ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2023/7/11
       ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ        —— 2023 ᠣᠨ ᠤ 1 ᠰᠠᠷ᠎ᠠ ᠶᠢᠨ 1 ᠤ ᠡᠳᠦᠷ ᠤᠨ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠡᠭᠡᠷ᠎ᠡ       ᠬᠤᠳᠠ ᠶᠢᠨ ᠳᠠᠷᠤᠭ᠎ᠠ ᠯᠢᠦ ᠢᠦᠢᠲᠥᠯᠥᠭᠡᠯᠡᠭᠴᠢᠳ ᠠ᠋᠄        ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃        2022 ᠣᠨ ᠤ ᠠᠵᠢᠯ ᠤᠨ ᠡᠷᠭᠢᠴᠡᠭᠦᠯᠦᠯ        ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠵᠠᠰᠠᠭ ᠤᠨ ᠣᠷᠳᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠳᠣᠣᠷ᠎ᠠ᠂ ︽ᠭᠤᠷᠪᠠᠨ  ᠨᠠᠷᠢᠨ ᠲᠠᠩᠰᠠ︾ ᠶᠢᠨ ᠲᠣᠭᠤᠷᠢᠨ ᠳᠤ ︽ᠭᠤᠷᠪᠠᠨ ᠣᠷᠴᠢᠨ ᠲᠣᠭᠤᠷᠢᠨ ︾ ᠢ ᠬᠦᠴᠦᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠨ᠂ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠡᠢ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 210 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3% ᠪᠠᠷ ᠨᠡᠮᠡᠭᠳᠡᠭᠦᠯᠵᠠᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 4% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 101.6 ᠳ᠋ᠦᠩᠰᠢᠭᠤᠷ ᠲᠥᠭᠦᠷᠢᠭ ᠲᠤ ᠬᠦᠷᠴᠦ᠂ 2% ᠢᠶᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 35 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8% ᠪᠠᠷ ᠨᠡᠮᠡᠭᠳᠡᠭᠦᠯᠵᠠᠢ᠃ ᠬᠤᠲᠠ ᠪᠠᠯᠭᠠᠰᠤ ᠪᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 39468 ᠲᠥᠭᠦᠷᠢᠭ᠂ 21929 