ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 51 ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/29
       6 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 51 ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠬᠤᠷᠠᠯ ᠡᠷᠭᠢᠯᠡᠨ ᠶᠠᠷᠢᠶ᠎ᠠ ᠲᠠᠯᠪᠢᠵᠠᠢ᠃ ᠬᠤᠷᠠᠯ ᠠᠴᠠ ᠪᠦᠬᠦ ᠬᠤᠳᠠ ᠶᠢᠨ ︽ᠲᠠᠪᠤᠨ ᠶᠡᠭᠡ ᠡᠭᠦᠷᠭᠡ︾  ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠵᠤ ᠪᠠᠶᠢᠭ᠎ᠠ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠪᠠᠶᠢᠳᠠᠯ᠂ ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠵᠤ ᠪᠠᠶᠢᠭ᠎ᠠ ᠪᠠᠶᠢᠳᠠᠯ᠂ ᠠᠶᠤᠯᠭᠦᠢ ᠦᠢᠯᠡᠳᠪᠦᠷᠢᠯᠡᠯ ᠢ ᠪᠠᠲᠤᠯᠠᠵᠤ ᠪᠠᠶᠢᠭ᠎ᠠ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃        ᠬᠤᠷᠠᠯ ᠠᠴᠠ᠂ ᠪᠦᠬᠦ ᠬᠤᠲᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠶᠠᠪᠤᠳᠠᠯ ᠪᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠠᠪᠤᠨ ᠶᠡᠭᠡ ᠡᠭᠦᠷᠭᠡ ᠶᠢ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠬᠢᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃        ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠶᠢᠨ ᠡᠯ᠎ᠡ ᠬᠦᠷᠢᠶᠡᠨ ᠤ ᠲᠤᠰᠬᠠᠢ ᠠᠵᠢᠯ ᠤᠨ ᠲᠥᠰᠥᠯ ᠢᠶᠠᠷ ᠭᠠᠷᠳᠠᠴᠠ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠳᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ︽︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠣᠳᠠᠲᠤ ᠴᠣᠭᠴᠠᠵᠢᠭᠤᠯᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠨᠠᠢᠮᠠ ᠶᠢ ᠠᠬᠢᠭᠤᠯᠬᠤ︾ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠪᠦᠲᠦᠮᠵᠢᠲᠡᠢ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠭᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ ᠣᠷᠣᠨ ᠰᠠᠭᠤᠴᠠ ᠶᠢᠨ ᠲᠦᠷᠦᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ︽ᠬᠤᠶᠠᠷ ᠲᠦᠷᠦᠯ ᠤᠨ ᠲᠤᠷᠰᠢᠯᠲᠠ︾ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠱᠧᠨ ᠵᠢᠶᠦ᠋ᠨ ᠸᠠᠨ ᠤ ᠠᠮᠢ ᠠᠬᠤᠢ ᠶᠢ ᠪᠡᠶᠡᠴᠢᠯᠡᠨ ᠣᠶᠢᠯᠠᠭᠠᠬᠤ ᠲᠣᠭᠤᠷᠢᠭ᠂ ᠰᠠᠨ ᠾᠧ ᠵᠠᠩ ᠦᠢᠯᠡ ᠶᠢᠨ ᠶᠠᠪᠠᠭᠠᠨ ᠵᠡᠭᠡᠯᠢ᠂ ᠲᠤᠭᠤᠷ ᠤᠨ ᠭᠤᠤᠯ ᠨᠤᠭᠤ ᠭᠠᠵᠠᠷ ᠤᠨ ᠦᠵᠡᠮᠵᠢ ᠶᠢᠨ ᠣᠷᠣᠨ᠂ ᠢᠯᠠᠯᠲᠠ ᠴᠡᠴᠡᠭᠲᠦ ᠪᠠᠯᠭᠠᠰᠤ ᠵᠡᠷᠭᠡ ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠳᠡᠯᠭᠡᠭᠡ ᠮᠠᠶᠢᠮᠠᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠣᠬᠢᠰᠲᠠᠢ ᠵᠢᠷᠤᠮᠵᠢᠭᠤᠯᠵᠤ᠂ ᠬᠤᠲᠠ ᠶᠢᠨ ᠳᠦᠷᠰᠦ ᠪᠠᠶᠢᠳᠠᠯ ᠤᠨ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠠᠴᠠ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ︾ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠤᠯᠠᠭᠠᠨᠬᠤᠲᠠ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号