ᠠᠷᠠᠳ ᠤᠨ ᠰᠠᠶᠢᠨ ᠴᠠᠭᠳᠠᠭ᠎ᠠ ᠸᠠᠩ ᠵᠢᠶᠠ ᠵᠢᠶᠦ᠋ᠨ
ᠨᠡᠶᠢᠲᠡᠯᠡᠭᠰᠡᠨ ᠴᠠᠭ᠄
2023/6/30
         ᠠᠶᠤᠯ ᠲᠦᠭᠰᠢᠭᠦᠷᠢ ᠶᠢᠨ ᠡᠮᠦᠨ᠎ᠡ᠂ ᠲᠡᠷᠡ ᠬᠤᠪᠢ ᠬᠥᠮᠥᠨ ᠤ ᠠᠮᠤᠷ ᠲᠦᠪᠰᠢᠨ ᠠᠶᠤᠯ ᠲᠦᠭᠰᠢᠭᠦᠷᠢ ᠶᠢ ᠬᠠᠶᠢᠬᠤᠷᠤᠯ ᠦᠭᠡᠢ ᠪᠠᠷ ᠡᠮᠦᠨ᠎ᠡ ᠨᠢ ᠭᠠᠪᠰᠢᠭᠠᠶᠢᠯᠠᠵᠤ᠂ ᠠᠷᠠᠳ ᠤᠯᠠᠨ ᠢ ᠬᠠᠮᠠᠭᠠᠯᠠᠨ᠎ᠠ᠃ ᠶᠠᠯᠠᠲᠤ ᠠᠵᠢᠯᠯᠠᠭ᠎ᠠ ᠶᠢᠨ ᠡᠮᠦᠨ᠎ᠡ᠂ ᠲᠡᠷᠡ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠶ᠎ᠠ ᠣᠷᠣᠨ ᠤ ᠪᠠᠨ ᠠᠮᠤᠷ ᠲᠦᠪᠰᠢᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠠ᠃ ᠲᠡᠷᠡ ᠪᠣᠯ ᠳᠠᠷᠤᠢ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠭᠦᠯᠢᠨ ᠳᠣᠲᠤᠭᠠᠳᠤ ᠶᠢ ᠬᠠᠮᠠᠭᠠᠯᠠᠬᠤ ᠰᠠᠯᠪᠤᠷᠢ ᠶᠢᠨ ᠳᠡᠳ᠋ ᠳᠠᠷᠤᠭ᠎ᠠ ᠸᠠᠩ ᠵᠢᠶᠠ ᠵᠢᠶᠦ᠋ᠨ ᠪᠣᠯᠣᠨ᠎ᠠ᠃ ᠴᠠᠭᠳᠠᠭ᠎ᠠ ᠪᠣᠯᠤᠭᠰᠠᠨ 14 ᠵᠢᠯ ᠤᠨ ᠲᠤᠷᠰᠢ᠂ ᠸᠠᠩ ᠵᠢᠶᠠ ᠵᠢᠶᠦ᠋ᠨ ᠡᠯ᠎ᠡ ᠵᠦᠢᠯ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠲᠡᠨ ᠢ 100 ᠭᠠᠷᠤᠢ ᠪᠠᠷᠢᠪᠴᠢᠯᠠᠵᠤ᠂ ᠡᠯ᠎ᠡ ᠲᠦᠷᠦᠯ ᠤᠨ ᠬᠡᠷᠡᠭ ᠢ 40 ᠭᠠᠷᠤᠢ ᠢᠯᠡᠷᠡᠭᠦᠯᠵᠦ᠂ ᠤᠯᠠᠨ ᠲᠦᠮᠡᠨ ᠳᠤ 10 ᠲᠦᠮᠡ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠠᠢ᠃