ᠲᠥᠭᠦᠷᠢᠭ ᠲᠤ ᠬᠦᠷᠴᠦ᠂ 6%᠂ 7.2% ᠢᠶᠠᠷ ᠨᠡᠮᠡᠭᠳᠡᠪᠡ᠃        ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠪᠠᠯᠭᠠᠰᠤ ᠶᠢ ᠬᠦᠴᠦᠯᠡᠨ ᠪᠦᠲᠦᠭᠡᠨ ᠪᠠᠶᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠡᠭᠡᠭᠰᠢᠯᠡᠬᠦ ᠬᠤᠷᠳᠤᠴᠠ ᠲᠦᠷᠭᠡᠨ᠂ ᠬᠤᠪᠢᠷᠠᠯᠲᠠ ᠶᠡᠭᠡ᠂ ᠠᠷᠠᠳ ᠤᠨ ᠠᠮᠢᠳᠤᠷᠠᠯ ᠤᠨ ᠬᠤᠳᠠ ᠪᠠᠶᠢᠭᠤᠯᠬᠤ ᠳᠤ ᠦᠯᠢᠭᠡᠷ ᠳᠠᠭᠤᠷᠢᠶᠠᠯ ᠦᠵᠡᠭᠦᠯᠵᠡᠢ᠃ ᠬᠦᠴᠦ ᠪᠠᠨ ᠲᠥᠪᠯᠡᠷᠡᠭᠦᠯᠦᠨ ᠲᠥᠪ ᠬᠤᠲᠠ ᠶᠢᠨ ᠳᠠᠭᠠᠭᠠᠴᠠ ᠪᠠ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠡᠮᠵᠢᠶ᠎ᠡ ᠶᠢ ᠳᠡᠭᠡᠭᠰᠢᠯᠡᠭᠦᠯᠵᠦ᠂ ᠠᠶᠢᠮᠠᠭ ᠬᠤᠲᠠ ᠶᠢᠨ ᠬᠠᠮᠲᠤ ᠪᠠᠷ ᠪᠦᠲᠦᠭᠡᠨ ᠪᠠᠶᠢᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠨ᠂ 108 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠨᠢᠮᠪᠠᠢ ᠬᠡᠷᠡᠭᠵᠢᠭᠦᠯᠵᠦ᠂ ᠣᠯᠠᠨ ᠲᠦᠮᠡᠨ ᠤ ᠳᠡᠷᠭᠡᠳᠡᠬᠢ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃ ᠵᠠᠰᠠᠭᠲᠤ ᠵᠡᠭᠦᠨ ᠵᠡᠭᠡᠯᠢ᠂ ᠠᠶᠢᠭᠦ᠋ᠸᠧ ᠡᠮᠦᠨ᠎ᠡ ᠵᠠᠮ ᠵᠡᠷᠭᠡ ᠮᠤᠬᠤᠷ ᠵᠠᠮ ᠢ 25 ᠵᠤᠷᠪᠤᠰ ᠨᠠᠪᠲᠠᠷᠡᠭᠦᠯᠵᠦ᠂ ᠶᠢᠨ ᠶᠤᠸᠠᠨ ᠵᠡᠭᠡᠯᠢ᠂ ᠪᠠᠶᠠᠨ ᠬᠤᠶᠢᠲᠤ ᠵᠠᠮ ᠵᠡᠷᠭᠡ ᠭᠡᠷᠡᠯᠳᠦᠭᠦᠯᠭᠡ ᠦᠭᠡᠢ 17 ᠵᠠᠮ ᠢ ᠥᠭᠡᠷᠡᠴᠢᠯᠡᠵᠦ᠂ ᠵᠠᠮ ᠡᠵᠡᠯᠡᠬᠦ  ᠴᠠᠬᠢᠯᠭᠠᠨ ᠤᠳᠠᠰᠤᠨ ᠪᠠᠭᠠᠨ᠎ᠠ ᠶᠢ 330 ᠴᠡᠪᠡᠷᠯᠡᠪᠠ᠃ ᠮᠢᠨ ᠾᠧ ᠵᠡᠷᠭᠡ 3 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 33 ᠲᠦᠮᠡᠨ ᠲᠡᠭᠰᠢ ᠳᠥᠷᠪᠡᠯᠵᠢᠨ ᠮᠧᠲᠷ ᠬᠠᠯᠴᠠᠭᠠᠢ ᠭᠠᠵᠠᠷ ᠢ ᠵᠠᠰᠠᠵᠤ᠂ 16 ᠵᠡᠭᠡᠯᠢ ᠶᠢᠨ ᠥᠨᠴᠥᠭ ᠲᠤ ᠦᠯᠡᠳᠡᠭᠡᠭᠰᠡᠨ ᠭᠡᠷ ᠪᠠᠶᠢᠰᠢᠩ ᠢ ᠨᠤᠷᠠᠭ᠋ᠭᠠᠳ᠂ ᠲᠤᠭᠤᠷ ᠤᠨ ᠭᠤᠤᠯ ᠴᠡᠴᠡᠷᠯᠢᠭ ︽ᠥᠪᠥᠷ ᠮᠣᠩᠭᠤᠯ ᠤᠨ ᠬᠠᠮᠤᠭ ᠤᠨ ᠭᠤᠶᠤ ᠴᠡᠴᠡᠷᠯᠢᠭ︾ ᠢᠶᠠᠷ ᠦᠨᠡᠯᠡᠭᠳᠡᠵᠦ᠂ ᠬᠤᠳᠠ ᠶᠢ ᠨᠡᠩ ᠴᠡᠪᠡᠷ ᠴᠡᠮᠴᠡᠭᠡᠷ ᠪᠣᠯᠭᠠᠪᠠ᠃ ᠬᠢᠩᠭᠠᠨ᠂ ᠱᠧᠩᠯᠢ ᠵᠡᠷᠭᠡ 74 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ 62 ᠲᠦᠮᠡᠨ ᠲᠡᠭᠰᠢ ᠳᠥᠷᠪᠡᠯᠵᠢᠨ ᠮᠧᠲᠷ ᠤᠨ ᠠᠰᠠᠷ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠨ ᠪᠠᠶᠢᠭᠤᠯᠵᠤ᠂ ᠵᠢᠢ ᠴᠢᠩ᠂ ᠾᠧ ᠫᠢᠩ ᠯᠢ ᠵᠡᠷᠭᠡ 25 ᠰᠠᠭᠤᠷᠢ ᠠᠰᠠᠷ᠂ 18 ᠲᠦᠮᠡᠨ ᠲᠡᠭᠰᠢ ᠳᠥᠷᠪᠡᠯᠵᠢᠨ ᠮᠧᠲᠷ ᠢ ᠥᠨᠳᠥᠷ ᠪᠠᠷᠢᠮᠵᠢᠶ᠎ᠠ ᠲᠠᠢ ᠪᠠᠷ ᠪᠦᠲᠦᠭᠡᠨ ᠪᠠᠶᠢᠭᠤᠯᠵᠤ᠂ 1 ᠲᠦᠮᠡᠨ ᠡᠷᠦᠬᠡ ᠰᠠᠭᠤᠭᠠᠯᠢ ᠠᠷᠠᠳ ᠢ ︽ᠰᠠᠭᠤᠬᠤ ᠠᠴᠠ ᠣᠷᠣᠨ ᠰᠠᠭᠤᠴᠠ ᠲᠠᠢ︾ ᠪᠠᠶᠢᠭᠰᠠᠨ ᠠᠴᠠ ︽ᠰᠢᠯᠢᠳᠡᠭ ᠣᠷᠣᠨ ᠰᠠᠭᠤᠴᠠ ᠲᠠᠢ︾ ᠪᠣᠯᠭᠠᠬᠤ ᠳᠠᠶᠢᠰᠢ ᠠᠬᠢᠭᠤᠯᠪᠠ᠃ 1.3 ᠳ᠋ᠦᠩᠰᠢᠭᠤᠷ ᠲᠥᠭᠦᠷᠢᠭ ᠤᠨ ︽ᠴᠠᠭ ᠲᠤᠬᠠᠢ ᠳᠤᠨᠢ ᠪᠠᠶᠢᠭᠤᠯᠵᠤ ᠳᠠᠭᠤᠰᠬᠠᠨ ᠲᠤᠰᠢᠶᠠᠬᠤ ᠠᠰᠠᠷ︾ ᠤᠨ ᠲᠤᠰᠬᠠᠢ ᠵᠦᠢᠯ ᠤᠨ ᠵᠢᠭᠡᠯᠡᠯᠭᠡ ᠶᠢ ᠴᠢᠷᠮᠠᠶᠢᠨ ᠣᠯᠵᠤ᠂ 27 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠡᠷᠬᠡ ᠠᠰᠢᠭ ᠢ ᠭᠦᠢᠴᠡᠳ ᠪᠠᠲᠤᠯᠠᠪᠠ᠃ ᠬᠤᠪᠢᠰᠬᠠᠯᠲᠤ ᠠᠳᠠᠯ ᠠᠬᠤᠢ ᠶᠢᠨ ᠵᠠᠭᠪᠤᠷ ᠢ ᠬᠡᠷᠡᠭᠵᠢᠭᠦᠯᠵᠦ᠂ ᠠᠳᠠᠯ ᠠᠬᠤᠢ  ᠶᠢᠨ ᠬᠠᠮᠢᠶᠠᠷᠤᠯᠲᠠ ᠦᠭᠡᠢ 167 ᠰᠠᠭᠤᠭᠠᠯᠢ ᠠᠷᠠᠳ ᠤᠨ ᠲᠣᠭᠤᠷᠢᠭ ᠢ ︽ᠣᠯᠠᠨ ᠡᠰᠢᠲᠦ ᠵᠠᠰᠠᠯᠲᠠ︾ ᠳᠠᠶᠢᠰᠢ ᠬᠤᠪᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠠᠭᠤᠭᠠᠯᠢ ᠠᠷᠠᠳ ᠤᠨ ᠲᠣᠭᠤᠷᠢᠭ ᠤᠨ ︽ᠳᠥᠷᠪᠡᠨ ᠳᠤᠷ᠎ᠠ ᠪᠠᠷ ᠢᠶᠠᠨ ᠪᠠᠶᠢᠬᠤ︾᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠵᠡᠷᠭᠡ ᠲᠣᠪᠣᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠨᠣᠬᠠᠢ ᠲᠡᠵᠢᠭᠡᠬᠦ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠬᠤᠲᠠ ᠶᠢᠨ ᠬᠠᠮᠢᠶᠠᠷᠤᠯᠲᠠ ᠶᠢᠨ ᠬᠢᠨᠠᠯᠲᠠ ᠲᠠᠯᠪᠢᠭᠴᠢ ᠶᠢᠨ ᠡᠩᠨᠡᠭᠡ ᠶᠢ ᠡᠭᠦᠳᠦᠨ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠡᠷᠴᠢᠮ ᠲᠠᠢ ᠪᠠᠶᠢᠳᠠᠯ ᠢ ᠪᠣᠢ ᠪᠣᠯᠭᠠᠵᠠᠢ᠃ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠠᠶ ᠶᠢᠨ ᠬᠤᠷᠠᠯ ᠢ ᠥᠨᠳᠥᠷ ᠬᠢᠷᠢ ᠲᠦᠪᠰᠢᠨ ᠢᠶᠠᠷ ᠳᠠᠭᠠᠭᠠᠨ ᠡᠷᠭᠢᠯᠡᠵᠦ᠂ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠪᠥᠬᠦ ᠠᠶᠢᠮᠠᠭ ᠲᠤ ᠳᠡᠯᠭᠡᠷᠡᠭᠦᠯᠵᠡᠢ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠴᠢᠳᠠᠪᠤᠷᠢ ᠣᠯᠭᠤᠵᠠᠢ᠃ 1.6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠪᠣᠬᠢᠷᠳᠤᠯ ᠦᠭᠡᠢ ᠣᠷᠭᠠᠨᠢᠭ ᠤᠰᠤᠨ ᠲᠤᠲᠤᠷᠭ᠎ᠠ ᠶᠢᠨ ᠭᠡᠷᠡᠴᠢᠯᠡᠭᠰᠡᠨ ᠲᠠᠯᠠᠪᠠᠶ ᠶᠢ 90% ᠳᠤ ᠬᠦᠷᠭᠡᠵᠦ᠂ ᠰᠠᠨ ᠾᠧ ᠤᠰᠤᠨ ᠲᠤᠲᠤᠷᠭ᠎ᠠ ᠶᠢᠨ ᠤᠨᠠᠯᠲᠠ ᠨᠢ ᠪᠥᠬᠦ ᠣᠷᠣᠨ ᠤ ᠮᠤ᠋ ᠨᠢᠭᠡᠴᠢ ᠲᠠᠯᠠᠪᠠᠶ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠵᠦ᠂ ᠰᠢᠶᠠᠨ ᠱᠢ ᠡᠷᠳᠡᠨᠢ ᠰᠢᠰᠢ ᠨᠠᠷᠢᠯᠢᠭ ᠡᠳ᠋ᠰᠢᠭᠦᠯᠬᠦ ᠦᠢᠯᠡᠳᠪᠦᠷᠢ ᠶᠢᠨ ᠮᠤ᠋ ᠪᠦᠷᠢ ᠶᠢᠨ ᠣᠷᠣᠯᠭ᠎ᠠ ᠶᠢ ᠳᠤᠮᠳᠠᠴᠢ ᠪᠠᠷ 50% ᠪᠠᠷ ᠨᠡᠮᠡᠭᠳᠡᠭᠦᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 6.6 ᠳ᠋ᠦᠩᠰᠢᠭᠤᠷ ᠵᠢᠩ ᠨᠡᠮᠡᠭᠳᠡᠭᠦᠯᠪᠠ᠃ ᠣᠲᠣ ᠦᠶ᠎ᠡ ᠶᠢᠨ ᠮᠠᠯ ᠠᠵᠤ ᠠᠬᠤᠢ ᠶᠢᠨ 3 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠬᠡᠪᠴᠢᠶᠡᠵᠢᠭᠦᠯᠦᠭᠰᠡᠨ ᠮᠢᠬᠠᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠨᠡᠮᠡᠭᠳᠡᠭᠡᠳ 22 ᠪᠣᠯᠪᠠ᠃ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠲᠦᠷᠦᠯ ᠵᠦᠢᠯ 10 ᠵᠦᠢᠯ ᠢ ᠳᠠᠪᠠᠵᠤ᠂ ᠮᠦ ᠪᠦᠷᠢ ᠶᠢᠨ ᠤᠨᠠᠯᠲᠠ ᠲᠦᠮᠡᠨ ᠵᠢᠩ ᠢ ᠳᠠᠪᠠᠪᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠳᠤ ᠬᠢᠷᠢ ᠲᠡᠩᠴᠡᠵᠦ᠂ ᠪᠣᠬᠢᠷᠳᠤᠯ ᠦᠭᠡᠢ ᠣᠷᠭᠠᠨᠢᠭ ᠭᠡᠷᠡᠴᠢᠯᠡᠯ ᠤᠨ ᠠᠵᠤ ᠠᠬᠤᠶᠢᠯᠠᠯ 22᠂ ᠪᠦᠲᠦᠭᠡᠭᠳᠡᠬᠦᠨ 