ᠵᠠᠩ ᠶᠧ᠄ ᠤᠭ ᠰᠠᠨᠠᠭ᠎ᠠ ᠪᠠᠨ ᠥᠯᠥ ᠮᠠᠷᠲᠠᠵᠤ ᠠᠮᠠᠯᠠᠯᠲᠠ ᠲᠠᠩᠭᠠᠷᠢᠭ ᠢᠶᠠᠨ ᠦᠢᠯᠡᠳᠦᠯᠭᠡᠵᠢᠭᠦᠯᠦᠨ᠎ᠡ
ᠨᠡᠶᠢᠲᠡᠯᠡᠭᠰᠡᠨ ᠴᠠᠭ᠄
2023/6/30
       10 ᠵᠢᠯ ᠤᠨ ᠲᠤᠷᠰᠢ᠂ ᠲᠡᠷᠡ ᠬᠡᠷᠡᠭ ᠶᠠᠪᠤᠳᠠᠯ ᠤᠨ ᠲᠠᠩᠰᠠ ᠡᠪᠬᠡᠮᠡᠯ ᠤᠨ ᠳᠣᠲᠣᠷ᠎ᠠ ᠠᠴᠠ ᠶᠠᠯᠠᠲᠤ ᠡᠲᠡᠭᠡᠳ ᠤᠨ ᠰᠦᠪᠡᠭᠴᠢ ᠶᠢ ᠬᠠᠶᠢᠨ᠎ᠠ᠃ ᠲᠡᠷᠡ ᠡᠯᠳᠡᠪ ᠵᠦᠢᠯ ᠤᠨ ᠰᠦᠪᠡᠭᠴᠢ ᠶᠢᠨ ᠮᠠᠲ᠋ᠧᠷᠢᠶᠠᠯ ᠠᠴᠠ ᠮᠥᠷ ᠬᠠᠶᠢᠵᠤ᠂ ᠬᠤᠯᠵᠢᠨ ︽ᠦᠨᠡᠭᠡ︾ ᠶᠢᠨ ᠤᠯᠠ ᠮᠥᠷ ᠢ ᠮᠥᠷᠳᠡᠨ ᠪᠠᠶᠢᠴᠠᠭᠠᠨ᠎ᠠ᠃ ᠲᠡᠷᠡ ᠪᠣᠯ ᠳᠠᠷᠤᠢ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠢ ᠶᠢᠨ ᠲᠠᠩᠨᠠᠨ ᠪᠠᠶᠢᠴᠠᠭᠠᠬᠤ ᠶᠡᠭᠡ ᠠᠩᠭᠢ ᠶᠢᠨ ᠵᠢᠭᠠᠨ ᠵᠢᠯᠣᠭᠤᠳᠤᠭᠴᠢ ᠵᠠᠩ ᠶᠧ ᠪᠣᠯᠣᠨ᠎ᠠ᠃
      ︽ᠪᠤᠰᠤᠳ ᠬᠡᠷᠡᠭ ᠶᠠᠪᠤᠳᠠᠯ ᠲᠠᠢ ᠬᠠᠷᠢᠴᠠᠭᠤᠯᠪᠠᠯ᠂ ᠠᠵᠤ ᠠᠬᠤᠢ ᠶᠢᠨ ᠲᠠᠩᠨᠠᠨ ᠪᠠᠶᠢᠴᠠᠭᠠᠯᠲᠠ ᠶᠢᠨ ᠬᠡᠷᠡᠭ  ᠨᠢ ᠪᠤᠳᠤᠯᠢᠶᠠᠨᠲᠠᠢ ᠮᠥᠷᠲᠡᠭᠡᠨ ᠬᠡᠷᠡᠭ ᠭᠠᠷᠬᠤ ᠦᠶᠡᠯᠡᠯ ᠨᠢ ᠴᠦ ᠤᠷᠲᠤ ᠪᠠᠶᠢᠳᠠᠭ᠂ ᠨᠢᠭᠡ ᠬᠡᠷᠡᠭ ᠢ ᠰᠢᠢᠳᠪᠦᠷᠢᠯᠡᠬᠦ ᠳᠤ ᠬᠠᠭᠠᠰ ᠵᠢᠯ ᠴᠢᠨᠠᠭᠰᠢᠯᠠᠪᠠᠯ ᠨᠡᠩ ᠤᠷᠲᠤ ᠴᠠᠭ ᠬᠡᠷᠡᠭᠯᠡᠵᠦ ᠮᠡᠳᠡᠨ᠎ᠡ︾᠃ ᠵᠠᠩ ᠶᠧ ᠠᠴᠠ᠂ ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠬᠤ᠂ ᠳᠠᠩᠰᠠ ᠪᠠᠶᠢᠴᠠᠭᠠᠵᠤ ᠳᠠᠩᠰᠠ ᠬᠢᠨᠠᠬᠤ᠂ ᠠᠯᠪᠠᠨ ᠠᠵᠢᠯ ᠢᠶᠠᠷ ᠭᠠᠳᠠᠭᠰᠢ ᠭᠠᠷᠴᠤ ᠣᠷᠭᠤᠳᠤᠤᠯ ᠶᠠᠯᠠᠳᠠᠨ ᠢ ᠨᠡᠬᠡᠮᠵᠢᠯᠡᠬᠦ᠂ ᠰᠥᠨᠢᠵᠢᠨ ᠰᠠᠭᠤᠵᠤ ᠬᠢᠨᠠᠨ ᠪᠠᠶᠢᠴᠠᠭᠠᠬᠤ ᠵᠡᠷᠭᠡ ᠠᠵᠢᠯ ᠪᠣᠯ ᠠᠵᠤ ᠠᠬᠤᠢ   ᠶᠢᠨ ᠲᠤᠷᠰᠢᠨ ᠪᠠᠶᠢᠴᠠᠭᠠᠬᠤ ᠠᠷᠠᠳ ᠤᠨ ᠴᠠᠭᠳᠠᠭ᠎ᠠ ᠶᠢᠨ ︽ᠶᠡᠷᠦᠳᠡ ᠶᠢᠨ ᠬᠡᠷᠡᠭ︾ ᠮᠥᠨ ᠭᠡᠪᠡ᠃        2022 ᠣᠨ ᠤ 2 ᠰᠠᠷ᠎ᠠ ᠳᠤ᠂ ᠵᠠᠩ ᠶᠧ ᠬᠠᠷᠢᠶ᠎ᠠ ᠣᠷᠣᠨ ᠤ 6 ᠺᠣᠮᠫᠠᠨᠢ ᠬᠤᠳᠠᠯ ᠢᠶᠠᠷ ᠪᠠᠷᠢᠮᠲᠠ ᠪᠢᠴᠢᠭᠰᠡᠨ ᠢᠶᠠᠷ ᠰᠡᠵᠢᠭᠯᠡᠭᠳᠡᠵᠦ᠂ ᠡᠨᠡ 6 ᠺᠣᠮᠫᠠᠨᠢ ᠳᠤ ᠴᠥᠮ ᠪᠣᠳᠠᠲᠠᠢ ᠡᠵᠡᠩᠨᠡᠯᠲᠡ ᠶᠢᠨ ᠭᠠᠵᠠᠷ ᠪᠠ ᠪᠣᠳᠠᠲᠠᠢ ᠲᠤᠬᠠᠶᠢᠯᠠᠭᠰᠠᠨ ᠠᠵᠢᠯ ᠪᠠᠶᠢᠬᠤ ᠦᠭᠡᠢ᠂ ᠬᠠᠤᠯᠢ ᠶᠢᠨ ᠡᠷᠬᠡᠳᠡᠨ ᠤ ᠨᠡᠷ᠎ᠡ ᠳᠣᠣᠷᠠᠬᠢ ᠺᠣᠮᠫᠠᠨᠢ ᠳᠤ ᠶᠠᠮᠠᠷ ᠲᠤᠬᠠᠶᠢᠯᠠᠭᠰᠠᠨ ᠠᠵᠢᠯ ᠬᠢᠵᠦ ᠪᠠᠶᠢᠬᠤ ᠶᠢ ᠲᠠᠭ ᠮᠡᠳᠡᠬᠦ ᠦᠭᠡᠢ ᠪᠠᠶᠢᠬᠤ ᠶᠢ ᠣᠯᠵᠤ ᠮᠠᠲᠠᠵᠠᠢ᠃ ᠡᠭᠦᠨ ᠤ ᠲᠤᠯᠠᠳᠠ ᠂ ᠤᠯᠠᠭᠠᠨᠬᠤᠲᠠ   ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠷᠡ ᠳᠠᠷᠤᠢ ᠳᠤᠨᠢ ᠠᠵᠤ ᠠᠬᠤᠢ ᠶᠢᠨ ᠬᠡᠷᠡᠭ ᠢ ᠳᠡᠩᠨᠡᠨ ᠪᠠᠶᠢᠴᠠᠭᠠᠬᠤ ᠶᠡᠭᠡ ᠠᠩᠭᠢ ᠪᠠᠷ ᠭᠤᠣᠯ ᠪᠣᠯᠭᠠᠨ ᠲᠤᠰᠬᠠᠢ ᠬᠡᠷᠡᠭ ᠤᠨ ᠳᠤᠭᠤᠶᠢᠯᠠᠩ ᠪᠣᠯᠣᠨ ᠴᠣᠬᠢᠯᠲᠠ ᠥᠭᠬᠦ ᠠᠵᠢᠯᠯᠠᠭ᠎ᠠ ᠶᠢᠨ ᠵᠢᠯᠤᠭᠤᠳᠬᠤ ᠭᠠᠵᠠᠷ ᠪᠠᠶᠢᠭᠤᠯᠵᠤ᠂ ᠵᠠᠩ ᠶᠧ ᠵᠡᠷᠭᠡ ᠭᠤᠣᠯ ᠪᠣᠯᠬᠤ ᠠᠷᠠᠳ ᠤᠨ ᠴᠠᠭᠳᠠᠭ᠎ᠠ ᠬᠡᠷᠡᠭ ᠤᠨ ᠰᠦᠪᠡᠭᠴᠢ ᠶᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠲᠤᠬᠠᠢ ᠶᠢᠨ ᠭᠠᠵᠠᠷ ᠤᠨ ᠠᠰᠠᠭᠤᠨ ᠯᠠᠪᠯᠠᠬᠤ᠂ ᠬᠠᠮᠢᠶᠠᠷᠣᠯᠲᠠ ᠶᠢᠨ ᠨᠡᠷ᠎ᠡ ᠪᠠᠷ ᠨᠡᠭᠡᠬᠡᠭᠰᠡᠨ 41 ︽ᠬᠤᠭᠤᠰᠤᠨ︾ ᠺᠣᠮᠫᠠᠨᠢ ᠶᠢ ᠠᠯᠬᠤᠮ ᠠᠯᠬᠤᠮ ᠢᠶᠠᠷ ᠪᠠᠶᠢᠴᠠᠭᠠᠨ ᠲᠣᠳᠣᠯᠠᠵᠠᠢ᠃ 4 ᠰᠠᠷ᠎ᠠ ᠶᠢᠨ ᠨᠠᠷᠢᠨ ᠨᠢᠮᠪᠠᠢ ᠪᠠᠶᠢᠴᠠᠭᠠᠯᠲᠠ ᠪᠠᠷ ᠳᠡᠮᠵᠢᠨ᠂ ᠵᠠᠩ ᠶᠧ ᠵᠡᠷᠭᠡ ᠬᠥᠮᠥᠰ᠂ ᠸᠠᠩ ᠣᠪᠣᠭᠲᠤ ᠪᠠᠷ ᠲᠦᠷᠦᠭᠦᠯᠡᠭᠦᠯᠦᠭᠰᠡᠨ ᠬᠤᠳᠠᠯ ᠢᠶᠠᠷ ᠪᠠᠷᠢᠮᠲᠠ ᠪᠢᠴᠢᠬᠦ ᠪᠦᠯᠬᠦᠮ ᠠᠨᠾᠦ᠋ᠢ ᠮᠤᠵᠢ ᠶᠢᠨ ᠪᠥᠸᠧ ᠵᠧᠦ ᠬᠤᠲᠠ᠂ ᠤᠯᠠᠭᠠᠨᠬᠤᠲᠠ ᠳᠤ ᠲᠣᠰ ᠲᠣᠰ ᠳᠠᠩᠰᠠᠯᠠᠭᠤᠯᠤᠨ ︽ᠬᠤᠭᠤᠰᠤᠨ︾ ᠺᠣᠮᠫᠠᠨᠢ ᠪᠠᠶᠢᠭᠤᠯᠵᠤ᠂ 2019 ᠣᠨ ᠠᠴᠠ ᠨᠠᠭᠠᠰᠢ ᠪᠥᠬᠦ ᠤᠯᠤᠰ ᠤᠨ 18 ᠮᠤᠵᠢ ᠣᠷᠣᠨ᠂ 26 ᠠᠵᠤ ᠠᠬᠤᠶᠢᠯᠠᠯ ᠳᠤ ᠬᠤᠳᠠᠯ ᠢᠶᠠᠷ ᠪᠠᠷᠢᠮᠲᠠ ᠪᠢᠴᠢᠵᠦ᠂ ᠦᠨ᠎ᠡ ᠶᠢᠨ ᠭᠠᠶᠢᠯᠢ ᠨᠡᠶᠢᠲᠡ 60 ᠳ᠋ᠦᠩᠰᠢᠭᠤᠷ ᠲᠥᠭᠦᠷᠢᠭ ᠬᠦᠷᠦᠭᠰᠡᠨ ᠢ ᠪᠠᠶᠢᠴᠠᠭᠠᠨ ᠳᠣᠲᠤᠯᠠᠵᠠᠢ᠃ 2022 ᠣᠨ ᠤ 7 ᠰᠠᠷ᠎ᠠ ᠶᠢᠨ 11 ᠤ ᠡᠳᠦᠷ᠂ ᠵᠠᠩ ᠶᠧ ᠵᠡᠷᠭᠡ ᠬᠥᠮᠥᠰ ᠤᠨ ᠴᠢᠷᠮᠠᠶᠢᠯᠭ᠎ᠠ ᠪᠠᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠷᠢᠳ ᠬᠤᠵᠢᠳ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠠᠨᠾᠦ᠋ᠢ ᠮᠤᠵᠢ ᠶᠢᠨ ᠪᠥᠸᠧ ᠵᠧᠦ ᠬᠤᠲᠠ ᠵᠡᠷᠭᠡ ᠭᠠᠵᠠᠷ ᠠᠴᠠ 47 ᠰᠡᠵᠢᠭᠲᠡᠨ ᠢ ᠪᠠᠷᠢᠪᠴᠢᠯᠠᠵᠤ᠂ ᠲᠤᠬᠠᠢ ᠶᠢᠨ ᠲᠠᠯᠠᠪᠤᠷ ᠲᠤ 60 ᠺᠣᠮᠫᠢᠦ᠋ᠲ᠋ᠧᠷ᠂ 100 ᠭᠠᠷ ᠤᠲᠠᠰᠤ᠂ 480 ᠺᠣᠮᠫᠠᠨᠢ ᠶᠢᠨ ᠠᠯᠪᠠᠨ ᠲᠠᠮᠠᠭ᠎ᠠ᠂ 560 ᠪᠠᠩᠬᠢ ᠶᠢᠨ ᠺᠠᠷᠲ ᠢ ᠦᠯᠡᠳᠡᠭᠡᠨ ᠠᠪᠴᠤ᠂ 3800 ᠲᠦᠮᠡᠨ ᠲᠥᠭᠦᠷᠢᠭ ᠤᠨ ᠪᠡᠯᠡ ᠮᠥᠩᠭᠦ ᠶᠢ ᠴᠡᠪᠳᠡᠭᠯᠡᠪᠡ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠪᠥᠬᠦ ᠤᠯᠤᠰ ᠤᠨ 31 ᠮᠤᠵᠢ ᠶᠢᠨ 1168 ᠠᠵᠤ ᠠᠬᠤᠶᠢᠯᠠᠯ ᠬᠤᠳᠠᠯ ᠢᠶᠠᠷ ᠪᠠᠷᠢᠮᠲᠠ ᠪᠢᠴᠢᠭᠦᠯᠬᠦ ᠶᠢ ᠭᠥᠯᠢᠶᠡᠨ ᠠᠪᠤᠭᠰᠠᠨ ᠰᠡᠵᠢᠭᠯᠡᠯᠲᠡᠢ ᠪᠠᠶᠢᠨ᠎ᠠ᠃ ᠲᠤᠰ ᠬᠡᠷᠡᠭ ᠲᠤ ᠳᠣᠲᠣᠭᠠᠳᠤ ᠶᠢ ᠬᠠᠮᠠᠭᠠᠯᠠᠬᠤ ᠶᠠᠮᠤᠨ ᠤ ᠲᠠᠩᠨᠠᠨ ᠪᠠᠶᠢᠴᠠᠭᠠᠬᠤ ᠲᠣᠪᠴᠢᠶᠠᠨ ᠤ ᠵᠥᠪᠰᠢᠶᠡᠷᠡᠯ ᠢᠶᠠᠷ ᠪᠦᠬᠦ ᠤᠯᠤᠰ ᠲᠤ ᠪᠠᠶᠢᠷᠢᠯᠠᠭᠤᠯᠵᠤ᠂ ᠴᠣᠬᠢᠯᠲᠠ ᠥᠭᠪᠡ᠃        ᠤᠯᠠᠨ ᠵᠢᠯ ᠤᠨ ᠲᠤᠷᠰᠢ᠂ ᠵᠠᠩ ᠶᠧ ᠢᠮᠠᠭᠲᠠ ᠳᠣᠲᠣᠭᠠᠳᠤ ᠶᠢ ᠬᠠᠮᠠᠭᠠᠯᠠᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ᠂ ᠨᠡᠶᠢᠳᠡ 580 ᠭᠠᠷᠤᠢ ᠡᠷᠡᠭᠦᠦ ᠶᠢᠨ ᠬᠡᠷᠡᠭ ᠢ ᠢᠯᠡᠷᠡᠭᠦᠯᠵᠦ᠂ 17 ᠶᠠᠯᠠᠲᠤ ᠪᠦᠯᠦᠭ ᠢ ᠰᠦᠢᠷᠡᠭᠦᠯᠵᠡᠢ᠃ ︽ᠬᠡᠷᠡᠭ ᠨᠢᠭᠡᠪᠦᠷᠢ ᠶᠢᠨ ᠠᠷᠤ ᠳᠤ ᠴᠥᠮ ᠬᠤᠣᠷ ᠠᠮᠰᠠᠭᠴᠢ ᠶᠢᠨ ᠬᠦᠰᠡᠯ ᠡᠷᠡᠮᠡᠯᠵᠡᠯ ᠤᠨ ᠬᠠᠷᠠᠴᠠ ᠲᠠᠢ ᠪᠠᠶᠢᠳᠠᠭ᠂ ᠬᠡᠷᠡᠭ ᠢ ᠲᠦᠷᠭᠡᠨ ᠢᠯᠡᠷᠡᠭᠦᠯᠪᠡᠯ ᠰᠠᠶ᠋ᠢ ᠣᠯᠠᠨ ᠲᠦᠮᠡᠨ ᠤ ᠬᠤᠬᠢᠷᠠᠯ ᠠᠴᠠ ᠵᠠᠶᠢᠯᠠᠰᠬᠢᠵᠦ ᠴᠢᠳᠠᠨ᠎ᠠ︾᠃ ᠵᠠᠩ ᠶᠧ᠂ ᠪᠢ ᠳᠣᠲᠣᠭᠠᠳᠤ ᠶᠢ ᠬᠠᠮᠠᠭᠠᠯᠠᠬᠤ ᠹᠷᠣᠨᠲ ᠲᠤ ᠦᠷᠭᠦᠯᠵᠢᠯᠡᠨ ᠰᠢᠷᠭᠠᠭᠤ ᠬᠠᠲᠠᠭᠤᠵᠢᠯᠲᠠᠢ ᠰᠤᠳᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠭᠠᠷᠮᠠᠭᠠᠢ ᠪᠡᠶᠡᠯᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号