ᠤᠯᠠᠭᠠᠨᠬᠤᠲᠠ ᠶᠢᠨ ᠬᠠᠷᠮᠠᠨ ᠴᠡᠴᠡᠷᠯᠢᠭ
ᠨᠡᠶᠢᠲᠡᠯᠡᠭᠰᠡᠨ ᠴᠠᠭ᠄
2023/7/11
       ᠠᠮᠢᠳᠤᠷᠠᠯ ᠤᠨ ᠣᠷᠴᠢᠨ ᠲᠣᠭᠤᠷᠢᠨ ᠤ ᠬᠤᠪᠢᠷᠠᠯᠲᠠ ᠶᠢᠨ ᠲᠤᠬᠠᠢ ᠢ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠵᠠᠩ ᠼᠠᠢ ᠹᠧᠩ ᠭᠦᠨ ᠲᠥᠷᠥᠭᠳᠡᠯ ᠲᠠᠢ ᠪᠠᠶᠢᠯ᠎ᠠ᠃ ︽ᠡᠶᠢᠮᠦ ᠪᠢᠴᠢᠬᠠᠨ ᠴᠡᠴᠡᠷᠯᠢᠭ ᠲᠠᠢ ᠪᠠᠶᠢᠬᠤ ᠨᠢ ᠦᠨᠡᠬᠡᠷ ᠲᠥᠬᠦᠮ ᠶᠤᠮ᠂ ᠢᠯᠠᠩᠭᠤᠶ᠎ᠠ ᠨᠠᠰᠤᠲᠠᠶᠢᠴᠤᠳ ᠤᠨ ᠬᠥᠯ ᠭᠠᠷ ᠳᠥᠭᠦᠮ ᠦᠭᠡᠢ᠂ ᠬᠤᠯᠠ ᠵᠠᠮ ᠶᠠᠪᠤᠵᠤ ᠳᠡᠶᠢᠯᠬᠦ ᠦᠭᠡᠢ ᠪᠠᠷ ᠭᠡᠷ ᠤᠨ ᠢᠶᠠᠨ ᠡᠭᠦᠳᠡᠨ ᠳᠠᠬᠢ ᠪᠢᠴᠢᠬᠠᠨ ᠴᠡᠴᠡᠷᠯᠢᠭ ᠲᠤ ᠰᠡᠷᠢᠭᠦᠴᠡᠵᠦ᠂ ᠵᠣᠭᠤᠭᠳᠠᠨ ᠰᠠᠭᠤᠬᠤ ᠨᠢ ᠦᠨᠡᠬᠡᠷ ᠭᠤᠶᠣ ᠶᠠᠪᠤᠳᠠᠯ ᠰᠢᠸ︕︾ ᠭᠡᠵᠦ ᠵᠠᠩ ᠠᠨᠢᠶ᠎ᠠ ᠢᠨᠢᠶᠡᠮᠰᠦᠭᠯᠡᠨ ᠬᠡᠯᠡᠪᠡ᠃
       ᠬᠤᠲᠠ ᠶᠢᠨ ᠠᠮᠢᠳᠤᠷᠠᠯ ᠨᠢ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠶᠢ ᠱᠠᠭᠠᠷᠳᠠᠵᠤ᠂ ᠬᠤᠲᠠ ᠶᠢᠨ ᠠᠷᠠᠳ ᠲᠤ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠣᠯᠭᠤᠬᠤ ᠪᠠᠷ ᠪᠠᠷᠠᠬᠤ ᠦᠭᠡᠢ ᠪᠠᠰᠠ ︽ᠬᠠᠷᠮᠠᠨ ᠴᠡᠴᠡᠷᠯᠢᠭ︾ ᠮᠡᠲᠦ ᠶᠢᠨ ᠣᠯᠠᠨ ᠨᠡᠶᠢᠲᠡ ᠶᠢᠨ ᠠᠵᠢᠯᠯᠠᠭᠠᠨ ᠤ ᠣᠷᠣᠨ ᠵᠠᠢ ᠶᠢ ᠬᠡᠷᠡᠭᠰᠡᠵᠦ᠂ ᠬᠥᠮᠥᠰ ᠲᠤ ᠰᠠᠨᠠᠭᠠᠨ ᠳᠤ ᠦᠭᠡᠢ ᠭᠡᠨᠡᠳᠲᠡ ᠶᠢᠨ ᠪᠠᠶᠠᠷ ᠲᠥᠷᠥᠭᠦᠯᠦᠨ᠎ᠡ᠃ ᠣᠶᠢᠷ᠎ᠠ ᠶᠢᠨ ᠬᠤᠶᠠᠷ ᠵᠢᠯ ᠳᠤ᠂ ᠤᠯᠠᠭᠠᠨᠬᠤᠲᠠ ᠶᠢᠨ ᠡᠯ᠎ᠡ ᠭᠠᠵᠠᠷ ᠤᠨ ︽ᠬᠠᠷᠮᠠᠨ ᠴᠡᠴᠡᠷᠯᠢᠭ︾ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠭᠠᠷᠴᠤ ᠢᠷᠡᠭᠡᠳ ᠤᠯᠠᠭᠠᠠᠬᠤᠲᠠ ᠶᠢᠨ ᠵᠡᠭᠡᠯᠢ ᠭᠤᠳᠤᠮᠵᠢ ᠪᠠᠷ ᠲᠠᠷᠬᠠᠵᠤ᠂ ᠬᠤᠲᠠ ᠶᠢᠨ ᠣᠷᠴᠢᠨ ᠲᠣᠭᠤᠷᠢᠨ ᠢ ᠴᠢᠮᠡᠭᠯᠡᠭᠰᠡᠨ ᠮᠥᠷᠲᠡᠭᠡᠨ ᠬᠤᠲᠠ ᠶᠢᠨ ᠠᠷᠠᠳ ᠲᠤ ᠨᠠᠩ ᠣᠯᠠᠨ ᠡᠰᠢᠲᠦ ᠠᠮᠠᠷᠠᠯᠲᠠ ᠶᠢᠨ ᠲᠠᠯᠠᠪᠤᠷ ᠬᠠᠩᠭᠠᠭᠰᠠᠨ ᠪᠠᠶᠢᠨ᠎ᠠ᠃ ᠤᠯᠠᠭᠠᠨᠬᠤᠲᠠ ᠡᠶᠢᠮᠦᠷᠭᠦᠦ ᠴᠢᠮᠡᠭᠡ ᠢᠮᠡᠭᠡ ᠦᠭᠡᠢ ᠬᠡᠯᠪᠡᠷᠢ ᠪᠠᠷ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠢᠳᠡᠭ ᠢᠳᠡᠭ ᠢᠶᠠᠷ ᠰᠠᠶᠢᠵᠢᠷᠠᠭᠤᠯᠵᠠᠢ
       ︽︿ᠬᠠᠷᠮᠠᠨ ᠴᠡᠴᠡᠷᠯᠢᠭ﹀ ᠤᠨ ᠰᠣᠩᠭᠤᠭᠰᠠᠨ ᠭᠠᠵᠠᠷ ᠤᠨ ᠣᠯᠠᠩᠬᠢ ᠨᠢ ᠰᠠᠭᠤᠭᠠᠯᠢ ᠠᠷᠠᠳ ᠤᠨ ᠲᠣᠭᠤᠷᠢᠭ ᠤᠨ ᠡᠷᠬᠢᠨ ᠲᠣᠭᠤᠷᠢᠨ ᠳᠤ᠂ ᠢᠯᠠᠩᠭᠤᠶ᠎ᠠ ᠬᠠᠭᠤᠴᠢᠨ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠪᠠᠶᠢᠳᠠᠭ᠂ ᠡᠳᠡᠭᠡᠷ ᠰᠠᠭᠤᠭᠠᠯᠢ ᠠᠷᠠᠳ ᠤᠨ ᠲᠣᠭᠤᠷᠢᠭ ᠤᠤᠯ ᠨᠢ ᠴᠢᠳᠠᠮᠵᠢ ᠪᠠᠷ ᠴᠢᠩᠭ᠎ᠠ ᠪᠢᠰᠢ᠂ ᠴᠡᠴᠡᠷᠯᠢᠭ ᠤᠨ ᠵᠦᠯᠭᠡ ᠭᠠᠵᠠᠷ ᠤᠨ ᠲᠠᠷᠬᠠᠯᠲᠠ ᠲᠡᠩᠴᠡᠭᠦᠷᠢ ᠦᠭᠡᠢ᠂ ᠤᠯᠠᠨ ᠲᠦᠮᠡᠨ ᠤ ᠠᠵᠢᠯᠯᠠᠭᠠᠨ ᠤ ᠣᠷᠣᠨ ᠵᠠᠢ ᠬᠦᠨᠳᠦ ᠨᠣᠴᠢᠲᠠᠢ ᠬᠢᠵᠠᠭᠠᠷᠯᠠᠭᠳᠠᠵᠤ᠂ ︿ᠬᠠᠷᠮᠠᠨ ᠴᠡᠴᠡᠷᠯᠢᠭ﹀ ᠤᠨ ᠪᠦᠲᠦᠭᠡᠨ ᠪᠠᠶᠢᠭᠤᠯᠤᠯᠲᠠ ᠨᠢ ᠡᠨᠡᠬᠦ ᠠᠰᠠᠭᠤᠳᠠᠯ ᠢ ᠰᠢᠢᠳᠪᠦᠷᠢᠯᠡᠵᠡᠢ︾ ᠭᠡᠵᠦ ᠤᠯᠠᠭᠠᠨᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠾᠧ ᠲᠢᠩ ᠬᠡᠯᠡᠨ᠎ᠡ᠃
