ᠠᠵᠢᠯᠯᠠᠪᠠ᠃ 1950 ᠣᠨ ᠪᠣᠯᠤᠨ 1952 ᠣᠨ ᠳᠤ ᠲᠤᠰ ᠪᠦᠷᠢ 80 ᠨᠡᠷᠡᠰ ᠵᠣᠬᠢᠶᠠᠨ ᠪᠠᠶᠢᠭᠤᠯᠵᠠᠢ᠃ ᠾᠧ ᠫᠢᠩ ᠵᠡᠭᠡᠯᠢ ᠶᠢᠨ ᠬᠤᠪᠴᠠᠰᠤᠨ ᠤ ᠦᠢᠯᠡᠳᠪᠦᠷᠢ ︵ᠣᠳᠣ ᠶᠢᠨ ᠤᠯᠠᠭᠠᠨᠬᠤᠲᠠ ᠶᠢᠨ ᠡᠮᠨᠡᠯᠭᠡ ᠶᠢᠨ ᠬᠤᠷᠢᠶᠠᠨ ᠤ ᠡᠮᠦᠨ᠎ᠡ ᠬᠦᠷᠢᠶᠡᠨ ᠳᠤ︶ ᠵᠢᠯ ᠪᠦᠷᠢ ᠶᠢᠨ 6᠂ 7᠂ 8᠂ ᠰᠠᠷ᠎ᠠ ᠳᠤ ᠡᠮᠡᠭᠲᠡᠶᠢᠴᠦᠳ ᠢ ᠳᠠᠶᠢᠴᠢᠯᠠᠨ ᠬᠥᠪᠦᠩ ᠬᠤᠪᠴᠠᠰᠤ ᠬᠢᠳᠡᠭ᠂ ᠵᠢᠯ ᠪᠦᠷᠢ 1000 ᠢᠯᠡᠭᠦᠦ ᠵᠠᠬ᠎ᠠ ᠬᠢᠨ᠎ᠡ᠃ ᠡᠮᠡᠭᠲᠡᠶᠢᠴᠦᠳ ᠬᠥᠪᠦᠩ ᠲᠠᠯᠪᠢᠭᠰᠠᠨ ᠴᠡᠷᠢᠭ ᠤᠨ ᠬᠤᠪᠴᠠᠰᠤ ᠪᠠᠨ ᠶᠡᠭᠡ ᠲᠡᠷᠭᠡ ᠪᠠᠷ ᠥᠪᠦᠷ ᠮᠣᠩᠭᠤᠯ ᠤᠨ ᠬᠤᠪᠴᠠᠰᠤᠨ ᠤ ᠦᠢᠯᠡᠳᠪᠦᠷᠢ ᠳᠤ ᠬᠦᠷᠭᠡᠭᠡᠳ ᠪᠡᠯᠡᠨ ᠳᠡᠪᠡᠯ ᠪᠣᠯᠭᠠᠨ ᠡᠮᠦᠨ᠎ᠡ ᠹᠷᠣᠠᠲ ᠲᠤ ᠬᠦᠷᠭᠡᠳᠡᠭ᠃        ᠡᠮᠡᠭᠲᠡᠶᠢᠴᠦᠳ ᠰᠣᠶᠤᠯ ᠲᠠᠢ ᠬᠥᠮᠦᠰ ᠢ ᠡᠷᠢᠵᠦ ᠰᠠᠶᠢᠨ ᠳᠤᠷ᠎ᠠ ᠶᠢᠨ ᠴᠡᠷᠢᠭ ᠲᠤ ᠵᠠᠬᠢᠳᠠᠯ ᠪᠢᠴᠢᠵᠦ᠂ ᠲᠤᠬᠤᠨᠢᠭᠤᠯᠬᠤ ᠡᠳ᠋ ᠪᠠᠷᠠᠭ᠎ᠠ ᠥᠭᠬᠦᠨ ᠰᠠᠶᠢᠨ ᠳᠤᠷ᠎ᠠ ᠶᠢᠨ ᠴᠡᠷᠢᠭ ᠡᠮᠦᠨ᠎ᠡ ᠹᠷᠣᠨᠲ ᠲᠤ ᠠᠮᠧᠷᠢᠺᠠ ᠶᠢᠨ ᠡᠵᠡᠷᠭᠡᠭ ᠲᠦᠷᠢᠮᠡᠬᠡᠶᠢᠲᠡᠨ ᠢ ᠤᠰᠠᠳᠬᠠᠭᠰᠠᠨ ᠠᠮᠵᠢᠯᠲᠠ ᠶᠢ ᠨᠢ ᠲᠣᠬᠤᠨᠢᠭᠤᠯᠳᠠᠭ᠃        ᠡᠮᠡᠭᠲᠡᠶᠢᠴᠦᠳ ᠴᠡᠷᠢᠭ ᠤᠨ ᠱᠠᠬᠠᠢ ᠬᠢᠬᠦ᠂ ᠬᠤᠪᠴᠠᠰᠤ ᠬᠢᠬᠦ᠂ ᠶᠠᠩᠭᠠᠷ ᠮᠣᠰᠬᠢᠬᠤ᠂ ᠲᠣᠬᠤᠨᠢᠭᠤᠯᠬᠤ ᠵᠠᠬᠢᠳᠠᠯ ᠪᠢᠴᠢᠬᠦ ᠵᠡᠷᠭᠡ ᠤᠯᠤᠰ ᠭᠡᠷ ᠡᠬᠡ ᠣᠷᠤᠨ ᠢᠶᠠᠨ ᠬᠠᠶᠢᠷᠠᠯᠠᠬᠤ ᠬᠦᠳᠡᠯᠭᠡᠭᠡᠨ ᠢ ᠥᠷᠨᠢᠭᠦᠯᠵᠦ᠂ ᠲᠤᠬᠠᠢ ᠶᠢᠨ ᠦᠶ᠎ᠡ ᠶᠢᠨ ᠬᠢᠵᠠᠭᠠᠷ ᠣᠷᠤᠨ ᠤ ᠣᠯᠠᠭᠠᠨᠬᠤᠲᠠ ᠶᠢ ᠬᠥᠷ ᠬᠥᠭᠵᠢᠶᠡᠨ ᠢᠶᠠᠷ ᠪᠢᠯᠬᠠᠮ᠎ᠠ ᠪᠣᠯᠭᠠᠵᠠᠢ᠃             ︵ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠤᠭᠠᠨ ᠠᠴᠠ ᠡᠯ᠎ᠡ ᠪᠢᠴᠢᠭ ᠥᠭᠪᠡ︶
 
ᠢᠷᠡᠯᠲᠡ᠄ ᠬᠢᠩᠭᠠᠨ ᠤ ᠬᠤᠪᠢᠰᠬᠠᠯᠲᠤ ᠲᠡᠦᠬᠡᠨ ᠶᠠᠷᠢᠶ᠎ᠠ ︵ᠨᠢᠭᠡᠳᠦᠭᠡᠷ ᠪᠣᠳᠢ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号