ᠤᠯᠠᠭᠠᠨᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠩᠬᠠᠨ ᠤ ᠤᠯᠠᠷᠢᠯ ᠳᠤ ︽ᠰᠠᠶᠢᠨ ᠡᠬᠢᠯᠡᠯᠲᠡ ᠲᠠᠢ︾ ᠪᠠᠶᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/4/3
         2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠂ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠭᠤᠷᠪᠠᠨ ᠲᠠᠯ᠎ᠠ ᠶᠢᠨ ᠠᠵᠢᠯ ᠢ ᠵᠡᠷᠭᠡ ᠪᠠᠷ ᠬᠢᠵᠦ᠂ ︽ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ᠂ ᠡᠬᠢᠯᠡᠯᠲᠡ ᠪᠣᠯ ᠰᠢᠪᠲᠤᠯᠤᠯᠲᠠ ᠮᠦᠨ︾ ᠭᠡᠬᠦ ᠡᠷᠡᠯᠬᠡᠭᠯᠡᠨ ᠤᠷᠤᠭᠰᠢᠯᠠᠬᠤ ᠣᠪᠣᠷ ᠢᠶᠠᠷ ᠬᠠᠷᠠᠯᠲᠠ ᠪᠠᠨ ᠣᠨᠢᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠨᠢᠭᠲᠠ ᠬᠠᠮᠵᠢᠯᠴᠠᠨ᠂ ᠴᠠᠭ ᠮᠥᠴᠡ ᠶᠢ ᠠᠯᠳᠠᠯ ᠦᠭᠡᠢ ᠪᠠᠷ ᠠᠵᠤ ᠠᠬᠤᠢ ᠶᠢᠨ ᠡᠬᠢ ᠰᠤᠷᠪᠤᠯᠵᠢ ᠪᠠᠨ ᠥᠷᠭᠡᠳᠬᠡᠵᠦ᠂ ᠤᠯᠠᠭᠠᠨᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠩᠬᠠᠨ ᠤ ᠤᠯᠠᠷᠢᠯ ᠳᠤ ︽ᠰᠠᠶᠢᠨ ᠡᠬᠢᠯᠡᠯᠲᠡ ᠲᠠᠢ︾ ᠪᠣᠯᠤᠭᠰᠠᠨ ᠪᠠᠶᠢᠨ᠎ᠠ᠃ 2023 ᠣᠨ ᠤ ᠨᠢᠭᠡᠳᠦᠭᠡᠷ ᠤᠯᠠᠷᠢᠯ ᠳᠤ᠂ ᠤᠯᠠᠭᠠᠨᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 3.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.61 ᠳ᠋ᠦᠩᠰᠢᠭᠤᠷ ᠲᠥᠭᠦᠷᠢᠭ ᠨᠡᠮᠡᠭᠳᠡᠨ᠂ 19.47% ᠪᠠᠷ ᠨᠡᠮᠡᠭᠳᠡᠵᠡᠢ᠂ ᠡᠭᠦᠨ ᠳᠤ᠄ ᠭᠠᠶᠢᠯᠢ ᠶᠢᠨ ᠣᠷᠣᠯᠭ᠎ᠠ 3.13 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5 ᠳ᠋ᠦᠩᠰᠢᠭᠤᠷ ᠲᠥᠭᠦᠷᠢᠭ ᠨᠡᠮᠡᠭᠳᠡᠨ᠂ 19.03% ᠪᠠᠷ ᠨᠡᠮᠡᠭᠳᠡᠵᠡᠢ᠃ ᠭᠠᠶᠢᠯᠢ ᠶᠢᠨ ᠪᠤᠰᠤ ᠣᠷᠣᠯᠭ᠎ᠠ 0.6 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.11 ᠳ᠋ᠦᠩᠰᠢᠭᠤᠷ ᠲᠥᠭᠦᠷᠢᠭ ᠨᠡᠮᠡᠭᠳᠡᠨ᠂ 21.83% ᠪᠠᠷ ᠨᠡᠮᠡᠭᠳᠡᠪᠡ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号