       ︽ᠬᠠᠷᠮᠠᠨ ᠴᠡᠴᠡᠷᠯᠢᠭ︾ ᠨᠢ ᠵᠦᠯᠭᠡ ᠭᠠᠵᠠᠷ ᠤᠨ ᠣᠷᠣᠨ ᠵᠠᠢ ᠶᠢ ᠠᠮᠢᠯᠠᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠤᠯᠠᠭᠠᠨᠬᠤᠲᠠ ᠶᠢᠨ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠳᠣᠪᠤᠶᠢᠯᠭᠠᠭᠰᠠᠨ ᠪᠠᠶᠢᠨ᠎ᠠ᠃ ᠤᠯᠠᠭᠠᠨᠬᠤᠲᠠ ᠶᠢᠨ ᠴᠡᠴᠡᠷᠯᠢᠭ ᠤᠨ ᠰᠠᠯᠠᠭ᠎ᠠ ᠮᠥᠴᠢᠷ ᠤᠨ ᠪᠦᠷᠢᠳᠬᠡᠯ ᠠᠴᠠ ᠦᠵᠡᠪᠡᠯ᠂ ᠣᠳᠣᠬᠠᠨ ᠳᠤ ᠤᠯᠠᠭᠠᠨᠬᠤᠲᠠ ᠶᠢᠨ ᠪᠥᠬᠦ ᠬᠤᠲᠠ ᠶᠢᠨ ᠲᠣᠭᠤᠷᠢᠭ ᠲᠤ ᠨᠡᠶᠢᠲᠡ 30 ᠴᠡᠴᠡᠷᠯᠢᠭ ᠲᠠᠢ ᠪᠠᠶᠢᠵᠤ᠂ ᠶᠡᠷᠦᠩᠬᠡᠢ ᠲᠠᠯᠠᠪᠠᠶ ᠨᠢ 650.1 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ 4 ᠶᠡᠷᠦᠩᠬᠡᠶᠢᠯᠡᠭᠰᠡᠨ ᠴᠡᠴᠡᠷᠯᠢᠭ᠂ 26 ᠵᠡᠭᠡᠯᠢ ᠭᠤᠳᠤᠮᠵᠢ ᠶᠢᠨ ᠵᠤᠭᠠᠴᠠᠯ ᠤᠨ ᠴᠡᠴᠡᠷᠯᠢᠭ ᠪᠠᠭᠲᠠᠨ᠎ᠠ᠃ ᠡᠳᠡᠭᠡᠷ ᠴᠡᠴᠡᠷᠯᠢᠭ᠂ ᠠᠭᠤᠳᠠᠮ ᠲᠠᠯᠠᠪᠠᠢ ᠨᠢ ᠬᠤᠳᠠ ᠶᠢᠨ ᠪᠠᠶᠢᠭᠠᠯᠢ ᠶᠢᠨ ᠠᠮᠢ ᠠᠬᠤᠢ ᠪᠣᠯᠣᠨ ᠰᠣᠶᠣᠯ ᠢᠷᠭᠡᠨᠰᠢᠯ ᠤᠨ ᠠᠭᠤᠷ ᠠᠮᠢᠰᠬᠤᠯ ᠢ ᠣᠷᠭᠠᠨᠢᠭ ᠢᠶᠠᠷ ᠠᠭᠤᠰᠤᠯᠴᠠᠭᠤᠯᠵᠤ᠂ ᠤᠯᠠᠨ ᠲᠦᠮᠡᠨ ᠳᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢ ᠡᠳ᠋ᠯᠡᠭᠦᠯᠵᠡᠢ᠃  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号