       ︽ᠮᠢᠨᠤ ᠤᠭ ᠰᠠᠨᠠᠭ᠎ᠠ ᠪᠣᠯ ᠳᠠᠷᠤᠢ ᠨᠢᠭᠡᠨ ᠰᠠᠶᠢᠨ ᠴᠠᠭᠳᠠᠭ᠎ᠠ ᠪᠣᠯᠵᠤ᠂ ᠥᠪᠡᠷ ᠤᠨ ᠴᠢᠳᠠᠯ ᠤᠨ ᠢᠶᠠᠨ ᠬᠢᠷᠢ ᠪᠠᠷ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠶᠠᠪᠤᠳᠠᠯ ᠪᠣᠯᠣᠨ᠎ᠠ︾ ᠭᠡᠵᠦ ᠸᠠᠩ ᠵᠢᠶᠠ ᠵᠢᠶᠦ᠋ᠨ ᠰᠤᠷᠪᠤᠯᠵᠢᠯᠠᠭᠴᠢ ᠳᠤ ᠬᠡᠯᠡᠨ᠎ᠡ᠃ 2022 ᠣᠨ ᠤ 10 ᠰᠠᠷ᠎ᠠ ᠳᠤ᠂ ᠸᠠᠩ ᠵᠢᠶᠠ ᠵᠢᠶᠦ᠋ᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ 110 ᠠᠵᠢᠯᠯᠠᠭ᠎ᠠ ᠶᠢᠨ ᠲᠥᠪ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠨᠢᠭᠡᠨ ᠡᠮᠡᠭᠲᠡᠢ ᠠᠰᠠᠷ ᠤᠨ ᠴᠣᠩᠬᠤᠨ ᠲᠠᠶᠢᠰᠠᠨ ᠠᠴᠠ ᠬᠠᠷᠠᠶᠢᠵᠤ ᠪᠡᠶ᠎ᠡ  ᠪᠠᠨ ᠬᠤᠤᠷᠯᠠᠬᠤ ᠪᠠᠷ ᠪᠠᠶᠢᠨ᠎ᠠ ᠭᠡᠰᠡᠨ ᠬᠡᠷᠡᠭ ᠤᠨ ᠮᠡᠳᠡᠭᠦᠯᠦᠯᠳᠡ ᠶᠢ ᠲᠤᠰᠪᠠ᠃ ᠸᠠᠩ ᠵᠢᠶᠠ ᠵᠢᠶᠦ᠋ᠨ ᠲᠤᠬᠠᠢ ᠶᠢᠨ ᠲᠠᠯᠠᠪᠠᠶ ᠳᠤ ᠬᠦᠷᠴᠦ ᠢᠷᠡᠭᠰᠡᠨ ᠤ ᠳᠠᠷᠠᠭ᠎ᠠ ᠪᠡᠶ᠎ᠡ ᠪᠠᠨ ᠬᠤᠤᠷᠯᠠᠬᠤ ᠭᠡᠵᠦ ᠪᠠᠶᠢᠭ᠎ᠠ ᠡᠮᠡᠭᠲᠡᠢ ᠶᠢᠨ ᠰᠡᠳᠬᠢᠯ ᠢ ᠨᠢ ᠲᠠᠶᠢᠳᠬᠠᠷᠠᠭᠤᠯᠵᠤ᠂ ᠬᠠᠶᠢᠷ᠎ᠠ ᠰᠡᠳᠬᠢᠯᠭᠡ ᠶᠢᠨ ᠠᠰᠠᠭᠤᠳᠠᠯ ᠠᠴᠠ ᠪᠣᠯᠵᠤ ᠠᠰᠠᠷ ᠠᠴᠠ ᠬᠠᠷᠠᠶᠢᠵᠤ ᠪᠡᠶ᠎ᠡ ᠪᠠᠨ ᠬᠤᠤᠷᠯᠠᠬᠤ ᠭᠡᠵᠦ ᠪᠠᠶᠢᠨ᠎ᠠ ᠭᠡᠵᠦ ᠠᠷᠠᠳ ᠤᠨ ᠴᠠᠭᠳᠠᠭ᠎ᠠ ᠳᠤ ᠬᠡᠯᠡᠵᠡᠢ᠃ ᠸᠠᠩ ᠵᠢᠶᠠ ᠵᠢᠶᠦ᠋ᠨ ᠲᠤᠰ ᠡᠮᠡᠭᠲᠡᠢ ᠶᠢᠨ ᠠᠩᠬᠠᠷᠤᠯ ᠨᠢ ᠠᠭᠠᠵᠢᠮ ᠢᠶᠠᠷ ᠰᠢᠯᠵᠢᠵᠦ ᠪᠠᠶᠢᠬᠤ ᠶᠢ ᠦᠵᠡᠭᠡᠳ᠂ ᠦᠳᠲᠡᠷ ᠲᠦᠷᠭᠡᠨ ᠢᠶᠠᠷ ᠲᠡᠭᠦᠨ ᠢ ᠴᠣᠩᠬᠤᠨ ᠲᠠᠶᠢᠰᠠᠨ ᠠᠴᠠ ᠲᠦᠰᠢᠨ ᠪᠠᠭᠤᠯᠭᠠᠵᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠪᠠᠷ ᠳᠠᠮᠵᠢᠨ ᠲᠡᠭᠦᠨ ᠤ ᠪᠡᠶ᠎ᠡ ᠪᠠᠨ ᠬᠤᠤᠷᠯᠠᠬᠤ ᠭᠡᠵᠦ ᠪᠠᠶᠢᠭ᠎ᠠ ᠪᠤᠳᠤᠯ ᠢ ᠨᠢ ᠦᠭᠡᠶᠢᠰᠭᠡᠪᠡ᠃        ᠳᠡᠭᠦᠯᠢᠨ ᠳᠣᠲᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠠᠷᠢᠶ᠎ᠠ ᠣᠷᠣᠨ ᠳᠤ ᠢᠳᠡᠭᠡᠨ ᠤᠮᠳᠠᠭᠠᠨ ᠤ ᠠᠵᠢᠯ ᠲᠥᠷᠥᠯ᠂ ᠵᠤᠭ᠎ᠠ ᠴᠡᠩᠭᠡᠯ ᠤᠨ ᠭᠠᠵᠠᠷ ᠣᠯᠠᠨ ᠪᠠᠶᠢᠳᠠᠭ᠃ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠸᠠᠩ ᠵᠢᠶᠠ ᠵᠢᠶᠦ᠋ᠨ ᠪᠣᠳᠠᠲᠠᠢ ᠪᠠᠶᠢᠭ᠎ᠠ ᠬᠥᠮᠥᠨ ᠠᠮᠠ᠂ ᠲᠦᠷᠢᠶᠡᠰᠦᠨ ᠭᠡᠷ ᠪᠠᠶᠢᠰᠢᠩ᠂ ᠠᠵᠢᠯ ᠲᠦᠷᠦᠯ ᠤᠨ ᠲᠠᠯᠠᠪᠤᠷ ᠵᠡᠷᠭᠡ ᠳᠤ ᠬᠥᠳᠡᠯᠦᠩᠭᠦᠢ ᠬᠠᠮᠢᠶᠠᠷᠤᠯᠲᠠ ᠶᠠᠪᠤᠭᠤᠯᠵᠤ ᠂ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠲᠡᠷᠭᠡ ᠪᠠᠷ ᠲᠣᠭᠤᠷᠢᠨ ᠪᠠᠶᠢᠴᠠᠭᠠᠬᠤ᠂ ᠶᠠᠪᠠᠭᠠᠨ ᠢᠶᠠᠷ ᠲᠣᠭᠤᠷᠢᠨ ᠪᠠᠶᠢᠴᠠᠭᠠᠬᠤ᠂ ᠲᠣᠭᠲᠠᠭᠰᠠᠨ ᠭᠠᠵᠠᠷ ᠲᠤ ᠵᠢᠵᠢᠭᠦᠷᠯᠡᠨ ᠲᠣᠭᠤᠷᠢᠨ ᠪᠠᠶᠢᠴᠠᠭᠠᠬᠤ ᠶᠢ ᠤᠶᠠᠯᠳᠤᠭᠤᠯᠤᠭᠰᠠᠨ ᠲᠣᠭᠤᠷᠢᠨ ᠴᠠᠭᠳᠠᠬᠤ ᠵᠠᠭᠪᠤᠷ ᠢ ᠬᠡᠷᠡᠭᠯᠡᠵᠦ᠂ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠡᠭᠦᠨ ᠤ ᠬᠠᠮᠲᠤ᠂ ︽1᠂ 3᠂ 5︾ ᠲᠦᠷᠭᠡᠨ ᠴᠤᠤᠷᠢᠶᠠᠳᠤᠨ ᠳᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠭᠠᠵᠠᠷ ᠲᠤ ᠰᠠᠭᠤᠵᠤ ᠵᠢᠵᠢᠭᠦᠷᠯᠡᠨ ᠰᠠᠬᠢᠬᠤ ᠪᠠ ᠲᠣᠭᠤᠷᠢᠨ ᠴᠠᠭᠳᠠᠵᠤ ᠰᠡᠷᠭᠡᠶᠢᠯᠡᠬᠦ ᠶᠢ ᠴᠢᠩᠭᠠᠳᠬᠠᠵᠤ᠂ ᠰᠡᠷᠡᠮᠵᠢᠯᠡᠭᠦᠯᠬᠦ ᠨᠣᠷᠮ᠎ᠠ ᠪᠠ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠵᠡᠢ᠃ ᠸᠠᠩ ᠵᠢᠶᠠ ᠵᠢᠶᠦ᠋ᠨ ᠪᠠᠰᠠ ᠬᠠᠷᠢᠶ᠎ᠠ ᠣᠷᠣᠨ ᠤ ᠪᠠᠨ ᠠᠮᠤᠷ ᠲᠦᠪᠰᠢᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠱᠠᠯᠢᠭ ᠵᠠᠪᠬᠠᠢ ᠵᠦᠢᠯᠡᠰ ᠵᠣᠭᠤᠰ ᠮᠥᠷᠥᠶᠢᠴᠡᠬᠦ︾ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢᠨ ᠲᠥᠰᠥᠯ ᠢ ᠲᠣᠭᠲᠠᠭᠠᠵᠤ᠂ ᠵᠣᠭᠤᠰ ᠮᠥᠷᠥᠶᠢᠴᠡᠭᠰᠡᠨ ᠬᠡᠷᠡᠭ ᠢ ᠨᠡᠶᠢᠲᠡ 10 ᠭᠠᠷᠤᠢ ᠢᠯᠡᠷᠡᠭᠦᠯᠵᠦ᠂ 50 ᠭᠠᠷᠤᠢ ᠬᠥᠮᠥᠨ ᠳᠤ ᠵᠠᠰᠠᠭ ᠵᠠᠬᠢᠷᠭᠠᠨ ᠤ ᠰᠢᠳᠬᠡᠯ ᠥᠭᠪᠡ᠃ ᠶᠠᠩᠬᠠᠯᠠᠭᠰᠠᠨ ᠪᠠ ᠶᠠᠩᠬᠠᠨ ᠳᠤ ᠣᠷᠣᠭᠰᠠᠨ ᠬᠡᠷᠡᠭ ᠢ 10 ᠭᠠᠷᠤᠢ ᠪᠠᠶᠢᠴᠠᠭᠠᠨ ᠭᠠᠷᠭᠠᠵᠤ᠂ 30 ᠭᠠᠷᠤᠢ ᠬᠥᠮᠥᠨ ᠳᠤ ᠵᠠᠰᠠᠭ ᠵᠠᠬᠢᠷᠭᠠᠨ ᠤ ᠰᠢᠳᠬᠡᠯ ᠥᠭᠴᠦ᠂ ︽ᠱᠠᠯᠢᠭ ᠵᠠᠪᠬᠠᠢ ᠵᠦᠢᠯ ᠪᠠ ᠵᠣᠭᠤᠰ ᠮᠥᠷᠥᠶᠢᠴᠡᠬᠦ︾ ᠬᠡᠷᠡᠭ ᠡᠭᠦᠰᠦᠨ ᠳᠡᠯᠭᠡᠷᠡᠬᠦ ᠶᠢ ᠪᠦᠲᠦᠮᠵᠢᠲᠡᠶ ᠠᠷᠢᠯᠭᠠᠪᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号