ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠦ ᠶᠢᠨ ᠪᠤᠳᠤᠯᠭ᠎ᠠ ᠶᠢᠨ ᠬᠠᠮᠤᠭ ᠠᠩᠬᠠᠨ ᠤ | ᠦᠢᠯᠡᠳᠦᠯᠭᠡ ᠶᠢᠨ ᠭᠠᠵᠠᠷ᠂ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ | ᠥᠪᠡᠷᠲᠡᠭᠡᠨ ᠵᠠᠰᠠᠬᠤ ᠵᠠᠰᠠᠭ ᠤᠨ ᠮᠡᠨᠳᠦᠯᠡᠭᠰᠡᠨ ᠭᠠᠵᠠᠷ — ᠤᠯᠠᠭᠠᠨᠬᠤᠲᠠ᠂ ᠬᠤᠳᠠ ᠶᠢᠨ ᠳᠤᠮᠳᠠᠬᠢ ︽ᠨᠢᠭᠡ ᠣᠷᠳᠣᠨ | ᠠᠷᠪᠠᠨ ᠰᠠᠭᠤᠴᠠ︾ ᠳᠤ ᠵᠤᠨ ᠤ ᠠᠮᠠᠷᠠᠯᠲᠠ ᠶᠢᠨ ᠬᠤᠭᠤᠴᠠᠭᠠᠨ ᠤ ᠬᠤᠪᠢᠰᠬᠠᠯᠲᠤ ᠵᠤᠭᠠᠴᠠᠯ ᠤᠨ ᠲᠣᠭᠤᠷᠢᠨ ᠦᠵᠡᠬᠦ | ᠬᠠᠯᠠᠭᠤᠨ ᠥᠷᠨᠢᠯᠲᠡ ᠭᠠᠷᠪᠠ᠃ ᠬᠤᠪᠢᠰᠬᠠᠯᠳᠤ ᠬᠥᠮᠦᠵᠢᠯ ᠤᠨ ᠰᠤᠳᠤᠯᠭᠠᠨ ᠤ ᠠᠵᠢᠯᠯᠠᠭ᠎ᠠ ᠨᠤᠭᠤᠳ ︽ᠪᠦᠬᠦ | ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ ᠤᠨ | ᠰᠠᠭᠤᠷᠢᠨ︾ ᠳᠤ ᠬᠦᠷ ᠬᠥᠭᠵᠢᠶᠡᠨ ᠲᠠᠢ ᠶᠠᠪᠤᠭᠳᠠᠨ᠎ᠠ᠃ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠶᠡᠭᠡ ᠬᠢᠩᠭᠠᠨ | ᠳᠠᠪᠠᠭ᠎ᠠ ᠶᠢᠨ ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠤ ᠬᠤᠪᠢᠰᠬᠠᠯᠲᠤ ᠡᠬᠡ ᠣᠷᠣᠨᠴᠢ ᠦᠵᠡᠯ ᠤᠨ | ᠬᠥᠮᠦᠵᠢᠯ ᠤᠨ ᠣᠷᠳᠣᠨ ᠢ ᠶᠠᠭ ᠲᠥᠯᠥᠪᠵᠢᠭᠦᠯᠦᠨ ᠪᠠᠶᠢᠭᠤᠯᠵᠤ ᠪᠤᠢ ᠁ | | ᠬᠤᠪᠢᠰᠬᠠᠯᠲᠤ ᠰᠣᠶᠣᠯ ᠤᠨ ᠡᠬᠢ ᠪᠠᠶᠠᠯᠢᠭ ᠪᠣᠯ ᠨᠢᠭᠡ ᠬᠤᠳᠠ ᠶᠢᠨ ᠰᠣᠶᠣᠯ ᠤᠨ ᠰᠤᠳᠠᠰᠤ ᠪᠠ ᠡᠷᠬᠢᠮ ᠨᠠᠨᠳᠢᠨ | ᠤᠶᠤᠨ ᠰᠠᠨᠠᠭᠠᠨ ᠤ ᠡᠳ᠋ ᠪᠠᠶᠠᠯᠢᠭ ᠮᠥᠨ᠃ ᠤᠯᠠᠭᠠᠨᠬᠤᠲᠠ ᠬᠤᠪᠢᠰᠬᠠᠯᠲᠤ ᠰᠣᠶᠣᠯ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠪᠢᠰᠬᠠᠯᠲᠤ ᠵᠤᠭᠠᠴᠠᠯ ᠤᠨ ᠨᠠᠷᠠᠲᠤ ᠲᠡᠮᠳᠡᠭᠲᠦ ᠶᠢ | ᠨᠠᠩ ︽ᠰᠣᠷᠭᠤᠭ︾ ᠪᠣᠯᠭᠠᠵᠤ᠂ ᠬᠤᠪᠢᠰᠬᠠᠯ ᠤᠨ ᠭᠤᠤᠯ ᠵᠢᠭᠰᠠᠭᠠᠯ ᠤᠨ ᠭᠠᠵᠠᠷ ᠢ ᠪᠠᠲᠤ ᠪᠠᠬᠢ ᠪᠠᠶᠢᠭᠤᠯᠤᠨ ᠰᠠᠶᠢᠲᠤᠷ | ᠬᠡᠷᠡᠭᠯᠡᠵᠦ᠂ ᠬᠤᠪᠢᠰᠬᠠᠯᠲᠤ ᠬᠥᠮᠦᠵᠢᠯ ᠤᠨ ᠡᠬᠢ ᠪᠠᠶᠠᠯᠢᠭ ᠢ ᠨᠠᠩ ︽ᠰᠣᠷᠭᠤᠭ︾ ᠪᠣᠯᠭᠠᠵᠤ᠂ ᠰᠢᠨ᠎ᠡ ᠶᠢ ᠡᠭᠦᠳᠦᠨ | ᠭᠤᠤᠯ ᠬᠥᠭ ᠠᠶᠠᠰ ᠢ ᠴᠢᠪᠬᠠᠳᠠᠵᠤ᠂ ᠬᠤᠪᠢᠰᠬᠠᠯᠲᠤ ᠰᠣᠶᠣᠯ ᠤᠨ ᠲᠠᠩᠰᠤᠭ ᠬᠤᠭᠤᠯᠠ ᠶᠢ ᠨᠠᠩ ︽ᠰᠣᠷᠭᠤᠭ︾ | ᠪᠣᠯᠭᠠᠵᠤ᠂ ᠬᠤᠪᠢᠰᠬᠠᠯᠲᠤ ᠰᠣᠶᠣᠯ ᠢ ᠬᠤᠲᠠ ᠶᠢᠨ ︽ᠰᠤᠳᠠᠯ︾ ᠳᠤ ᠨᠡᠪᠴᠢᠭᠦᠯᠦᠨ᠂ ᠠᠵᠤ ᠠᠬᠤᠶ ᠨᠡᠶᠢᠭᠡᠮ ᠤᠨ ᠡᠯ᠎ᠡ | ᠵᠦᠢᠯ ᠤᠨ ᠠᠵᠢᠯ ᠦᠢᠯᠡᠰ ᠤᠨ ᠥᠷᠨᠢᠩᠭᠦᠶ ᠬᠥᠭᠵᠢᠯᠲᠡ ᠶᠢ ᠠᠬᠢᠭᠤᠯᠤᠨ᠂ ᠬᠠᠮᠤᠭ ᠤᠨ ᠭᠠᠯ ᠤᠯᠠᠭᠠᠨ ᠬᠤᠲᠠ ᠶᠢᠨ ︽ | ᠰᠠᠭᠤᠷᠢ ᠥᠩᠭᠡ︾ ᠶᠢ ᠭᠡᠷᠡᠯᠲᠦᠭᠦᠯᠦᠨ᠎ᠡ᠃ | | ︽ᠬᠤᠪᠢᠰᠬᠠᠯᠲᠤ ᠡᠬᠡ ᠣᠷᠣᠨᠴᠢ ᠦᠵᠡᠯ ᠤᠨ ᠬᠥᠮᠦᠵᠢᠯ ᠤᠨ ᠣᠷᠳᠣᠨ᠂ ᠰᠠᠨᠰᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠷᠳᠣᠨ᠂ ᠲᠠᠷᠢᠶᠠᠯᠠᠩ ᠤᠨ ᠣᠷᠳᠣᠨ ᠨᠢ ᠬᠠᠮᠲᠤ ᠪᠠᠷ ᠰᠠᠭᠤᠷᠢᠨ ᠭᠠᠵᠠᠷ ᠤᠨ ᠭᠤᠤᠯ ᠣᠷᠣᠨ ᠢ | ᠪᠦᠷᠢᠯᠳᠦᠭᠦᠯᠵᠦ᠂ ᠪᠠᠶᠢᠭᠤᠯᠤᠭᠳᠠᠭᠰᠠᠨ ᠤ ᠳᠠᠷᠠᠭ᠎ᠠ ᠬᠢᠩᠭᠠᠨ ᠠᠶᠢᠮᠠᠭ ᠤᠨ ᠡᠬᠡ ᠣᠷᠣᠨᠴᠢ ᠦᠵᠡᠯ ᠤᠨ ᠬᠥᠮᠦᠵᠢᠯ᠂ | ᠰᠤᠳᠤᠯᠤᠨ ᠰᠤᠷᠤᠯᠴᠠᠬᠤ ᠵᠤᠭᠠᠴᠠᠯ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ | ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠬᠦ ᠪᠣᠯᠤᠨ᠎ᠠ︾᠃ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠪᠡᠶᠡᠴᠢᠯᠡᠨ | ᠣᠶᠢᠯᠠᠭᠠᠬᠤ ᠰᠠᠭᠤᠷᠢᠨ ᠭᠠᠵᠠᠷ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠬᠤᠲᠠ ᠶᠢᠨ | ᠮᠧᠩ ᠽᠧ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠵᠢᠶᠦ᠋ᠨ | ᠰᠤᠷᠪᠤᠯᠵᠢᠯᠠᠭᠴᠢ ᠳᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠰᠠᠭᠤᠷᠢᠨ ᠭᠠᠵᠠᠷ ᠤᠨ ᠳᠣᠲᠣᠷ᠎ᠠ | ᠲᠥᠯᠥᠪᠵᠢᠭᠦᠯᠦᠨ ᠪᠠᠶᠢᠭᠤᠯᠤᠭᠰᠠᠨ ᠬᠤᠪᠢᠰᠬᠠᠯ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠣᠷᠳᠣᠨ ᠪᠠᠷᠤᠭ | 1800 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠶᠡᠭᠡ ᠬᠢᠩᠭᠠᠨ ᠳᠠᠪᠠᠭ᠎ᠠ ᠶᠢᠨ ᠠᠮᠢ ᠠᠬᠤᠶ ᠶᠢᠨ ᠪᠡᠶᠡᠴᠢᠯᠡᠨ | ᠣᠶᠢᠯᠠᠭᠠᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠤᠯᠠᠭᠠᠨᠬᠤᠲᠠ ᠶᠢᠨ | ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ | ᠵᠦᠢᠯ ᠤᠨ ᠬᠡᠯᠲᠡᠰ ᠤᠨ ᠡᠷᠬᠢᠯᠡᠭᠴᠢ ᠪᠠᠶ ᠴᠠᠩ ᠴᠢᠩ ᠢᠯᠡᠷᠬᠡᠶᠢᠯᠡᠬᠦ ᠳᠡᠭᠡᠨ᠂ ᠲᠣᠰ ᠲᠥᠷᠥᠯ ᠤᠨ ᠪᠥᠲᠥᠭᠡᠨ | ᠪᠠᠶᠢᠭᠤᠯᠤᠯᠲᠠ ᠨᠢ ᠤᠯᠠᠭᠠᠨᠬᠤᠲᠠ ᠶᠢᠨ ᠬᠤᠪᠢᠰᠬᠠᠯᠲᠤ ᠰᠣᠶᠣᠯ ᠢ ᠤᠬᠠᠭᠤᠯᠬᠤ᠂ ᠵᠤᠭᠠᠴᠠᠯ ᠤᠨ ᠬᠥᠭᠵᠢᠯᠲᠡ ᠶᠢ | ᠠᠬᠢᠭᠤᠯᠬᠤ ᠳᠤ ᠲᠦᠢᠯ ᠤᠨ ᠶᠡᠭᠡ ᠠᠬᠢᠭᠤᠯᠬᠤ ᠦᠢᠯᠡᠳᠦᠯ ᠲᠠᠢ ᠶᠤᠮ ᠭᠡᠵᠡᠶ᠃ | | ᠤᠯᠠᠭᠠᠨᠬᠤᠲᠠ ᠳᠤ ᠭᠦᠨ ᠵᠤᠵᠠᠭᠠᠨ ᠬᠤᠪᠢᠰᠬᠠᠯᠲᠤ ᠰᠣᠶᠣᠯ ᠤᠨ ᠡᠬᠢ ᠪᠠᠶᠠᠯᠢᠭ ᠪᠠ ᠬᠡᠷᠡᠯ ᠰᠠᠴᠤᠷᠠᠩᠭᠤᠶ ᠰᠣᠶᠣᠯ | ᠢᠷᠭᠡᠨᠰᠢᠯ ᠤᠨ ᠲᠡᠤᠬᠡ ᠶᠢᠨ ᠬᠤᠷᠠᠮᠳᠤᠯ ᠲᠠᠢ ᠶᠤᠮ᠃ ᠤᠢᠢᠷ᠎ᠠ ᠶᠢᠨ ᠵᠢᠯ ᠠᠴᠠ᠂ ᠤᠯᠠᠭᠠᠨᠬᠤᠲᠠ ᠬᠤᠪᠢᠰᠬᠠᠯᠲᠤ | ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠭᠦᠨᠵᠡᠭᠡᠢ ᠠᠭᠤᠳᠠᠯᠵᠤ᠂ ᠬᠤᠪᠢᠰᠬᠠᠯᠲᠤ ᠵᠤᠭᠠᠴᠠᠯ ᠤᠨ | ᠦᠵᠡᠮᠵᠢ ᠶᠢᠨ ᠣᠷᠣᠨ ᠢ ᠥᠭᠡᠷᠡᠴᠢᠯᠡᠨ ᠳᠡᠰ ᠳᠡᠪᠰᠢᠭᠦᠯᠵᠦ᠂ ᠰᠣᠳᠣᠨ ᠰᠠᠶᠢᠬᠠᠨ ᠬᠤᠪᠢᠰᠬᠠᠯᠲᠤ ᠵᠤᠭᠠᠴᠠᠯ ᠤᠨ | ᠱᠤᠭᠤᠮ ᠢ ᠴᠣᠭᠴᠠᠯᠠᠪᠠ᠃ 2010 ᠣᠨ ᠳᠤ᠂ ᠤᠯᠠᠭᠠᠨᠬᠤᠲᠠ ᠪᠥᠬᠦ ᠤᠯᠤᠰ ᠤᠨ ᠬᠤᠪᠢᠰᠬᠠᠯᠲᠤ ᠵᠤᠭᠠᠴᠠᠯ ᠤᠨ | ᠦᠵᠡᠮᠵᠢ ᠶᠢᠨ ᠣᠷᠣᠨ ᠤ ᠰᠣᠩᠭᠤᠳᠠᠭ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃ ᠡ᠊ᠡᠳᠡ ᠬᠤᠪᠢᠰᠬᠠᠯᠲᠤ | ᠲᠡᠦᠬᠡ ᠶᠢᠨ ᠤᠯᠠ ᠮᠥᠷ ᠤᠯᠠᠨ ᠪᠥᠭᠡᠳ ᠪᠦᠷᠢᠨ ᠪᠦᠲᠦᠨ ᠬᠠᠳᠠᠭᠠᠯᠠᠭᠳᠠᠵᠤ ᠪᠤᠢ᠂ ᠨᠡᠶᠢᠳᠡ 11 ᠬᠤᠪᠢᠰᠬᠠᠯᠲᠤ | ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠲᠠᠢ᠂ ᠡᠭᠦᠨ ᠳᠤ ᠥᠪᠥᠷ ᠮᠣᠩᠭᠤᠯ ᠤᠨ ᠦᠨᠳᠦᠰᠦᠲᠡᠨ ᠤ | ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠭᠡᠷ᠂ ᠤᠯᠠᠭᠠᠨᠬᠦᠦ ᠶᠢᠨ | ᠠᠯᠪᠠᠯᠠᠵᠤ ᠪᠠᠶᠢᠭᠰᠠᠨ ᠭᠠᠵᠠᠷ᠂ ᠥᠪᠥᠷ ᠮᠣᠩᠭᠤᠯ ᠤᠨ ᠨᠠᠮ ᠤᠨ ᠬᠤᠷᠢᠶᠠᠨ ᠤ ᠠᠯᠪᠠᠨ ᠭᠡᠷ ᠤᠨ ᠬᠠᠭᠤᠴᠢᠨ ᠰᠠᠭᠤᠴᠠ ᠪᠠᠷ | ᠭᠤᠣᠯ ᠪᠣᠯᠭᠠᠭᠰᠠᠨ ᠪᠥᠭᠡᠳ ︽ᠨᠢᠭᠡ ᠣᠷᠳᠣᠨ ᠭᠤᠷᠪᠠᠨ ᠦᠯᠡᠳᠡᠭᠳᠡᠯ︾ ᠭᠡᠵᠦ ᠨᠡᠷᠡᠶᠢᠳᠪᠡ᠃ | | 2017 ᠣᠨ ᠠᠴᠠ ᠨᠠᠭᠠᠰᠢ᠂ ᠠᠶᠢᠮᠠᠭ ᠬᠤᠲᠠ 2.78 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ︽ | ᠨᠢᠭᠡ ᠣᠷᠳᠣᠨ ᠭᠤᠷᠪᠠᠨ ᠦᠯᠡᠳᠡᠭᠳᠡᠯ︾ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠨᠥᠯᠥᠭᠡᠯᠡᠬᠦ 2.2 ᠲᠦᠮᠡᠨ | ᠲᠡᠭᠰᠢ ᠳᠥᠷᠪᠡᠯᠵᠢᠨ ᠮᠧᠳ᠋ᠷ ᠪᠠᠷᠢᠯᠭ᠎ᠠ ᠶᠢ ᠨᠤᠷᠠᠭᠠᠨ ᠨᠡᠭᠦᠯᠭᠡᠵᠦ᠂ 2000 ᠭᠠᠷᠤᠶ ᠲᠦᠮᠡᠨ ᠲᠥᠭᠦᠷᠢᠭ ᠤᠨ ᠪᠠᠯᠠ | ᠣᠷᠣᠭᠤᠯᠵᠤ ᠦᠵᠡᠮᠵᠢ ᠶᠢᠨ ᠣᠷᠣᠨ ᠦᠵᠡᠮᠵᠢ ᠶᠢᠨ ᠴᠡᠭ ᠤᠨ ᠲᠡᠷᠭᠡᠨ ᠵᠣᠭᠰᠣᠭᠠᠯ᠂ ᠴᠡᠴᠡᠷᠯᠢᠭ ᠤᠨ ᠵᠠᠮ ᠵᠡᠷᠭᠡ ᠰᠠᠭᠤᠷᠢ | ᠲᠦᠬᠦᠭᠡᠷᠦᠮᠵᠢ ᠶᠢ ᠳᠣᠭᠢᠷᠠᠭᠤᠯᠤᠨ ᠪᠥᠲᠥᠭᠡᠨ ᠪᠠᠶᠢᠭᠤᠯᠵᠤ᠂ ᠲᠡᠤᠬᠡ ᠶᠢᠨ ᠦᠯᠡᠳᠡᠭᠳᠡᠯ ᠢ ᠳᠡᠯᠭᠡᠨ ᠦᠵᠡᠭᠦᠯᠬᠦ ᠣᠷᠣᠨ | ᠵᠠᠶ ᠶᠢ ᠥᠷᠭᠡᠳᠬᠡᠪᠡ᠃ ᠡᠭᠦᠨ ᠤ ᠬᠠᠮᠲᠤ᠂ ᠤᠯᠤᠰ ᠤᠨ ᠲᠠᠰ ᠤᠨ ᠡᠦ ᠢ ᠵᠡᠭᠡᠯᠢ ᠶᠢᠨ ᠲᠡᠤᠬᠡ ᠰᠣᠶᠣᠯ ᠤᠨ ᠵᠡᠭᠡᠯᠢ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠪᠢᠰᠬᠠᠯᠲᠤ ᠰᠣᠶᠣᠯ ᠢ ᠣᠶᠢᠯᠠᠭᠠᠬᠤ᠂ ᠬᠤᠪᠢᠰᠬᠠᠯᠲᠤ | ᠤᠳᠤᠮᠰᠢᠯ ᠢ ᠤᠯᠠᠮᠵᠢᠯᠠᠬᠤ ᠪᠠᠷ ᠭᠤᠤᠯ ᠰᠡᠳᠦᠪ ᠪᠣᠯᠭᠠᠨ᠂ ᠬᠤᠪᠢᠰᠬᠠᠯᠲᠤ ᠰᠣᠶᠣᠯ ᠪᠠ ᠲᠤᠬᠠᠶ ᠶᠢᠨ ᠭᠠᠵᠠᠷ ᠤᠨ | ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢᠨ ᠣᠨᠴᠠᠯᠢᠭ ᠢ ᠠᠭᠤᠰᠬᠠᠵᠤ᠂ ᠤᠯᠠᠭᠠᠨᠬᠤᠲᠠ ᠶᠢᠨ ᠣᠷᠴᠢᠨ ᠦᠶ᠎ᠡ ᠶᠢᠨ | ᠳᠤᠷᠠᠰᠤᠮᠵᠢ ᠶᠢ ᠰᠡᠷᠭᠦᠭᠡᠵᠦ᠂ ᠬᠤᠪᠢᠰᠬᠠᠯᠲᠤ ᠵᠤᠭᠠᠴᠠᠯ ᠤᠨ ᠰᠣᠳᠣᠨ ᠵᠠᠮ ᠱᠤᠭᠤᠮ ᠢ ᠪᠣᠶ ᠪᠣᠯᠭᠠᠵᠠᠢ᠃ 2021 | ᠣᠨ ᠳᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠢᠶᠠᠷ᠂ ᠥᠪᠥᠷ ᠮᠣᠩᠭᠤᠯ ᠤᠨ ᠦᠨᠳᠦᠰᠦᠲᠡᠨ ᠤ | ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠵᠡᠷᠭᠡ ᠲᠠᠯᠠᠪᠠᠢ ᠣᠷᠳᠣᠨ ᠨᠢ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠬᠤᠪᠢᠰᠬᠠᠯᠲᠤ ᠵᠤᠭᠠᠴᠠᠯ ᠤᠨ ᠵᠠᠭᠤᠨ ᠵᠤᠷᠪᠤᠰ ᠰᠣᠳᠣᠨ ᠵᠠᠮ ᠱᠤᠭᠤᠮ︾ ᠤᠨ ︽ᠬᠤᠪᠢᠰᠬᠠᠯ ᠤᠨ ᠲᠦᠳᠡᠭ · | ᠬᠤᠪᠢᠰᠬᠠᠯ ᠤᠨ ᠲᠠᠯ᠎ᠠ ᠨᠤᠲᠤᠭ︾ ᠰᠣᠳᠣᠨ ᠵᠠᠮ ᠱᠤᠭᠤᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠪᠠᠶᠢᠨ᠎ᠠ᠃ | ᠤᠯᠠᠭᠠᠨᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠭᠦᠸᠧ ᠰᠢᠶᠤᠤ ᠯᠢᠶᠠᠩ᠄ ︽ᠤᠯᠠᠭᠠᠨᠬᠤᠲᠠ ᠬᠤᠪᠢᠰᠬᠠᠯᠲᠤ ᠰᠣᠶᠣᠯ ᠢ ᠠᠭᠤᠳᠠᠯᠬᠤ ᠡᠷᠴᠢᠮ ᠢᠶᠠᠨ | ᠴᠢᠩᠭᠠᠷᠠᠭᠤᠯᠵᠤ᠂ ᠬᠤᠪᠢᠰᠬᠠᠯᠲᠤ ᠰᠣᠶᠣᠯ ᠵᠤᠭᠠᠴᠠᠯ ᠤᠨ ᠡᠬᠢ ᠪᠠᠶᠠᠯᠢᠭ ᠢ ᠠᠮᠢᠯᠠᠭᠤᠯᠤᠨ᠂ ᠬᠤᠪᠢᠰᠬᠠᠯ ᠤᠨ ᠲᠡᠮᠳᠡᠭ | ᠬᠥᠲᠥᠯᠦᠨ ᠵᠢᠯᠣᠭᠤᠳᠬᠤ ᠵᠡᠷᠭᠡ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ︿ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ﹀ | ᠤᠨ ᠰᠢᠵᠢᠷ ᠠᠯᠲᠠᠨ ᠵᠤᠭᠠᠴᠠᠯ ᠤᠨ ᠱᠤᠭᠤᠮ ᠤᠨ ᠴᠢᠬᠤᠯᠠ ᠬᠠᠷᠠᠯᠲᠠᠲᠤ ᠬᠤᠲᠠ ᠪᠠ ᠳᠤᠮᠳᠠᠳᠤ ᠤᠯᠤᠰ ᠤᠨ | ᠬᠤᠪᠢᠰᠬᠠᠯᠲᠤ ᠵᠤᠭᠠᠴᠠᠯ ᠤᠨ ᠬᠠᠷᠠᠯᠲᠠᠲᠤ ᠣᠷᠣᠨ ᠢ ᠪᠥᠬᠦ ᠬᠦᠴᠦᠨ ᠢᠶᠠᠷ ᠢᠶᠠᠨ ᠴᠤᠭᠴᠠᠯᠠᠵᠤ ᠪᠠᠶᠢᠨ᠎ᠠ︾ ᠭᠡᠵᠦ | ᠢᠯᠡᠷᠬᠡᠶᠢᠯᠡᠵᠡᠢ᠃ | | ︽1947 ᠣᠨ ᠤ 4 ᠰᠠᠷ᠎ᠠ ᠶᠢᠨ 23 ᠤ ᠡᠳᠦᠷ ᠠᠴᠠ 5 ᠰᠠᠷ᠎ᠠ ᠶᠢᠨ 3 ᠤ ᠡᠳᠦᠷ ᠪᠣᠯᠲᠠᠯ᠎ᠠ᠂ ᠥᠪᠥᠷ | ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠥᠪᠥᠷ ᠮᠣᠩᠭᠤᠯ ᠤᠨ ᠵᠡᠭᠦᠨ ᠪᠡᠶ᠎ᠡ ᠶᠢᠨ ᠪᠠᠭ᠎ᠠ ᠬᠤᠳᠠ ᠳᠠᠬᠢ | ᠸᠠᠩ ᠤᠨ ᠰᠦᠮ᠎ᠡ ᠵᠡᠭᠡᠯᠢ᠂ ᠥᠭᠡᠷ᠎ᠡ ᠪᠠᠷ ᠬᠡᠯᠡᠪᠡᠯ ᠥᠨᠥᠳᠦᠷ ᠤᠨ ᠤᠯᠠᠭᠠᠨᠬᠤᠲᠠ ᠳᠤ ᠬᠤᠷᠠᠯᠳᠤᠵᠠᠢ ᠁ ᠡᠨᠡ | ᠤᠳᠠᠭᠠᠨ ᠤ ᠬᠤᠷᠠᠯ ᠢ ᠲᠡᠦᠬᠡᠨ ᠳᠤ ︿ᠲᠠᠪᠤᠨ ᠰᠠᠷ᠎ᠠ ᠶᠢᠨ ᠨᠢᠭᠡᠨ ᠤ ᠶᠡᠭᠡ ᠬᠤᠷᠠᠯ﹀ ᠭᠡᠳᠡᠭ᠂ 1947 ᠣᠨ ᠤ 11 | ᠰᠠᠷ᠎ᠠ ᠶᠢᠨ 26 ᠤ ᠡᠳᠦᠷ᠂ ᠸᠠᠩ ᠤᠨ ᠰᠦᠮ᠎ᠡ ᠵᠡᠭᠡᠯᠢ ᠶᠢ ᠬᠤᠳᠠ ᠪᠣᠯᠭᠠᠨ ᠳᠡᠪᠰᠢᠭᠦᠯᠵᠦ᠂ ᠤᠯᠠᠭᠠᠨᠬᠤᠲᠠ ᠭᠡᠵᠦ ᠬᠠᠯᠠᠪᠠ | ᠂ ᠡᠨᠡ ᠪᠣᠯ ᠮᠠᠨ ᠤ ᠤᠯᠠᠭᠠᠨᠬᠤᠲᠠ ᠶᠢᠨ ᠨᠡᠷ᠎ᠡ ᠶᠢᠨ ᠢᠷᠡᠯᠳᠡ ᠪᠣᠯᠤᠨ᠎ᠠ︾᠃ ᠥᠪᠥᠷ ᠮᠣᠩᠭᠤᠯ ᠤᠨ ᠦᠨᠳᠦᠰᠦᠲᠡᠨ ᠤ | ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠳᠤ᠂ ᠬᠢᠩᠭᠠᠨ ᠠᠶᠢᠮᠠᠭ ᠤᠨ ᠬᠤᠪᠢᠰᠬᠠᠯ ᠤᠨ ᠪᠢᠴᠢᠬᠠᠨ ᠲᠠᠶᠢᠯᠪᠤᠷᠢᠯᠠᠭᠴᠢ᠂ | ᠤᠯᠠᠭᠠᠨᠬᠤᠲᠠ ᠶᠢᠨ ᠬᠢᠩᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠸᠠᠩ ᠰᠢᠨ ᠢ ᠲᠣᠭᠤᠷᠢᠨ ᠦᠵᠡᠬᠦ ᠪᠠᠷ | ᠢᠷᠡᠭᠰᠡᠨ ᠵᠤᠭᠠᠴᠠᠭᠰᠠᠳ ᠲᠤ ᠲᠠᠶᠢᠯᠤᠮᠵᠢ ᠬᠢᠵᠦ ᠪᠠᠶᠢᠯ᠎ᠠ᠃ ᠬᠤᠪᠢᠰᠬᠠᠯ ᠤᠨ ᠵᠢᠵᠢᠭ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠠᠩᠬᠠᠨ ᠤ ᠪᠦᠯᠦᠭ ᠤᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠲᠡᠷᠡ ᠨᠢᠯᠬᠠᠰᠠᠭ ᠳᠠᠭᠤᠨ ᠢᠶᠠᠷ ᠢᠶᠠᠨ | ᠬᠤᠪᠢᠰᠬᠠᠯ ᠤᠨ ᠦᠯᠢᠭᠡᠷ ᠤᠳ ᠢ ᠶᠠᠷᠢᠵᠤ᠂ ᠬᠤᠪᠢᠰᠬᠠᠯ ᠤᠨ ᠤᠯᠠᠭᠠᠨ ᠤᠴᠢ ᠶᠢ ᠲᠣᠭᠤᠷᠢᠨ ᠦᠵᠡᠭᠴᠢᠳ ᠤᠨ | ᠰᠡᠳᠬᠢᠯ ᠳᠤ ᠰᠠᠴᠤᠪᠠ᠃ | | ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ︽ᠨᠢᠭᠡ ᠣᠷᠳᠣᠨ | ᠭᠤᠷᠪᠠᠨ ᠦᠯᠡᠳᠡᠭᠳᠡᠯ︾ ᠢ ᠪᠥᠬᠦ ᠵᠢᠯ ᠳᠤ ᠨᠡᠶᠢᠭᠡᠮ ᠨᠡᠶᠢᠲᠡ ᠳᠤ ᠬᠠᠨᠳᠤᠭᠤᠯᠤᠨ ᠰᠦᠢᠳᠬᠡᠯ ᠬᠤᠷᠢᠶᠠᠬᠤ ᠥᠬᠡᠶ ᠪᠠᠷ | ᠨᠡᠭᠡᠭᠡᠵᠦ᠂ ᠵᠢᠯ ᠳᠤ 150 ᠲᠦᠮᠡᠨ ᠬᠥᠮᠦᠨ ᠢ ᠭᠥᠯᠢᠶᠡᠨ ᠠᠪᠴᠤ ᠵᠣᠴᠢᠯᠠᠪᠠ᠃ ᠲᠦᠷᠦᠭᠦᠬᠡᠨ᠂ ︽ᠨᠢᠭᠡ ᠣᠷᠳᠣᠨ | ᠭᠤᠷᠪᠠᠨ ᠦᠯᠡᠳᠡᠭᠳᠡᠯ︾ ᠨᠢ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠤᠬᠡ ᠤᠯᠤᠰ ᠤᠨ | ᠲᠡᠤᠬᠡ ᠶᠢᠨ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠡ᠃ | | ᠲᠤᠯᠤᠭᠠᠨ ᠰᠠᠷ᠎ᠠ ᠶᠢᠨ ᠨᠢᠭᠡᠨ ᠤ ᠤᠷᠢᠳ ᠬᠤᠵᠢᠳ ᠢᠶᠠᠷ᠂ ︽ᠨᠢᠭᠡ ᠣᠷᠳᠣᠨ ᠭᠤᠷᠪᠠᠨ ᠦᠯᠡᠳᠡᠭᠳᠡᠯ︾ ᠨᠢ | ᠬᠤᠪᠢᠰᠬᠠᠯᠲᠤ ᠵᠤᠭᠠᠴᠠᠯ ᠤᠨ ᠲᠣᠭᠤᠷᠢᠨ ᠦᠵᠡᠬᠦ ᠰᠢᠨ᠎ᠡ ᠥᠷᠨᠢᠯᠲᠡ ᠶᠢ ᠤᠭᠲᠤᠨ ᠠᠪᠴᠢᠷᠠᠯ᠎ᠠ᠃ ᠨᠠᠮ ᠵᠠᠰᠠᠭ ᠤᠨ ᠡᠯ᠎ᠡ | ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠢ᠂ ᠡᠯ᠎ᠡ ᠶᠡᠭᠡ ᠳᠡᠭᠡᠳᠦ ᠰᠤᠷᠭᠠᠭᠤᠯᠢ | ᠪᠣᠯᠤᠨ ᠡᠷᠬᠢᠨ ᠲᠣᠭᠤᠷᠢᠨ ᠤ ᠬᠤᠰᠢᠭᠤ ᠰᠢᠶᠠᠨ ᠬᠤᠳᠠ ᠶᠢᠨ ᠨᠠᠮ ᠤᠨ ᠭᠡᠰᠢᠭᠦᠨ᠂ ᠺᠠᠳ᠋ᠷ᠂ ᠰᠤᠷᠤᠭᠴᠢᠳ ᠢ ᠵᠣᠬᠢᠶᠠᠨ | ᠪᠠᠶᠢᠭᠤᠯᠤᠨ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠬᠦᠷᠲᠡᠭᠡᠵᠦ᠂ ᠭᠤᠣᠯ ᠰᠡᠳᠦᠪᠲᠦ ᠨᠠᠮ ᠤᠨ ᠡᠳᠦᠷᠯᠢᠭ ᠤᠨ | ᠠᠵᠢᠯᠯᠠᠭ᠎ᠠ ᠥᠷᠨᠢᠭᠦᠯᠪᠡ᠃ ︽ᠬᠤᠪᠢᠰᠬᠠᠯᠲᠤ ᠬᠥᠮᠦᠵᠢᠯ ᠤᠨ ᠰᠠᠭᠤᠷᠢᠨ ᠢ ᠲᠣᠭᠤᠷᠢᠨ ᠦᠵᠡᠬᠦ ᠪᠣᠯ ︿ᠬᠤᠪᠢᠰᠬᠠᠯᠲᠤ | ᠬᠤᠶᠢᠴᠢ ᠨᠢᠭᠡ ᠦᠶ᠎ᠡ ᠶᠢᠨ ᠬᠢᠨ﹀ ᠢ ᠬᠥᠮᠦᠵᠢᠭᠦᠯᠬᠦ ᠴᠢᠬᠤᠯᠠ ᠬᠢᠴᠢᠶᠡᠯ ᠤᠨ ᠲᠠᠩᠬᠢᠮ ᠪᠣᠯᠤᠨ᠎ᠠ᠂ ᠬᠤᠪᠢᠰᠬᠠᠯ ᠤᠨ | ᠲᠡᠦᠬᠡ ᠶᠢ ᠨᠡᠩ ᠰᠢᠭᠤᠳ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠢᠬᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠪᠤᠢ ᠪᠤᠯᠭᠠᠨ ᠦᠢᠯᠡᠳᠦᠯᠬᠡᠵᠢᠬᠦᠯᠬᠦ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ︾᠃ | ᠤᠯᠠᠭᠠᠨᠬᠤᠲᠠ ᠶᠢᠨ ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ᠪᠠᠭᠰᠢ ᠦ᠋ ᠱᠦ ᠵᠧᠨ ᠬᠠᠮᠲᠤ ᠰᠤᠷᠤᠭᠴᠢᠳ ᠢᠶᠠᠨ | ᠳᠠᠭᠠᠭᠤᠯᠤᠨ ᠲᠣᠭᠤᠷᠢᠨ ᠦᠵᠡᠬᠦ ᠳᠡᠭᠡᠨ ᠭᠦᠨ ᠲᠦᠷᠦᠭᠳᠡᠯ ᠲᠠᠢ ᠪᠠᠶᠢᠯ᠎ᠠ᠃ | | ︽ᠬᠤᠪᠢᠰᠬᠠᠯᠲᠤ ᠤᠯᠠᠮᠵᠢᠯᠠᠯᠳᠤ ᠬᠥᠮᠦᠵᠢᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠤᠯᠠᠮᠵᠢᠯᠠᠬᠤ | ᠴᠢᠬᠤᠯᠠ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠡᠨᠡ ᠵᠢᠯ ︿ᠨᠢᠭᠡ ᠣᠷᠳᠣᠨ ᠭᠤᠷᠪᠠᠨ ᠪᠠᠭᠤᠷᠢ﹀ ᠨᠢ ︿ | ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠠᠭᠤᠷᠢᠨ ᠭᠠᠵᠠᠷ ᠢᠶᠠᠷ ᠵᠤᠭᠠᠴᠠᠨ | ᠨᠠᠮ ᠤᠨ ᠲᠡᠦᠬᠡ ᠶᠢ ᠰᠤᠷᠤᠯᠴᠠᠵᠤ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ | ﹀ ᠭᠤᠣᠯ ᠰᠡᠳᠦᠪᠲᠦ ᠬᠥᠮᠦᠵᠢᠯ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ | ᠣᠷᠳᠣᠨ ᠤ ᠪᠢᠴᠢᠬᠠᠨ ᠲᠠᠶᠢᠯᠪᠤᠷᠢᠯᠠᠭᠴᠢ᠂ ᠪᠢᠴᠢᠬᠠᠨ ᠤᠬᠠᠭᠤᠯᠤᠨ ᠲᠠᠶᠢᠯᠪᠤᠷᠢᠯᠠᠭᠴᠢ ᠶᠢᠨ ᠪᠣᠯᠪᠠᠰᠤᠷᠠᠯ ᠵᠡᠷᠭᠡ ᠰᠢᠷᠢᠰ | ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ ᠠᠮᠢᠳᠤᠯᠢᠭ ᠢᠶᠠᠷ | ᠬᠡᠷᠡᠭᠯᠡᠵᠦ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯᠲᠤ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ | ᠰᠣᠶᠣᠯ ᠢ ᠨᠡᠩ ᠰᠠᠶᠢᠲᠤᠷ ᠤᠯᠠᠮᠵᠢᠯᠠᠨ᠎ᠠ︾ ᠭᠡᠵᠦ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ | ᠳᠤᠷᠠᠰᠬᠠᠯ ᠤᠨ ᠣᠷᠳᠣᠨ ᠤ ᠳᠡᠳ᠋ ᠳᠠᠷᠤᠭ᠎ᠠ ᠹᠠᠩ ᠸᠧᠢ ᠢᠯᠡᠳᠬᠡᠪᠡ᠃ | | ᠲᠦᠷᠦᠭᠦᠬᠡᠨ᠂ ᠤᠯᠠᠭᠠᠨᠬᠤᠲᠠ ᠶᠢᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠬᠤᠪᠢᠰᠬᠠᠯ ᠤᠨ ᠥᠯᠢᠭᠡᠷ | ᠶᠠᠷᠢᠵᠤ ᠨᠠᠮ ᠤᠨ ᠣᠭ ᠰᠠᠨᠠᠭ᠎ᠠ ᠶᠢ ᠡᠷᠭᠢᠴᠡᠭᠦᠯᠦᠶ᠎ᠡ︾ ᠭᠡᠬᠦ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ | ᠠᠬᠤᠶ ᠲᠠᠯᠠᠪᠠᠶ ᠳᠤ᠂ ᠤᠷᠤᠯᠳᠤᠭᠠᠨ ᠳᠤ ᠣᠷᠤᠯᠴᠠᠭᠰᠠᠳ ᠠᠴᠠ ᠬᠤᠪᠢᠰᠬᠠᠯᠳᠤ ᠥᠯᠢᠭᠡᠷ ᠢ ᠰᠡᠳᠬᠢᠯ ᠳᠣᠭᠳᠣᠯᠤᠮ᠎ᠠ | ᠶᠠᠷᠢᠵᠤ᠂ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ | ᠢᠳᠡᠪᠬᠢᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠦᠵᠡᠭᠴᠢᠳ ᠤᠨ ᠬᠠᠯᠠᠭᠤᠨ | ᠠᠯᠠᠭ᠎ᠠ ᠲᠡᠰᠢᠯᠲᠡ ᠶᠢ ᠤᠯᠪᠠ᠃ ︽ᠲᠤᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠢᠶᠠᠷ ᠳᠠᠮᠵᠢᠨ᠂ ᠥᠪᠡᠷ ᠤᠨ | ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠬᠤᠪᠢᠰᠬᠠᠯᠲᠤ ᠦᠯᠢᠭᠡᠷ᠂ ᠨᠠᠮ ᠤᠨ ᠭᠡᠰᠢᠭᠦᠨ ᠤ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ︾ ᠭᠡᠵᠦ | ᠤᠷᠤᠯᠳᠤᠭᠠᠨ ᠳᠤ ᠣᠷᠣᠯᠴᠠᠭᠰᠠᠨ ᠤᠯᠠᠭᠠᠨᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠳ᠋ᠦ᠋ ᠢ | ᠬᠡᠯᠡᠨ᠎ᠡ᠃ | | ᠡᠭᠦᠨ ᠤ ᠵᠡᠷᠭᠡ ᠳᠤ᠂ ︽ᠵᠠᠭᠤᠨ ᠬᠥᠮᠦᠨ ᠤ ᠮᠢᠩᠭᠠᠨ ᠲᠠᠯᠠᠪᠤᠷ︾ ᠶᠡᠭᠡ ᠤᠬᠠᠭᠤᠯᠤᠨ ᠲᠠᠶᠢᠯᠪᠤᠷᠢᠯᠠᠯᠲᠠ ᠲᠠᠢ | ᠤᠶᠠᠯᠳᠤᠭᠤᠯᠤᠨ᠂ ᠤᠯᠠᠭᠠᠨᠬᠤᠲᠠ ᠶᠢᠨ ︽ᠳᠡᠷᠭᠡᠳᠡᠬᠢ ᠬᠥᠮᠦᠨ ᠳᠤ ᠪᠠᠨ ᠠᠰᠢᠭ ᠬᠦᠷᠲᠡᠭᠡᠬᠦ︾ ᠤᠬᠠᠭᠤᠯᠤᠨ | ᠲᠠᠶᠢᠯᠪᠤᠷᠢᠯᠠᠬᠤ ᠡᠩᠨᠡᠭᠡᠨ ᠤ ᠭᠡᠰᠢᠭᠦᠳ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠳᠡᠷᠭᠡᠳᠡᠬᠢ ᠬᠥᠮᠦᠰ ᠲᠡᠭᠡᠨ ᠶᠠᠷᠢᠵᠤ᠂ | ︽ᠴᠢᠮᠡᠭᠡ ᠠᠨᠢᠷ ᠥᠬᠡᠶ︾ ᠤᠬᠠᠭᠤᠯᠭ᠎ᠠ ᠶᠢᠨ ᠵᠠᠭᠪᠤᠷ ᠢᠶᠠᠷ ᠨᠠᠮ ᠤᠨ ᠲᠡᠤᠬᠡ᠂ ᠬᠤᠪᠢᠰᠬᠠᠯᠲᠤ ᠥᠯᠢᠭᠡᠷ᠂ ᠬᠤᠪᠢᠰᠬᠠᠯᠲᠤ | ᠵᠣᠷᠢᠭ ᠰᠠᠨᠠᠭ᠎ᠠ᠂ ᠴᠢᠭᠯᠡᠯᠲᠡ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠤ ᠣᠯᠠᠨ ᠲᠦᠮᠡᠨ ᠤ ᠳᠡᠷᠭᠡᠳᠡ | ᠳᠠᠮᠵᠢᠭᠤᠯᠤᠨ᠎ᠠ᠃ ᠡᠨᠡ ᠵᠢᠯ ᠠᠴᠠ ᠨᠠᠭᠠᠰᠢ᠂ ᠤᠯᠠᠭᠠᠨᠬᠤᠲᠠ ᠦᠨᠳᠦᠰᠦᠨ ᠱᠠᠲᠤᠨ ᠤ ᠣᠯᠠᠨ ᠲᠦᠮᠡᠨ ᠤ ᠣᠯᠠᠨ | ᠶᠠᠩᠵᠤᠯᠠᠭᠰᠠᠨ᠂ ᠥᠪᠡᠷᠮᠢᠴᠡ ᠣᠨᠴᠠᠯᠢᠭ ᠲᠠᠢ ᠤᠬᠠᠭᠤᠯᠤᠨ ᠲᠠᠶᠢᠯᠪᠤᠷᠢᠯᠠᠬᠤ ᠬᠡᠷᠡᠭᠴᠡᠭᠡ ᠶᠢ ᠲᠠᠰᠤᠷᠠᠯᠲᠠ ᠥᠬᠡᠶ | ᠬᠠᠩᠭᠠᠵᠤ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠬᠢᠨ ᠠᠴᠠ 100 ᠬᠦᠮᠦᠨ ᠢᠶᠠᠷ ᠪᠦᠷᠢᠯᠳᠦᠭᠰᠡᠨ ︽ᠳᠡᠷᠭᠡᠳᠡᠬᠢ | ᠤᠬᠠᠭᠤᠯᠤᠨ ᠲᠠᠶᠢᠯᠪᠤᠷᠢᠯᠠᠭᠴᠢ︾ ᠶᠢ ᠰᠣᠩᠭᠤᠨ ᠬᠥᠮᠦᠵᠢᠭᠦᠯᠵᠦ᠂ ︽ᠳᠡᠷᠭᠡᠳᠡᠬᠢ ᠬᠥᠮᠦᠨ ᠳᠤ ᠪᠠᠨ ᠠᠰᠢᠭ ᠬᠦᠷᠲᠡᠭᠡᠬᠦ︾ | ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠵᠤ᠂ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠣᠨᠣᠯ ᠤᠨ ᠤᠬᠠᠭᠤᠯᠤᠨ | ᠲᠠᠶᠢᠯᠪᠤᠷᠢᠯᠠᠯᠲᠠ ᠶᠢᠨ ︽ᠡᠴᠦᠰ ᠤᠨ ᠨᠢᠭᠡ ᠮᠧᠲᠷ︾ ᠢ ᠨᠡᠪᠲᠡᠷᠡᠭᠦᠯᠪᠡ᠃ ᠣᠳᠣᠬᠠᠨ ᠪᠣᠯᠲᠠᠯ᠎ᠠ᠂ ᠪᠦᠬᠦ ᠬᠤᠳᠠ ᠳᠤ ᠡᠯ᠎ᠡ | ᠲᠦᠷᠦᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠢᠭᠡᠨᠲᠡ ᠮᠢᠩᠭ᠎ᠠ ᠰᠢᠬᠠᠮ ᠤᠳᠠᠭ᠎ᠠ ᠥᠷᠨᠢᠭᠦᠯᠵᠦ᠂ 2.4 | ᠲᠦᠮᠡᠨ ᠬᠥᠮᠦᠨ ᠳᠤ ᠠᠰᠢᠭ ᠬᠦᠷᠳᠡᠭᠡᠵᠡᠢ᠃ | ︽ᠤᠯᠠᠨ ᠲᠦᠮᠡᠨ ᠬᠠᠮᠢᠭ᠎ᠠ ᠪᠠᠶᠢᠪᠠᠯ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠤᠨ ᠭᠠᠵᠠᠷ ᠢᠶᠠᠨ ᠲᠡᠨᠳᠡ ᠬᠦᠷᠲᠡᠯ᠎ᠡ | ᠦᠷᠭᠦᠯᠵᠢᠯᠡᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠶᠢᠨ ᠬᠢᠨ ᠳᠦᠭᠦᠮ ᠣᠶᠢᠯᠠᠭᠠᠮᠵᠢᠲᠠᠢ ᠦᠭᠡ | ᠬᠡᠯᠡ᠂ ᠠᠮᠢᠳᠤ ᠴᠣᠪᠣᠭᠤᠯᠢᠭ ᠬᠡᠯᠪᠡᠷᠢ ᠪᠠᠷ ᠬᠤᠪᠢᠰᠬᠠᠯᠲᠤ ᠦᠯᠢᠭᠡᠷ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ | ᠤᠨᠤᠯ ᠢ ᠠᠮᠢᠳᠤᠯᠢᠭ ᠢᠶᠠᠷ ᠶᠠᠷᠢᠵᠤ᠂ ᠤᠯᠠᠠ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠬᠤᠪᠢᠰᠬᠠᠯᠲᠤ ᠰᠣᠶᠣᠯ ᠢ | ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ︾ ᠭᠡᠵᠦ ᠤᠯᠠᠭᠠᠨᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠽᠢ ᠼᠦᠩ ᠬᠡᠯᠡᠪᠡ᠃ ᠡᠳᠦᠭᠡ ᠡᠯ᠎ᠡ ᠲᠦᠷᠦᠯ ᠤᠨ ᠪᠠᠶᠠᠯᠢᠭ | ᠰᠠᠶᠢᠬᠠᠨ ᠬᠤᠪᠢᠰᠬᠠᠯᠲᠤ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠨᠡᠩ ᠰᠢᠨ᠎ᠡ ᠬᠡᠯᠪᠡᠷᠢ᠂ ᠨᠡᠩ ᠠᠮᠢᠳᠤᠯᠢᠭ ᠠᠭᠤᠯᠭ᠎ᠠ | ᠂ ᠨᠡᠩ ᠥᠷᠭᠡᠨ ᠳᠡᠯᠭᠡᠷ ᠣᠷᠣᠯᠴᠠᠯᠭ᠎ᠠ ᠪᠠᠷ ᠬᠤᠳᠠ ᠳᠤ ᠥᠷᠨᠢᠵᠦ᠂ ᠠᠷᠠᠳ ᠤᠯᠠᠨ ᠤ ᠰᠡᠳᠬᠢᠯ ᠳᠤ ᠰᠢᠩᠭᠡᠵᠦ᠂ ᠡᠨᠡᠬᠦ | ᠵᠤᠨ ᠤ ︽ᠬᠤᠪᠢᠰᠬᠠᠯ ᠤᠨ ᠭᠤᠣᠯ ᠬᠦᠭ ᠠᠶᠠᠰ︾ ᠢ ᠬᠠᠩᠭᠢᠨᠠᠭᠤᠯᠵᠤ ᠪᠠᠶᠢᠨ᠎ᠠ᠃ | |