| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 〔 2022 〕 61 ᠳ᠋ᠦ᠋ᠭᠡᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠵᠠᠰᠠᠭ ᠵᠠᠬᠢᠷᠭᠠᠨ ᠤ ᠵᠠᠬᠢᠷᠭ᠎ᠠ ᠪᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠶ᠃ | 2022 ᠣᠨ ᠤ 11 ᠰᠠᠷ᠎ᠠ ᠶᠢᠨ 12 ᠤᠨ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠡᠮ ᠤᠨ ᠵᠦᠢᠯ ᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ | ᠲᠤᠬᠠᠶ ᠪᠣᠳᠠᠲᠠᠶ ᠠᠷᠭ᠎ᠠ ᠬᠡᠮᠵᠢᠶ᠎ᠡ | ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ | ᠲᠥᠷᠥ ᠠᠯᠪᠠᠨ ᠲᠠᠷᠬᠠᠭᠠᠭᠰᠠᠨ〔 2021 〕16 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ〔 2022 〕26 ᠳ᠋ᠤᠭᠠᠷ ᠲᠣᠭᠠᠲᠤ︶ ᠤᠨ | ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠮ ᠤᠨ | ᠵᠦᠢᠯ ︵ᠡᠮᠴᠢᠯᠡᠭᠡᠨ ᠤ ᠪᠠᠭᠠᠵᠢ ᠬᠡᠷᠡᠭᠰᠡᠯ᠂ ᠭᠤᠶᠣᠯᠠᠯ ᠤᠨ ᠡᠳ᠋ ᠪᠠᠭᠲᠠᠨ᠎ᠠ᠂ ᠳᠣᠷᠣᠭᠰᠢ ᠠᠳᠠᠯᠢ︶ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠶᠢᠮᠠᠭ ᠤᠨ | ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ | ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠠᠭᠤᠷᠢ ᠶᠢ ᠴᠢᠩᠭᠠᠳᠬᠠᠨ᠂ ᠳᠤᠲᠠᠭᠤᠳᠠᠯ ᠢ ᠨᠥᠬᠦᠪᠥᠷᠢᠯᠡᠵᠦ᠂ ᠪᠣᠭᠤᠮᠢ ᠶᠢ ᠡᠪᠳᠡᠵᠦ᠂ | ᠳᠡᠭᠡᠭᠰᠢᠯᠡᠭᠦᠯᠬᠦ ᠶᠢ ᠠᠬᠢᠭᠤᠯᠵᠤ᠂ ᠡᠮ ᠤᠨ ᠵᠦᠢᠯᠡᠰ ᠤᠨ ᠠᠮᠤᠷ ᠲᠦᠪᠰᠢᠨ ᠪᠠ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ᠂ ᠡᠷᠬᠡ ᠰᠦᠷ ᠲᠠᠢ ᠡᠮ ᠤᠨ | ᠵᠦᠢᠯᠡᠰ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ | ᠲᠤᠯᠭᠠᠭᠤᠷᠢᠯᠠᠵᠤ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠠᠮᠤᠷ ᠲᠦᠪᠰᠢᠨ ᠤ | ᠬᠤᠷᠢᠭ᠎ᠠ ᠱᠤᠭᠤᠮ ᠢ ᠡᠷᠡᠰ ᠰᠠᠬᠢᠵᠤ᠂ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠪᠠ ᠬᠢᠨᠠᠨ | ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ | ᠪᠦᠬᠦ ᠠᠶᠢᠮᠠᠭ ᠤᠨ ᠠᠷᠠᠳ ᠤᠯᠠᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠡᠷᠡᠭᠴᠡᠭᠡ ᠶᠢ ᠨᠡᠩ ᠰᠠᠶᠢᠲᠤᠷ | ᠬᠠᠩᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠸᠠᠺᠼᠢᠨ᠂ ᠣᠨᠴᠣᠭᠤᠶ ᠡᠮ ᠤᠨ | ᠵᠦᠢᠯ᠂ ᠰᠦᠯᠵᠢᠶᠡᠨ ᠳᠡᠭᠡᠷ᠎ᠡ ᠪᠣᠷᠣᠯᠠᠭᠤᠯᠬᠤ ᠡᠮ ᠤᠨ ᠵᠦᠢᠯ᠂ ᠬᠢᠲᠠᠳ ᠬᠡᠷᠴᠢᠮ ᠡᠮ᠂ ᠪᠠᠺᠲ᠋ᠧᠷᠢ ᠥᠬᠡᠶ ᠪᠠ | ᠳᠠᠷᠢᠵᠤ ᠣᠷᠣᠭᠤᠯᠬᠤ ᠴᠢᠨᠠᠷᠲᠠᠶ ᠡᠮᠴᠢᠯᠡᠭᠡᠨ ᠤ ᠪᠠᠭᠠᠵᠢ ᠬᠡᠷᠡᠭᠰᠡᠯ᠂ ᠬᠡᠤᠬᠡᠳ ᠵᠢᠴᠢ ᠣᠨᠴᠣᠭᠤᠶ ᠬᠡᠷᠡᠭᠴᠡᠭᠡᠲᠦ | ᠭᠤᠶᠣᠯᠠᠯ ᠤᠨ ᠡᠳ᠋ ᠵᠡᠷᠭᠡ ᠭᠤᠤᠯᠳᠠᠯᠭ᠎ᠠ ᠲᠠᠢ ᠦᠶ᠋ᠯᠡᠳᠬᠦᠨ ᠤ ᠲᠣᠭᠤᠷᠢᠨ ᠳᠤ ᠲᠤᠰᠬᠠᠶ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠦᠨᠳᠦᠰᠦᠨ ᠡᠮ ᠤᠨ ᠵᠦᠢᠯ᠂ ᠲᠡᠭᠦᠵᠦ ᠴᠤᠭᠯᠠᠭᠤᠯᠬᠤ | ᠳᠤᠮᠳᠠ ᠠᠴᠠ ᠰᠣᠩᠭᠤᠬᠤ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ ᠬᠤᠪᠴᠠᠰᠤ ᠵᠡᠷᠭᠡ ᠲᠥᠷᠥᠯ | ᠵᠦᠢᠯ ᠢ ᠰᠤᠭᠤᠴᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠮᠡᠷᠭᠡᠵᠢᠯ ᠤᠨ | ᠬᠢᠨᠠᠨ ᠦᠨᠡᠯᠡᠬᠦ᠂ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠮᠠᠭᠤ | ᠲᠤᠰᠬᠠᠯ ᠢ ᠬᠢᠨᠠᠨ ᠬᠡᠮᠵᠢᠬᠦ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ | ᠬᠡᠮᠵᠢᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠲᠦᠭᠰᠢᠭᠦᠷᠢ ᠶᠢᠨ ᠮᠡᠳᠡᠭᠡ | ᠵᠠᠩᠭᠢ ᠶᠢ ᠡᠮᠬᠢᠯᠡᠨ ᠨᠡᠶᠢᠯᠡᠭᠦᠯᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ | ᠲᠦᠭᠰᠢᠭᠦᠷᠢ ᠶᠢ ᠴᠠᠭ ᠲᠤᠬᠠᠶ ᠳᠤᠨᠢ ᠬᠢᠨᠠᠨ ᠬᠡᠮᠵᠢᠬᠦ᠂ ᠣᠨᠣᠪᠴᠢᠲᠠᠶ ᠰᠤᠳᠤᠯᠤᠨ ᠮᠠᠭᠠᠳᠯᠠᠬᠤ᠂ ᠰᠢᠨᠵᠢᠯᠡᠬᠦ | ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠪᠠ ᠪᠦᠲᠦᠮᠵᠢᠲᠡᠶ ᠰᠢᠢᠳᠪᠦᠷᠢᠯᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠬᠤᠶᠠᠷ︶ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠯᠪᠠᠰᠤᠷᠠᠭᠤᠯᠤᠯ ᠢ | ᠴᠢᠩᠭᠠᠳᠬᠠᠬᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠬᠤ᠂ ᠤᠯᠠᠮᠵᠢᠯᠠᠬᠤ ᠬᠠᠪᠰᠤᠷᠬᠤ ᠳᠠᠭᠠᠭᠤᠯᠬᠤ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠠᠶᠢᠮᠠᠭ ᠤᠨ ᠡᠮ ᠤᠨ ᠵᠦᠢᠯ ᠤᠨ | ᠪᠠᠶᠢᠴᠠᠭᠠᠭᠴᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠠᠵᠢᠯ ᠮᠡᠷᠭᠡᠵᠢᠭᠰᠡᠨ | ᠲᠤᠰᠬᠠᠶᠢᠵᠢᠭᠰᠠᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ | ᠠᠶᠢᠮᠠᠭ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠬᠥᠮᠥᠷᠭᠡ ᠶᠢ ᠪᠠᠶᠢᠭᠤᠯᠤᠨ᠂ ᠨᠢᠭᠡᠳᠦᠯᠲᠡᠶ ᠰᠢᠯᠵᠢᠭᠦᠯᠦᠨ | ᠲᠣᠮᠢᠯᠠᠬᠤ ᠶᠢ ᠬᠡᠷᠡᠭᠵᠢᠭᠦᠯᠦᠨ᠎ᠡ᠃ 2022 ᠣᠨ ᠤ ᠡᠴᠦᠰ ᠲᠤ᠂ ᠪᠥᠬᠦ ᠠᠶᠢᠮᠠᠭ ᠤᠨ ᠲᠤᠰᠬᠠᠶ ᠲᠤᠰᠢᠶᠠᠯᠲᠤ | ᠪᠠᠶᠢᠴᠠᠭᠠᠭᠴᠢ ᠶᠢᠨ ᠲᠤᠭ᠎ᠠ ᠶᠢ 30 ᠨᠡᠷᠡᠰ ᠬᠦᠷᠭᠡᠵᠦ᠂ ᠠᠯᠬᠤᠮ ᠳᠠᠷᠠᠭ᠎ᠠ ᠬᠤᠪᠢᠶᠠᠨ ᠦᠨᠳᠦᠰᠦᠨ ᠱᠠᠲᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ᠂ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠨᠥᠬᠦᠴᠡᠯ ᠳᠤ ᠨᠡᠶᠢᠴᠡᠬᠦ | ᠠᠵᠢᠯᠲᠠᠨ ᠢ ᠤᠷᠢᠨ ᠬᠡᠷᠡᠭᠯᠡᠵᠦ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠪᠣᠯᠭᠠᠨ᠎ᠠ᠃ 3 ᠵᠢᠯ ᠤᠨ ᠳᠣᠲᠣᠷ᠎ᠠ | ᠬᠥᠮᠥᠷᠭᠡ ᠳᠤ ᠣᠷᠣᠭᠤᠯᠬᠤ ᠲᠤᠰᠬᠠᠶ ᠲᠤᠰᠢᠶᠠᠯᠲᠤ ᠪᠠᠶᠢᠴᠠᠭᠠᠭᠴᠢ ᠶᠢᠨ ᠲᠤᠭ᠎ᠠ ᠶᠢ 60 ᠨᠡᠷᠡᠰ ᠠᠴᠠ ᠳᠡᠭᠡᠭᠰᠢ ᠳᠤ | ᠬᠦᠷᠦᠭᠦᠯᠵᠦ᠂ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠶᠢ 40 ᠨᠡᠷᠡᠰ ᠠᠴᠠ ᠳᠡᠭᠡᠭᠰᠢ ᠳᠤ ᠬᠦᠷᠦᠭᠦᠯᠬᠦ | ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠨ ᠬᠠᠮᠢᠶᠠᠷᠬᠤ ᠡᠭᠦᠷᠭᠡ ᠯᠦᠭᠡ ᠬᠠᠷᠢᠯᠴᠠᠨ ᠵᠣᠬᠢᠴᠠᠯᠳᠤᠭᠰᠠᠨ | ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ᠃ ᠪᠠᠶᠢᠴᠠᠭᠠᠬᠤ ᠠᠷᠭ᠎ᠠ ᠮᠠᠶ᠋ᠢᠭ ᠤᠨ | ᠰᠢᠨ᠎ᠡ ᠶᠢ ᠡᠭᠦᠳᠴᠦ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ | ᠠᠰᠢᠭᠯᠠᠯᠲᠠ ᠶᠢ ᠥᠷᠭᠡᠳᠬᠡᠨ᠂ ᠨᠢᠰᠦᠯᠲᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ | ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠨ ᠬᠠᠷᠭᠤᠭᠤᠯᠬᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠶᠢ ᠦᠨᠡᠯᠡᠨ ᠵᠢᠱᠢᠬᠦ ᠵᠢᠴᠢ ᠰᠡᠭᠦᠯᠴᠢ ᠶᠢᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠠᠤᠯᠢ | ᠬᠡᠷᠡᠭᠵᠢᠭᠦᠯᠬᠦ ᠪᠢᠲᠡᠭᠦᠦ ᠴᠠᠭᠠᠷᠢᠭ ᠤᠨ ᠰᠢᠰᠲ᠋ᠧᠮᠵᠢ ᠶᠢ ᠴᠢᠩᠭ᠎ᠠ ᠪᠠᠶᠢᠴᠠᠭᠠᠨ᠎ᠠ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠠᠶᠢᠮᠠᠭ ᠤᠨ ᠡᠮ ᠤᠨ | ᠵᠦᠢᠯ ᠢ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠢᠮᠳᠠᠭᠤᠯᠤᠨ ᠵᠢᠯᠣᠭᠤᠳᠴᠤ᠂ ᠡᠯ᠎ᠡ ᠬᠤᠰᠢᠭᠤ ᠰᠢᠶᠠᠨ | ᠬᠤᠲᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠤᠯᠠᠷᠢᠯ ᠪᠦᠷᠢ ᠳᠤ ᠨᠢᠭᠡ ᠤᠳᠠᠭ᠎ᠠ | ᠨᠡᠪᠲᠡᠷᠡᠭᠦᠯᠦᠨ᠎ᠡ᠃ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢᠬᠢ | ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠵᠠᠯᠬᠠᠭᠠᠨ ᠰᠢᠳᠬᠡᠬᠦ | ᠡᠷᠴᠢᠮ ᠢᠶᠠᠨ ᠦᠨᠡᠨ ᠬᠦ ᠴᠢᠩᠭᠠᠷᠠᠭᠤᠯᠤᠨ᠎ᠠ᠃ ᠡᠮ ᠤᠨ ᠵᠦᠢᠯ ᠢ ᠮᠥᠷᠳᠡᠨ ᠪᠠᠶᠢᠴᠠᠭᠠᠬᠤ ᠲᠤᠰᠬᠠᠶ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠥᠮᠦᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ | ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠶᠢ ᠴᠢᠩᠳᠠᠯᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠠᠶᠢᠮᠠᠭ ᠤᠨ | ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠬᠢᠨᠠᠨ ᠬᠠᠮᠢᠶᠠᠷᠬᠤ ᠠᠵᠢᠯ | ᠶᠠᠪᠤᠳᠠᠯ ᠤᠨ ᠡᠷᠬᠡ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠡᠮ ᠤᠨ | ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠪᠠᠷ ᠬᠡᠯᠬᠢᠶ᠎ᠡ ᠪᠣᠯᠭᠠᠭᠰᠠᠨ ᠠᠶᠢᠮᠠᠭ᠂ ᠬᠤᠰᠢᠭᠤ᠂ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠤᠷᠪᠠᠨ ᠱᠠᠲᠤᠨ ᠤ ᠬᠠᠮᠵᠢᠯᠴᠠᠨ ᠬᠢᠨᠠᠨ ᠬᠠᠮᠢᠶᠠᠷᠬᠤ ᠶᠢ | ᠴᠢᠩᠭᠠᠷᠠᠭᠤᠯᠤᠨ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠰᠢᠯᠭᠠᠨ | ᠪᠠᠶᠢᠴᠠᠭᠠᠵᠤ ᠬᠢᠨᠠᠨ ᠬᠡᠮᠵᠢᠬᠦ ᠪᠠ ᠮᠥᠷᠳᠡᠨ ᠪᠠᠶᠢᠴᠠᠭᠠᠵᠤ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠵᠢᠯᠣᠭᠤᠳᠣᠯᠭ᠎ᠠ | ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠪᠥᠬᠦ ᠠᠶᠢᠮᠠᠭ ᠢᠶᠠᠷ ᠢᠶᠠᠨ ᠵᠢᠯ ᠪᠦᠷᠢ ᠨᠠᠭᠠᠳᠤ ᠵᠠᠬ᠎ᠠ ᠳᠠᠭᠠᠨ ᠨᠢᠭᠡ | ᠤᠳᠠᠭ᠎ᠠ ᠱᠠᠲᠤ ᠲᠠᠰ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠲᠦᠭᠰᠢᠭᠦᠷᠢ ᠶᠢᠨ ᠵᠥᠪᠳᠡᠯᠴᠡᠭᠡ ᠶᠢ | ᠵᠣᠬᠢᠶᠠᠨ ᠪᠠᠶᠢᠭᠤᠯᠤᠨ᠎ᠠ᠃ ᠠᠶᠢᠮᠠᠭ᠂ ᠬᠤᠰᠢᠭᠤ ᠰᠢᠶᠠᠨ ᠬᠤᠲᠠ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ | ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠵᠣᠯᠭᠠᠭᠤᠯᠬᠤ᠂ ᠬᠠᠮᠵᠢᠯᠴᠠᠨ ᠠᠵᠢᠯᠯᠠᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠬᠦᠨᠳᠦ ᠶᠡᠭᠡ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠦᠨ᠂ | ᠡᠮ ᠤᠨ ᠵᠦᠢᠯ ᠤᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠵᠦ᠂ ᠰᠢᠯᠭᠠᠨ ᠪᠠᠶᠢᠴᠠᠭᠠᠵᠤ | ᠦᠨᠡᠮᠰᠢᠬᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠠᠯᠪᠠᠳᠠᠯᠭ᠎ᠠ ᠪᠠᠷ ᠭᠦᠢᠴᠡᠳᠭᠡᠬᠦ ᠵᠡᠷᠭᠡ ᠠᠵᠢᠯ ᠢ | ᠰᠠᠶᠢᠲᠤᠷ ᠬᠢᠵᠦ᠂ ᠬᠠᠮᠲᠤᠷᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠪᠠᠶᠢᠩᠭᠤᠵᠢᠭᠤᠯᠬᠤ ᠶᠢ | ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ | ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠲᠠᠪᠤ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠤᠨ | ᠵᠦᠢᠯ ᠪᠣᠯᠤᠨ ᠵᠠᠰᠠᠯ ᠴᠢᠮᠡᠭ ᠤᠨ ᠡᠳ᠋ ᠤᠨ ᠲᠤᠷᠰᠢᠯᠲᠠ ᠶᠢᠨ ᠲᠠᠰᠤᠭ ᠤᠨ ᠪᠥᠳᠥᠭᠡᠨ ᠪᠠᠶᠢᠭᠤᠯᠤᠯᠲᠠ ᠪᠣᠯᠤᠨ | ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠶᠢᠮᠠᠭ ᠤᠨ ᠱᠠᠲᠤᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠤᠯᠤᠰ | ᠤᠨC ᠲᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠲᠥᠯᠬᠢᠨ ᠠᠬᠢᠭᠤᠯᠵᠤ᠂ ᠣᠷᠣᠨ ᠨᠤᠲᠤᠭ ᠤᠨ | ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠠᠵᠢᠯ ᠢ ᠴᠢᠩᠭᠠᠳᠬᠠᠨ᠎ᠠ᠃ ᠣᠷᠣᠨ ᠨᠤᠲᠤᠭ ᠤᠨ ᠬᠥᠭᠵᠢᠯᠲᠡ | ᠪᠣᠯᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮ ᠤᠨ ᠵᠦᠢᠯ ᠪᠣᠯᠤᠨ | ᠭᠤᠶᠣᠯᠠᠯ ᠤᠨ ᠡᠳ᠋ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠬᠠᠨᠳᠤᠯᠭ᠎ᠠ ᠲᠠᠢ ᠪᠠᠷ | ᠣᠷᠣᠭᠤᠯᠤᠨ ᠠᠪᠴᠢᠷᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠴᠢᠩᠭᠠᠳᠬᠠᠨ᠂ | ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ | ᠵᠠᠰᠠᠭ ᠤᠨ ᠲᠣᠪᠴᠢᠶ᠎ᠠ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︶ | ︵ᠵᠢᠷᠭᠤᠭ᠎ᠠ︶ ᠡᠮ ᠤᠨ ᠰᠡᠷᠡᠮᠵᠢᠯᠡᠭᠦᠯᠬᠦ ᠰᠢᠰᠲ᠋ᠧᠮᠵᠢ ᠶᠢ ᠪᠥᠷᠢᠨᠰᠢᠬᠦᠯᠥᠨ᠎ᠡ᠃ ᠡᠮ ᠤᠨ ᠵᠦᠢᠯ ᠤᠨ ᠮᠠᠭᠤ | ᠤᠷᠪᠠᠯ ᠢ ᠬᠢᠨᠠᠨ ᠬᠡᠮᠵᠢᠵᠦ ᠦᠨᠡᠯᠡᠬᠦ ᠪᠠᠶᠢᠭᠤᠯᠤᠮᠵᠢ᠂ ᠡᠵᠡᠮᠰᠢᠭᠴᠢ ᠪᠠ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ | ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠪᠠᠨ ᠭᠦᠢᠴᠡᠳᠭᠡᠭᠰᠡᠨ ᠡᠮ ᠤᠨᠵᠦ᠋ᠢᠯ ᠤᠨ ᠰᠡᠷᠡᠮᠵᠢᠯᠡᠭᠦᠯᠬᠦ ᠠᠵᠢᠯ ᠤᠨ | ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ | ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠬᠠᠷᠠᠭᠤᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ | ᠥᠬᠡᠶ ᠠᠬᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠵᠦ ᠬᠢᠨᠠᠨ | ᠬᠡᠮᠵᠢᠬᠦ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠰᠡᠷᠭᠡᠶᠢᠯᠡᠬᠦ ᠲᠠᠷᠢᠯᠭ᠎ᠠ ᠶᠢᠨ ᠬᠡᠪ ᠤᠨ ᠪᠤᠰᠤ ᠰᠡᠵᠢᠭᠯᠡᠯᠲᠡᠶ ᠲᠤᠰᠬᠠᠯ ᠢ ᠬᠢᠨᠠᠨ ᠬᠡᠮᠵᠢᠬᠦ | ᠰᠢᠰᠲ᠋ᠧᠮ ᠯᠦᠭᠡ ᠲᠤᠭ᠎ᠠ ᠪᠠᠷᠢᠮᠲᠠ ᠶᠢ ᠬᠤᠯᠪᠣᠯᠳᠤᠭᠤᠯᠤᠨ ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ 2022 | ᠣᠨ ᠠᠴᠠ ᠡᠬᠢᠯᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠡᠷᠡᠭᠦᠯ ᠪᠤᠰᠤ ᠲᠤᠰᠬᠠᠯ ᠪᠠ ᠡᠮᠴᠢᠯᠡᠭᠡᠨ ᠤ | ᠪᠠᠭᠠᠵᠢ ᠬᠡᠷᠡᠭᠰᠡᠯ ᠤᠨ ᠡᠷᠡᠭᠦᠯ ᠪᠤᠰᠤ ᠬᠡᠷᠡᠭ ᠢ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠲᠤᠭ᠎ᠠ ᠶᠢ ᠲᠣᠰ ᠲᠣᠰ | ᠵᠠᠭᠤᠨ ᠲᠦᠮᠡᠨ ᠬᠥᠮᠦᠨ ᠠᠮᠠ ᠪᠦᠷᠢ ᠳᠤ 700 ᠬᠤᠪᠢ᠂ 70 ᠬᠤᠪᠢ ᠪᠠ 240 ᠬᠤᠪᠢ ᠠᠴᠠ ᠳᠣᠤᠷ᠎ᠠ | ᠪᠠᠶᠢᠯᠭᠠᠵᠤ ᠪᠣᠯᠬᠤ ᠥᠬᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ | ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ | ᠭᠠᠵᠠᠷ ᠤᠨ ᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠸᠠᠺᠼᠢᠨ ᠡᠮ ᠤᠨ ᠵᠦᠢᠯ ᠤᠨ | ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠂ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠵᠣᠬᠢᠬᠤ ᠲᠠᠰ ᠤᠨ ᠡᠮ ᠤᠨ | ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ | ᠨᠠᠭᠠᠳᠤ ᠵᠠᠬ᠎ᠠ ᠳᠠᠭᠠᠨ 2 ᠵᠢᠯ ᠳᠤ 1 ᠤᠳᠠᠭ᠎ᠠ ᠠᠴᠠ ᠳᠤᠲᠠᠭᠤ ᠨᠢᠭᠡᠳᠦᠯᠲᠡᠶ ᠵᠢᠯᠣᠭᠤᠳᠬᠤ᠂ ᠱᠠᠲᠤ ᠬᠤᠪᠢᠶᠠᠨ | ᠬᠠᠷᠢᠭᠤᠴᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠡᠯ᠎ᠡ | ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ | ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ ᠨᠠᠢᠮᠠ︶ ︽ᠢᠨᠲ᠋ᠧᠷ ᠰᠦᠯᠵᠢᠶ᠎ᠡ + ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡᠨ ᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ +︾ ᠰᠢᠯᠵᠢᠮᠡᠯ ᠢᠨᠲ᠋ᠧᠷ | ᠰᠦᠯᠵᠢᠶ᠎ᠡ ᠶᠢᠨ ᠬᠤᠯᠪᠣᠭᠠᠯᠠᠨ ᠬᠡᠷᠡᠭᠯᠡᠬᠦ ᠶᠢ ᠳᠡᠯᠭᠡᠷᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ | ᠠᠰᠢᠭᠯᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠬᠤᠪᠢᠰᠤᠯᠲᠠ ᠶᠢ | ᠠᠬᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠭᠰᠠᠨ ᠡᠮ ᠤᠨ | ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶ᠎ᠠ ᠪᠥᠬᠦᠶ ᠵᠦᠢᠯᠡᠰ ᠢ ︽ᠵᠠᠯᠭᠠᠨ ᠠᠪᠴᠤ | ᠳᠡᠶᠢᠯᠬᠦ︾ ᠪᠣᠯᠭᠠᠨ᠎ᠠ᠃ ᠥᠪᠥᠷ ᠮᠣᠩᠭᠤᠯ ᠤᠨ ᠡᠮ ᠤᠨ ᠵᠦᠢᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠢᠳᠡᠪᠬᠢᠲᠡᠶ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠬᠠᠮᠲᠤᠪᠠᠷ | ᠬᠡᠷᠡᠭᠯᠡᠬᠦ ᠶᠢ ᠠᠬᠢᠭᠤᠯᠵᠤ᠂ ᠲᠤᠬᠠᠶᠢᠯᠠᠭᠰᠠᠨ ᠠᠵᠢᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ | ᠣᠶᠤᠨᠴᠢᠯᠠᠭᠰᠠᠨ ᠬᠠᠮᠵᠢᠯᠴᠠᠨ ᠵᠠᠰᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠤᠯᠠᠨ ᠭᠠᠵᠠᠷ ᠲᠤ ᠬᠦᠨᠳᠡᠵᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ | ᠦᠷᠭᠦᠯᠵᠢᠯᠡᠨ ᠥᠷᠨᠢᠭᠦᠯᠪᠡ᠃ ᠰᠦᠯᠵᠢᠶ᠎ᠡ ᠪᠠᠷ ᠪᠣᠷᠣᠯᠠᠭᠤᠯᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠵᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠮᠵᠢᠯᠴᠠᠬᠤ ᠨᠢᠭᠡᠴᠢ᠄ ᠠᠶᠢᠮᠠᠭ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ︶ | ︵ᠶᠢᠰᠦ︶ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ | ᠪᠠᠬᠢᠵᠢᠭᠦᠯᠦᠨ᠎ᠡ᠃ ︽ᠬᠤᠲᠠ ᠰᠢᠶᠠᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠲᠤᠬᠠᠶ ᠤᠯᠤᠰ ᠤᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠯ︾ ︵ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ︹ | 2022 ︺15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠱᠠᠲᠤᠨ ᠤ | ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠨᠳᠦᠰᠦᠨ ᠲᠣᠨᠤᠭ ᠲᠥᠬᠦᠭᠡᠷᠦᠮᠵᠢ ᠶᠢᠨ | ᠲᠣᠬᠢᠷᠠᠭᠤᠯᠤᠯᠲᠠ᠂ ᠡᠮ ᠤᠨ ᠵᠦᠢᠯ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠭᠤᠤᠯᠯᠠᠭᠴᠢ ᠬᠥᠮᠦᠰ ᠢ ᠪᠦᠷᠢᠳᠦᠭᠦᠯᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠠᠵᠢᠯ | ᠶᠠᠪᠤᠳᠠᠯ ᠤᠨ ᠡᠷᠬᠡ ᠯᠦᠭᠡ ᠵᠣᠬᠢᠴᠠᠯᠳᠤᠭᠰᠠᠨ ᠵᠠᠷᠤᠳᠠᠯ᠂ ᠲᠣᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠠ | ᠨᠥᠬᠦᠴᠡᠯ ᠢ ᠬᠠᠩᠭᠠᠬᠤ ᠬᠡᠷᠡᠭᠲᠡᠶ᠃ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠬᠠᠷᠢᠶ᠎ᠠ ᠣᠷᠣᠨ ᠤ ᠪᠠᠨ ᠡᠮ ᠤᠨ ᠵᠦᠢᠯ᠂ ᠡᠮᠴᠢᠯᠡᠭᠡᠨ ᠤ ᠪᠠᠭᠠᠵᠢ | ᠬᠡᠷᠡᠭᠰᠡᠯ᠂ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠵᠢᠯ ᠪᠦᠷᠢ ᠨᠠᠭᠠᠳᠤ | ᠵᠠᠬ᠎ᠠ ᠳᠠᠭᠠᠨ 1 ᠤᠳᠠᠭ᠎ᠠ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ᠂ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ 2 ᠤᠳᠠᠭ᠎ᠠ ᠬᠠᠤᠯᠢ ᠬᠡᠷᠡᠭᠵᠢᠭᠦᠯᠦᠨ ᠬᠢᠨᠠᠯᠲᠠ | ᠲᠠᠯᠪᠢᠵᠤ ᠪᠠᠶᠢᠴᠠᠭᠠᠬᠤ ᠶᠢ ᠲᠣᠰ ᠲᠣᠰ ᠵᠣᠬᠢᠶᠠᠨ ᠪᠠᠶᠢᠭᠤᠯᠤᠨ ᠥᠷᠨᠢᠭᠦᠯᠵᠦ᠂ ᠡᠮ ᠤᠨᠵᠦ᠋ᠢᠯ ᠤᠨ ᠬᠢᠨᠠᠯᠲᠠ | ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠣᠪᠤᠶᠢᠯᠭᠠᠨ᠎ᠠ᠃ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠷᠭ᠎ᠠ ᠵᠠᠮ ᠢ ᠥᠷᠭᠡᠳᠬᠡᠵᠦ᠂ ︽ᠰᠦᠯᠵᠢᠶ᠎ᠡ + ᠪᠣᠳᠠᠲᠠᠶ | ᠪᠣᠯᠪᠠᠰᠤᠷᠠᠭᠤᠯᠤᠯ + ᠭᠠᠳᠠᠭᠰᠢ ᠲᠣᠮᠢᠯᠠᠬᠤ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠥᠬᠦ ᠠᠶᠢᠮᠠᠭ ᠤᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠰᠬᠠᠶᠢᠵᠢᠭᠰᠠᠨ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠ︶ ᠬᠢᠲᠠᠳ ᠡᠮ ︵ᠮᠣᠩᠭᠤᠯ ᠡᠮ︶ ᠤᠨ ᠬᠥᠭᠵᠢᠯᠲᠡ ᠶᠢ ᠳᠡᠮᠵᠢᠨ᠎ᠡ᠃ ᠪᠥᠬᠦ ᠠᠶᠢᠮᠠᠭ ᠤᠨ ᠡᠮ | ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠵᠦ᠂ ᠬᠢᠩᠭᠠᠨ ᠠᠶᠢᠮᠠᠭ ᠤᠨ ᠵᠢᠩᠬᠢᠨᠢ | ᠡᠮ ᠤᠨ ᠮᠠᠲ᠋ᠧᠷᠢᠶᠠᠯ ᠳᠠᠷᠢᠬᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ GAP ᠪᠠᠷᠢᠮᠵᠢᠶ᠎ᠠ ᠶᠣᠰᠣᠭᠠᠷ | ᠬᠡᠪᠴᠢᠶᠡᠵᠢᠭᠦᠯᠦᠨ᠂ ᠵᠢᠷᠤᠮᠵᠢᠭᠤᠯᠤᠨ ᠳᠠᠷᠢᠵᠤ ᠲᠡᠵᠢᠭᠡᠬᠦ ᠶᠢ ᠳᠡᠮᠵᠢᠨ ᠠᠬᠢᠭᠤᠯᠤᠨ᠎ᠠ᠃ ᠬᠢᠲᠠᠳ ᠡᠮ ︵ᠮᠣᠩᠭᠤᠯ | ᠡᠮ︶ ᠤᠨ ᠲᠥᠷᠥᠯ ᠵᠦᠢᠯ ᠢ ᠰᠤᠳᠤᠯᠤᠨ ᠨᠡᠭᠡᠭᠡᠵᠦ ᠰᠠᠶᠢᠵᠢᠷᠠᠭᠤᠯᠬᠤ ᠶᠢ ᠳᠡᠮᠵᠢᠵᠦ᠂ ᠬᠢᠩᠭᠠᠨ ᠠᠶᠢᠮᠠᠭ ᠤᠨ | ᠵᠢᠩᠬᠢᠨᠢ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶᠡᠵᠢᠬᠦ᠂ ᠪᠠᠷᠢᠮᠵᠢᠶᠠᠵᠢᠬᠤ᠂ ᠨᠠᠷᠠᠲᠤ ᠲᠥᠷᠥᠯ | ᠲᠡᠮᠳᠡᠭᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠲᠠᠳ ᠬᠡᠷᠴᠢᠮ ᠡᠮ ᠦᠢᠯᠡᠳᠪᠦᠷᠢᠯᠡᠬᠦ ᠠᠵᠤ ᠠᠬᠤᠶᠢᠯᠠᠯ᠂ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠵᠢᠩᠬᠢᠨᠢ ᠡᠮ ᠤᠨ ᠮᠠᠲ᠋ᠧᠷᠢᠶᠠᠯ ᠤᠨ ᠡᠭᠦᠯᠳᠡᠷ ᠤᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ | ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠠᠰᠢᠭᠯᠠᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠵᠦ᠂ | ᠭᠤᠷᠪᠠᠳᠠᠬᠢ ᠡᠲᠡᠭᠡᠳ ᠤᠨ ᠬᠢᠲᠠᠳ ᠡᠮ ︵ᠮᠣᠩᠭᠤᠯ ᠡᠮ︶ ᠢ ᠰᠢᠯᠭᠠᠨ ᠪᠠᠶᠢᠴᠠᠭᠠᠬᠤ ᠪᠠᠶᠢᠭᠤᠯᠤᠮᠵᠢ | ᠪᠠᠶᠢᠭᠤᠯᠬᠤ ᠶᠢ ᠳᠡᠮᠵᠢᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠡᠮ ᠤᠨᠵᠦ᠋ᠢᠯ ᠤᠨ ᠠᠮᠤᠷ ᠲᠦᠪᠰᠢᠨ ᠢᠯᠠᠩᠭᠤᠶ᠎ᠠ ᠸᠠᠺᠼᠢᠨ ᠤ ᠠᠮᠤᠷ ᠲᠦᠪᠰᠢᠨ ᠤ | ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠶᠢ | ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ | ᠪᠡᠶᠡᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ | ᠱᠠᠲᠤᠨ ᠤ ᠡᠮ ᠤᠨᠵᠦ᠋ᠢᠯ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠤᠨ ᠪᠦᠷᠢᠨᠰᠢᠬᠦᠯᠵᠦ᠂ ᠡᠮ ᠤᠨ ᠵᠦᠢᠯ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ | ᠲᠡᠭᠦᠯᠳᠡᠷᠵᠢᠭᠦᠯᠦᠨ᠂ ᠲᠣᠰ ᠭᠠᠵᠠᠷ ᠣᠷᠣᠨ ᠤ ᠡᠮ ᠤᠨ ᠵᠦᠢᠯ ᠤᠨ ᠠᠮᠤᠷ ᠲᠦᠪᠰᠢᠨ ᠤ ᠠᠵᠢᠯ ᠳᠤ ᠬᠠᠤᠯᠢ | ᠶᠣᠰᠣᠭᠠᠷ ᠵᠣᠬᠢᠬᠤ ᠬᠠᠷᠢᠭᠤᠴᠠᠯᠭ᠎ᠠ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠠᠷᠪᠠᠨ ᠬᠤᠶᠠᠷ︶ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠤᠨ ᠠᠮᠤᠷ | ᠲᠦᠪᠰᠢᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ | ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠰᠤᠳᠤᠯᠤᠨ ᠦᠢᠯᠡᠳᠴᠦ ᠰᠢᠨ᠎ᠡ ᠶᠢ ᠡᠭᠦᠳᠬᠦ᠂ ᠦᠢᠯᠡᠳᠪᠦᠷᠢᠯᠡᠵᠦ | ᠡᠵᠡᠩᠨᠡᠬᠦ ᠵᠡᠷᠭᠡ ᠠᠵᠢᠯᠯᠠᠭ᠎ᠠ ᠥᠷᠨᠢᠭᠦᠯᠬᠦ ᠳᠤ ᠬᠢᠨᠠᠯᠲᠠ ᠲᠠᠯᠪᠢᠨ᠎ᠠ᠃ ᠡᠮ ᠤᠨ ᠵᠦᠢᠯ ᠤᠨ ᠠᠵᠢᠯ ᠲᠥᠷᠥᠯ ᠤᠨ | ᠨᠡᠶᠢᠭᠡᠮᠯᠢᠭ ᠤᠨ ᠵᠢᠷᠤᠮᠵᠢᠯ ᠲᠠᠢ ᠬᠥᠭᠵᠢᠬᠦ᠂ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠬᠦᠨᠳᠦ | ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠢᠯᠡ | ᠨᠡᠶᠢᠲᠡᠯᠡᠬᠦ ᠲᠦᠷᠢᠮ᠂ ᠢᠲᠡᠭᠡᠮᠵᠢ ᠶᠢ ᠰᠡᠷᠭᠦᠭᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ | ᠪᠠᠶᠢᠭᠤᠯᠵᠤ᠂ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠵᠠᠭᠠᠯᠳᠤᠵᠤ | ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠤᠤᠯ ᠵᠠᠭᠤᠴᠢᠯᠠᠭᠤᠷ ᠤᠨ ᠡᠮ ᠤᠨ | ᠵᠦᠢᠯ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠮ ᠤᠨ ᠵᠦᠢᠯ ᠤᠨ | ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠬᠢᠭᠡᠳ ᠡᠮᠴᠢᠯᠡᠭᠡᠨ ᠤ ᠬᠠᠮᠢᠶᠠᠷᠤᠯᠲᠠ᠂ | ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠵᠣᠯᠭᠠᠭᠤᠯᠤᠨ ᠬᠡᠷᠡᠭᠯᠡᠬᠦ ᠶᠢ | ᠴᠢᠬᠤᠯᠠᠴᠢᠯᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠡᠮ ᠤᠨ | ᠵᠦᠢᠯ ᠤᠨ ᠠᠮᠤᠷ ᠲᠦᠪᠰᠢᠨ ᠵᠠᠰᠠᠬᠤ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠎ᠡ᠃ ︵ᠲᠦᠷᠦᠭᠦᠯᠡᠬᠦ ᠨᠢᠭᠡᠴᠢ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠᠨ ᠭᠤᠷᠪᠠ︶ ᠪᠠᠲᠤᠯᠠᠭ᠎ᠠ ᠳᠡᠮᠵᠢᠯᠭᠡ ᠶᠢ ᠴᠢᠩᠭᠠᠷᠠᠭᠤᠯᠤᠨ᠎ᠠ᠃ ᠡᠮ ᠤᠨ ᠵᠦᠢᠯ ᠢ ᠬᠢᠨᠠᠨ ᠬᠠᠮᠢᠶᠠᠷᠬᠤ | ᠠᠵᠢᠯ ᠤᠨ ᠣᠨᠴᠠᠯᠢᠭ ᠲᠤ ᠳᠣᠭᠢᠷᠠᠬᠤ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ ᠡᠭᠦᠳᠦᠨ | ᠲᠡᠭᠦᠯᠳᠡᠷᠵᠢᠭᠦᠯᠵᠦ᠂ ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠢ ᠵᠦᠶ ᠵᠣᠬᠢᠰᠲᠠᠶ ᠳᠣᠭᠢᠷᠠᠭᠤᠯᠤᠨ᠂ ᠲᠤᠭ᠎ᠠ | ᠶᠣᠰᠣᠭᠠᠷ ᠪᠠᠲᠤᠯᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ | ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠳᠣᠭᠢᠷᠠᠭᠤᠯᠬᠤ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ | ᠵᠡᠷᠭᠡ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠲᠣᠰ | ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠡᠮ ᠤᠨ | ᠵᠦᠢᠯ ᠤᠨ ᠠᠮᠤᠷ ᠲᠦᠪᠰᠢᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠮ ᠤᠨ | ᠵᠦᠢᠯ ᠤᠨ ᠠᠮᠤᠷ ᠲᠦᠪᠰᠢᠨ ᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠨ᠎ᠠ᠃ ︵ᠲᠦᠷᠦᠭᠦᠯᠡᠬᠦ | ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | |