| | 10 ᠵᠢᠯ ᠤᠨ ᠲᠤᠷᠰᠢ᠂ ᠲᠡᠷᠡ ᠬᠡᠷᠡᠭ ᠶᠠᠪᠤᠳᠠᠯ ᠤᠨ ᠲᠠᠩᠰᠠ ᠡᠪᠬᠡᠮᠡᠯ ᠤᠨ ᠳᠣᠲᠣᠷ᠎ᠠ ᠠᠴᠠ ᠶᠠᠯᠠᠲᠤ | ᠡᠲᠡᠭᠡᠳ ᠤᠨ ᠰᠦᠪᠡᠭᠴᠢ ᠶᠢ ᠬᠠᠶᠢᠨ᠎ᠠ᠃ ᠲᠡᠷᠡ ᠡᠯᠳᠡᠪ ᠵᠦᠢᠯ ᠤᠨ ᠰᠦᠪᠡᠭᠴᠢ ᠶᠢᠨ ᠮᠠᠲ᠋ᠧᠷᠢᠶᠠᠯ ᠠᠴᠠ ᠮᠥᠷ | ᠬᠠᠶᠢᠵᠤ᠂ ᠬᠤᠯᠵᠢᠨ ︽ᠦᠨᠡᠭᠡ︾ ᠶᠢᠨ ᠤᠯᠠ ᠮᠥᠷ ᠢ ᠮᠥᠷᠳᠡᠨ ᠪᠠᠶᠢᠴᠠᠭᠠᠨ᠎ᠠ᠃ ᠲᠡᠷᠡ ᠪᠣᠯ ᠳᠠᠷᠤᠢ | ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠢ ᠶᠢᠨ ᠲᠠᠩᠨᠠᠨ ᠪᠠᠶᠢᠴᠠᠭᠠᠬᠤ ᠶᠡᠭᠡ | ᠠᠩᠭᠢ ᠶᠢᠨ ᠵᠢᠭᠠᠨ ᠵᠢᠯᠣᠭᠤᠳᠤᠭᠴᠢ ᠵᠠᠩ ᠶᠧ ᠪᠣᠯᠣᠨ᠎ᠠ᠃ | | | | | ︽ᠪᠤᠰᠤᠳ ᠬᠡᠷᠡᠭ ᠶᠠᠪᠤᠳᠠᠯ ᠲᠠᠢ ᠬᠠᠷᠢᠴᠠᠭᠤᠯᠪᠠᠯ᠂ ᠠᠵᠤ ᠠᠬᠤᠢ ᠶᠢᠨ ᠲᠠᠩᠨᠠᠨ ᠪᠠᠶᠢᠴᠠᠭᠠᠯᠲᠠ ᠶᠢᠨ ᠬᠡᠷᠡᠭ | ᠨᠢ ᠪᠤᠳᠤᠯᠢᠶᠠᠨᠲᠠᠢ ᠮᠥᠷᠲᠡᠭᠡᠨ ᠬᠡᠷᠡᠭ ᠭᠠᠷᠬᠤ ᠦᠶᠡᠯᠡᠯ ᠨᠢ ᠴᠦ ᠤᠷᠲᠤ ᠪᠠᠶᠢᠳᠠᠭ᠂ ᠨᠢᠭᠡ ᠬᠡᠷᠡᠭ ᠢ | ᠰᠢᠢᠳᠪᠦᠷᠢᠯᠡᠬᠦ ᠳᠤ ᠬᠠᠭᠠᠰ ᠵᠢᠯ ᠴᠢᠨᠠᠭᠰᠢᠯᠠᠪᠠᠯ ᠨᠡᠩ ᠤᠷᠲᠤ ᠴᠠᠭ ᠬᠡᠷᠡᠭᠯᠡᠵᠦ ᠮᠡᠳᠡᠨ᠎ᠡ︾᠃ ᠵᠠᠩ ᠶᠧ ᠠᠴᠠ᠂ | ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠬᠤ᠂ ᠳᠠᠩᠰᠠ ᠪᠠᠶᠢᠴᠠᠭᠠᠵᠤ ᠳᠠᠩᠰᠠ ᠬᠢᠨᠠᠬᠤ᠂ ᠠᠯᠪᠠᠨ | ᠠᠵᠢᠯ ᠢᠶᠠᠷ ᠭᠠᠳᠠᠭᠰᠢ ᠭᠠᠷᠴᠤ ᠣᠷᠭᠤᠳᠤᠤᠯ ᠶᠠᠯᠠᠳᠠᠨ ᠢ ᠨᠡᠬᠡᠮᠵᠢᠯᠡᠬᠦ᠂ ᠰᠥᠨᠢᠵᠢᠨ ᠰᠠᠭᠤᠵᠤ ᠬᠢᠨᠠᠨ ᠪᠠᠶᠢᠴᠠᠭᠠᠬᠤ | ᠵᠡᠷᠭᠡ ᠠᠵᠢᠯ ᠪᠣᠯ ᠠᠵᠤ ᠠᠬᠤᠢ ᠶᠢᠨ ᠲᠤᠷᠰᠢᠨ ᠪᠠᠶᠢᠴᠠᠭᠠᠬᠤ ᠠᠷᠠᠳ ᠤᠨ ᠴᠠᠭᠳᠠᠭ᠎ᠠ ᠶᠢᠨ ︽ᠶᠡᠷᠦᠳᠡ ᠶᠢᠨ | ᠬᠡᠷᠡᠭ︾ ᠮᠥᠨ ᠭᠡᠪᠡ᠃ | 2022 ᠣᠨ ᠤ 2 ᠰᠠᠷ᠎ᠠ ᠳᠤ᠂ ᠵᠠᠩ ᠶᠧ ᠬᠠᠷᠢᠶ᠎ᠠ ᠣᠷᠣᠨ ᠤ 6 ᠺᠣᠮᠫᠠᠨᠢ ᠬᠤᠳᠠᠯ ᠢᠶᠠᠷ ᠪᠠᠷᠢᠮᠲᠠ | ᠪᠢᠴᠢᠭᠰᠡᠨ ᠢᠶᠠᠷ ᠰᠡᠵᠢᠭᠯᠡᠭᠳᠡᠵᠦ᠂ ᠡᠨᠡ 6 ᠺᠣᠮᠫᠠᠨᠢ ᠳᠤ ᠴᠥᠮ ᠪᠣᠳᠠᠲᠠᠢ ᠡᠵᠡᠩᠨᠡᠯᠲᠡ ᠶᠢᠨ ᠭᠠᠵᠠᠷ ᠪᠠ ᠪᠣᠳᠠᠲᠠᠢ | ᠲᠤᠬᠠᠶᠢᠯᠠᠭᠰᠠᠨ ᠠᠵᠢᠯ ᠪᠠᠶᠢᠬᠤ ᠦᠭᠡᠢ᠂ ᠬᠠᠤᠯᠢ ᠶᠢᠨ ᠡᠷᠬᠡᠳᠡᠨ ᠤ ᠨᠡᠷ᠎ᠡ ᠳᠣᠣᠷᠠᠬᠢ ᠺᠣᠮᠫᠠᠨᠢ ᠳᠤ ᠶᠠᠮᠠᠷ | ᠲᠤᠬᠠᠶᠢᠯᠠᠭᠰᠠᠨ ᠠᠵᠢᠯ ᠬᠢᠵᠦ ᠪᠠᠶᠢᠬᠤ ᠶᠢ ᠲᠠᠭ ᠮᠡᠳᠡᠬᠦ ᠦᠭᠡᠢ ᠪᠠᠶᠢᠬᠤ ᠶᠢ ᠣᠯᠵᠤ ᠮᠠᠲᠠᠵᠠᠢ᠃ ᠡᠭᠦᠨ ᠤ ᠲᠤᠯᠠᠳᠠ | ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠷᠡ ᠳᠠᠷᠤᠢ ᠳᠤᠨᠢ ᠠᠵᠤ ᠠᠬᠤᠢ ᠶᠢᠨ ᠬᠡᠷᠡᠭ ᠢ | ᠳᠡᠩᠨᠡᠨ ᠪᠠᠶᠢᠴᠠᠭᠠᠬᠤ ᠶᠡᠭᠡ ᠠᠩᠭᠢ ᠪᠠᠷ ᠭᠤᠣᠯ ᠪᠣᠯᠭᠠᠨ ᠲᠤᠰᠬᠠᠢ ᠬᠡᠷᠡᠭ ᠤᠨ ᠳᠤᠭᠤᠶᠢᠯᠠᠩ ᠪᠣᠯᠣᠨ ᠴᠣᠬᠢᠯᠲᠠ | ᠥᠭᠬᠦ ᠠᠵᠢᠯᠯᠠᠭ᠎ᠠ ᠶᠢᠨ ᠵᠢᠯᠤᠭᠤᠳᠬᠤ ᠭᠠᠵᠠᠷ ᠪᠠᠶᠢᠭᠤᠯᠵᠤ᠂ ᠵᠠᠩ ᠶᠧ ᠵᠡᠷᠭᠡ ᠭᠤᠣᠯ ᠪᠣᠯᠬᠤ ᠠᠷᠠᠳ ᠤᠨ | ᠴᠠᠭᠳᠠᠭ᠎ᠠ ᠬᠡᠷᠡᠭ ᠤᠨ ᠰᠦᠪᠡᠭᠴᠢ ᠶᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠲᠤᠬᠠᠢ ᠶᠢᠨ ᠭᠠᠵᠠᠷ ᠤᠨ ᠠᠰᠠᠭᠤᠨ | ᠯᠠᠪᠯᠠᠬᠤ᠂ ᠬᠠᠮᠢᠶᠠᠷᠣᠯᠲᠠ ᠶᠢᠨ ᠨᠡᠷ᠎ᠡ ᠪᠠᠷ ᠨᠡᠭᠡᠬᠡᠭᠰᠡᠨ 41 ︽ᠬᠤᠭᠤᠰᠤᠨ︾ ᠺᠣᠮᠫᠠᠨᠢ ᠶᠢ ᠠᠯᠬᠤᠮ ᠠᠯᠬᠤᠮ ᠢᠶᠠᠷ | ᠪᠠᠶᠢᠴᠠᠭᠠᠨ ᠲᠣᠳᠣᠯᠠᠵᠠᠢ᠃ 4 ᠰᠠᠷ᠎ᠠ ᠶᠢᠨ ᠨᠠᠷᠢᠨ ᠨᠢᠮᠪᠠᠢ ᠪᠠᠶᠢᠴᠠᠭᠠᠯᠲᠠ ᠪᠠᠷ ᠳᠡᠮᠵᠢᠨ᠂ ᠵᠠᠩ ᠶᠧ ᠵᠡᠷᠭᠡ ᠬᠥᠮᠥᠰ᠂ | ᠸᠠᠩ ᠣᠪᠣᠭᠲᠤ ᠪᠠᠷ ᠲᠦᠷᠦᠭᠦᠯᠡᠭᠦᠯᠦᠭᠰᠡᠨ ᠬᠤᠳᠠᠯ ᠢᠶᠠᠷ ᠪᠠᠷᠢᠮᠲᠠ ᠪᠢᠴᠢᠬᠦ ᠪᠦᠯᠬᠦᠮ ᠠᠨᠾᠦ᠋ᠢ ᠮᠤᠵᠢ ᠶᠢᠨ ᠪᠥᠸᠧ | ᠵᠧᠦ ᠬᠤᠲᠠ᠂ ᠤᠯᠠᠭᠠᠨᠬᠤᠲᠠ ᠳᠤ ᠲᠣᠰ ᠲᠣᠰ ᠳᠠᠩᠰᠠᠯᠠᠭᠤᠯᠤᠨ ︽ᠬᠤᠭᠤᠰᠤᠨ︾ ᠺᠣᠮᠫᠠᠨᠢ ᠪᠠᠶᠢᠭᠤᠯᠵᠤ᠂ | 2019 ᠣᠨ ᠠᠴᠠ ᠨᠠᠭᠠᠰᠢ ᠪᠥᠬᠦ ᠤᠯᠤᠰ ᠤᠨ 18 ᠮᠤᠵᠢ ᠣᠷᠣᠨ᠂ 26 ᠠᠵᠤ ᠠᠬᠤᠶᠢᠯᠠᠯ ᠳᠤ ᠬᠤᠳᠠᠯ ᠢᠶᠠᠷ | ᠪᠠᠷᠢᠮᠲᠠ ᠪᠢᠴᠢᠵᠦ᠂ ᠦᠨ᠎ᠡ ᠶᠢᠨ ᠭᠠᠶᠢᠯᠢ ᠨᠡᠶᠢᠲᠡ 60 ᠳ᠋ᠦᠩᠰᠢᠭᠤᠷ ᠲᠥᠭᠦᠷᠢᠭ ᠬᠦᠷᠦᠭᠰᠡᠨ ᠢ ᠪᠠᠶᠢᠴᠠᠭᠠᠨ | ᠳᠣᠲᠤᠯᠠᠵᠠᠢ᠃ 2022 ᠣᠨ ᠤ 7 ᠰᠠᠷ᠎ᠠ ᠶᠢᠨ 11 ᠤ ᠡᠳᠦᠷ᠂ ᠵᠠᠩ ᠶᠧ ᠵᠡᠷᠭᠡ ᠬᠥᠮᠥᠰ ᠤᠨ ᠴᠢᠷᠮᠠᠶᠢᠯᠭ᠎ᠠ ᠪᠠᠷ᠂ | ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠷᠢᠳ ᠬᠤᠵᠢᠳ ᠬᠢᠩᠭᠠᠨ ᠠᠶᠢᠮᠠᠭ᠂ ᠰᠢᠯᠢ ᠶᠢᠨ | ᠭᠤᠣᠯ ᠠᠶᠢᠮᠠᠭ᠂ ᠠᠨᠾᠦ᠋ᠢ ᠮᠤᠵᠢ ᠶᠢᠨ ᠪᠥᠸᠧ ᠵᠧᠦ ᠬᠤᠲᠠ ᠵᠡᠷᠭᠡ ᠭᠠᠵᠠᠷ ᠠᠴᠠ 47 ᠰᠡᠵᠢᠭᠲᠡᠨ ᠢ | ᠪᠠᠷᠢᠪᠴᠢᠯᠠᠵᠤ᠂ ᠲᠤᠬᠠᠢ ᠶᠢᠨ ᠲᠠᠯᠠᠪᠤᠷ ᠲᠤ 60 ᠺᠣᠮᠫᠢᠦ᠋ᠲ᠋ᠧᠷ᠂ 100 ᠭᠠᠷ ᠤᠲᠠᠰᠤ᠂ 480 ᠺᠣᠮᠫᠠᠨᠢ ᠶᠢᠨ | ᠠᠯᠪᠠᠨ ᠲᠠᠮᠠᠭ᠎ᠠ᠂ 560 ᠪᠠᠩᠬᠢ ᠶᠢᠨ ᠺᠠᠷᠲ ᠢ ᠦᠯᠡᠳᠡᠭᠡᠨ ᠠᠪᠴᠤ᠂ 3800 ᠲᠦᠮᠡᠨ ᠲᠥᠭᠦᠷᠢᠭ ᠤᠨ ᠪᠡᠯᠡ | ᠮᠥᠩᠭᠦ ᠶᠢ ᠴᠡᠪᠳᠡᠭᠯᠡᠪᠡ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠪᠥᠬᠦ ᠤᠯᠤᠰ ᠤᠨ 31 ᠮᠤᠵᠢ ᠶᠢᠨ | 1168 ᠠᠵᠤ ᠠᠬᠤᠶᠢᠯᠠᠯ ᠬᠤᠳᠠᠯ ᠢᠶᠠᠷ ᠪᠠᠷᠢᠮᠲᠠ ᠪᠢᠴᠢᠭᠦᠯᠬᠦ ᠶᠢ ᠭᠥᠯᠢᠶᠡᠨ ᠠᠪᠤᠭᠰᠠᠨ ᠰᠡᠵᠢᠭᠯᠡᠯᠲᠡᠢ ᠪᠠᠶᠢᠨ᠎ᠠ᠃ | ᠲᠤᠰ ᠬᠡᠷᠡᠭ ᠲᠤ ᠳᠣᠲᠣᠭᠠᠳᠤ ᠶᠢ ᠬᠠᠮᠠᠭᠠᠯᠠᠬᠤ ᠶᠠᠮᠤᠨ ᠤ ᠲᠠᠩᠨᠠᠨ ᠪᠠᠶᠢᠴᠠᠭᠠᠬᠤ ᠲᠣᠪᠴᠢᠶᠠᠨ ᠤ ᠵᠥᠪᠰᠢᠶᠡᠷᠡᠯ ᠢᠶᠠᠷ | ᠪᠦᠬᠦ ᠤᠯᠤᠰ ᠲᠤ ᠪᠠᠶᠢᠷᠢᠯᠠᠭᠤᠯᠵᠤ᠂ ᠴᠣᠬᠢᠯᠲᠠ ᠥᠭᠪᠡ᠃ | ᠤᠯᠠᠨ ᠵᠢᠯ ᠤᠨ ᠲᠤᠷᠰᠢ᠂ ᠵᠠᠩ ᠶᠧ ᠢᠮᠠᠭᠲᠠ ᠳᠣᠲᠣᠭᠠᠳᠤ ᠶᠢ ᠬᠠᠮᠠᠭᠠᠯᠠᠬᠤ ᠨᠢᠭᠡᠳᠦᠭᠡᠷ ᠹᠷᠣᠨᠲ ᠲᠤ | ᠡᠷᠡᠯᠬᠡᠭᠯᠡᠨ ᠪᠠᠶᠢᠯᠳᠤᠵᠤ᠂ ᠨᠡᠶᠢᠳᠡ 580 ᠭᠠᠷᠤᠢ ᠡᠷᠡᠭᠦᠦ ᠶᠢᠨ ᠬᠡᠷᠡᠭ ᠢ ᠢᠯᠡᠷᠡᠭᠦᠯᠵᠦ᠂ 17 ᠶᠠᠯᠠᠲᠤ ᠪᠦᠯᠦᠭ ᠢ | ᠰᠦᠢᠷᠡᠭᠦᠯᠵᠡᠢ᠃ ︽ᠬᠡᠷᠡᠭ ᠨᠢᠭᠡᠪᠦᠷᠢ ᠶᠢᠨ ᠠᠷᠤ ᠳᠤ ᠴᠥᠮ ᠬᠤᠣᠷ ᠠᠮᠰᠠᠭᠴᠢ ᠶᠢᠨ ᠬᠦᠰᠡᠯ ᠡᠷᠡᠮᠡᠯᠵᠡᠯ ᠤᠨ | ᠬᠠᠷᠠᠴᠠ ᠲᠠᠢ ᠪᠠᠶᠢᠳᠠᠭ᠂ ᠬᠡᠷᠡᠭ ᠢ ᠲᠦᠷᠭᠡᠨ ᠢᠯᠡᠷᠡᠭᠦᠯᠪᠡᠯ ᠰᠠᠶ᠋ᠢ ᠣᠯᠠᠨ ᠲᠦᠮᠡᠨ ᠤ ᠬᠤᠬᠢᠷᠠᠯ ᠠᠴᠠ ᠵᠠᠶᠢᠯᠠᠰᠬᠢᠵᠦ | ᠴᠢᠳᠠᠨ᠎ᠠ︾᠃ ᠵᠠᠩ ᠶᠧ᠂ ᠪᠢ ᠳᠣᠲᠣᠭᠠᠳᠤ ᠶᠢ ᠬᠠᠮᠠᠭᠠᠯᠠᠬᠤ ᠹᠷᠣᠨᠲ ᠲᠤ ᠦᠷᠭᠦᠯᠵᠢᠯᠡᠨ ᠰᠢᠷᠭᠠᠭᠤ | ᠬᠠᠲᠠᠭᠤᠵᠢᠯᠲᠠᠢ ᠰᠤᠳᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠭᠠᠷᠮᠠᠭᠠᠢ ᠪᠡᠶᠡᠯᠡᠭᠦᠯᠦᠨ᠎ᠡ ᠭᠡᠵᠦ ᠢᠯᠡᠳᠬᠡᠪᠡ᠃ | | |