2023 ᠣᠨ ᠤ ᠨᠢᠭᠡᠳᠦᠭᠡᠷ ᠤᠯᠠᠷᠢᠯ ᠳᠤ ᠤᠯᠠᠭᠠᠨᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/5/9
       ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 56.4 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃        ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 31.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 23.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号