43 ᠪᠣᠯᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠣᠨᠴᠠᠯᠢᠭ ᠢᠯᠡ ᠲᠣᠳᠣ᠂ ᠪᠣᠬᠢᠷᠳᠤᠯ ᠦᠭᠡᠢ ᠥᠨᠳᠥᠷ ᠦᠷ᠎ᠡ ᠪᠦᠲᠦᠮᠵᠢᠲᠡᠶ ᠪᠣᠯᠪᠠ᠃ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠤᠭᠤᠴᠠᠭ᠎ᠠ ᠲᠤᠯᠤᠭᠰᠠᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ 929 ᠶᠠᠳᠠᠭᠤ ᠠᠴᠠ ᠠᠩᠭᠢᠵᠢᠷᠠᠭᠤᠯᠬᠤ ᠡᠷᠤᠭᠡ ᠶᠢᠨ ᠲᠦᠷᠤ ᠶᠢᠨ ᠪᠣᠳᠣᠯᠭ᠎ᠠ ᠶᠢ ᠲᠠᠰᠤᠷᠠᠯᠳᠠ ᠦᠭᠡᠢ ᠨᠠᠶᠢᠳᠠᠪᠤᠷᠢᠵᠢᠭᠤᠯᠵᠤ᠂ ᠠᠵᠤ ᠦᠢᠯᠡᠰ ᠢ ᠬᠥᠭᠵᠢᠭᠦᠯᠵᠦ ᠲᠣᠭᠲᠠᠭᠤᠨ ᠢᠶᠠᠷ ᠨᠡᠮᠡᠭᠳᠡᠭᠦᠯᠪᠡ᠃ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ 14᠂ ᠬᠤᠭ ᠨᠣᠪᠰᠢ ᠳᠠᠮᠵᠢᠭᠤᠯᠬᠤ 10 ᠥᠷᠲᠡᠭᠡ ᠶᠢ ᠰᠢᠨ᠎ᠡ ᠪᠠᠷ ᠪᠠᠶᠢᠭᠤᠯᠵᠤ᠂ ᠠᠰᠠᠭᠤᠳᠠᠯ ᠲᠠᠢ ᠡᠷᠦᠬᠡ ᠶᠢᠨ ᠵᠣᠷᠯᠣᠩ ᠢ 2023 ᠴᠡᠭᠴᠡᠯᠡᠨ ᠵᠠᠰᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃        ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠡᠢ᠃ ᠪᠠᠴᠢᠮ ᠪᠠᠶᠢᠳᠠᠯ ᠢ ᠠᠷᠭᠠᠴᠠᠭᠠᠨ ᠪᠤᠯᠠᠬᠤ ᠲᠠᠯᠠᠪᠠᠶ ᠶᠢᠨ ᠬᠤᠶᠠᠳᠤᠭᠠᠷ ᠬᠤᠭᠤᠴᠠᠭ᠎ᠠ ᠠᠰᠢᠭᠯᠠᠯᠲᠠ ᠳᠤ ᠣᠷᠣᠵᠤ᠂ ᠪᠥᠬᠦ ᠠᠶᠢᠮᠠᠭ ᠤᠨ ᠠᠩᠬᠠᠳᠠᠭᠴᠢ ᠲᠣᠮᠣ ᠬᠡᠯᠪᠡᠷᠢ ᠶᠢᠨ ᠬᠤᠭ ᠨᠣᠪᠰᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠤᠭ ᠨᠣᠪᠰᠢ ᠶᠢ ᠰᠢᠢᠳᠪᠦᠷᠢᠯᠡᠬᠦ ᠳᠤ ᠬᠡᠮᠵᠢᠶ᠎ᠡ ᠶᠢ ᠪᠠᠭᠠᠰᠬᠠᠬᠤ᠂ ᠬᠤᠣᠷ ᠦᠭᠡᠶᠢᠵᠢᠭᠦᠯᠬᠦ᠂ ᠡᠬᠢ ᠪᠠᠶᠠᠯᠢᠭᠵᠢᠭᠤᠯᠬᠤ ᠶᠢ ᠪᠡᠶᠡᠯᠡᠭᠦᠯᠪᠡ᠃ 117 ᠰᠢᠨ᠎ᠡ ᠡᠨᠧᠷᠭᠢ ᠶᠢᠨ ᠣᠶᠤᠨᠲᠤ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠲᠡᠮᠦᠷ ᠵᠠᠮ ᠤᠨ ᠪᠠᠷᠠᠭᠤᠨᠳᠡᠬᠢ᠂ ᠲᠤᠭᠤᠷ ᠤᠨ ᠭᠤᠤᠯ ᠤᠨ ᠵᠡᠭᠦᠨᠳᠡᠬᠢ᠂ ᠬᠤᠲᠠ ᠶᠢᠨ ᠬᠤᠶᠢᠨᠠᠬᠢ ᠣᠶᠤᠨᠲᠤ ᠴᠠᠬᠢᠯᠭᠠᠨ ᠴᠡᠨᠡᠭᠯᠡᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠭᠤᠣᠯᠳᠠᠯᠭ᠎ᠠ ᠲᠠᠢ ᠬᠢᠨᠠᠨ ᠬᠡᠮᠵᠢᠬᠦ ᠠᠵᠤ ᠠᠬᠤᠶᠢᠯᠠᠯ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠴᠦ᠂ 600 ᠢᠳᠡᠭᠡᠨ ᠤᠮᠳᠠᠭᠠᠨ ᠤ ᠬᠤᠳᠠᠯᠳᠤᠭᠠᠨ ᠤ ᠡᠷᠦᠬᠡ ᠶᠢᠨ ᠲᠣᠰᠣᠨ ᠣᠲᠤᠭ᠎ᠠ ᠭᠠᠷᠭᠠᠬᠤ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠠᠯ᠎ᠠ ᠪᠠᠷ ᠬᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠠᠭᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠶᠢ 97% ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ ᠡᠯ ᠳ᠋ᠣᠣ ᠾᠧ ᠭᠤᠣᠯ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠭᠠᠵᠠᠷ ᠳᠡᠭᠡᠷᠡᠬᠢ ᠤᠰᠤᠨ ᠤ ᠣᠭᠲᠣᠯᠣᠭᠠᠰᠤ ᠶᠢᠨ ᠰᠢᠯᠢᠳᠡᠭ ᠬᠠᠷᠢᠴᠠᠯ ᠢ 100% ᠳᠤ ᠬᠦᠷᠦᠭᠦᠯᠵᠦ᠂ ᠲᠤᠭᠤᠷ ᠤᠨ ᠭᠤᠣᠯ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢ ᠤᠯᠤᠰ ᠤᠨ ︽ᠬᠤᠪᠢᠰᠬᠠᠯᠲᠤ ᠤᠳᠤᠮᠰᠢᠯ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤ ᠨᠡᠷᠡᠰ ᠤᠨ ᠵᠢᠭᠰᠠᠭᠠᠯᠲᠠ︾ ᠳᠤ ᠣᠷᠣᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ ᠥᠭᠡᠷᠡᠴᠢᠯᠡᠬᠦ᠂ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠵᠠᠰᠠᠯᠲᠠ ᠶᠢ 5 ᠲᠦᠮᠡᠨ ᠮᠦ ᠬᠡᠷᠡᠭᠵᠢᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 34.1% ᠳᠤ ᠬᠥᠷᠪᠡ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ 114 ᠲᠦᠮᠡᠨ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠵᠤ ᠲᠣᠬᠢᠷᠠᠭᠤᠯᠤᠨ ᠰᠢᠯᠭᠠᠨ ᠠᠪᠬᠤ ᠶᠢ ᠤᠷᠢᠳᠠᠪᠠᠷ ᠪᠡᠶᠡᠯᠡᠭᠦᠯᠵᠦ᠂ ᠪᠥᠬᠦ ᠣᠷᠣᠨ ᠤ ᠸᠢᠳᠢᠤ᠋ ᠪᠠᠷ ᠰᠢᠯᠭᠠᠨ ᠠᠪᠬᠤ ᠲᠤᠷᠰᠢᠯᠲᠠ ᠶᠢᠨ ᠨᠢᠭᠡᠴᠢ ᠪᠣᠯᠪᠠ᠃        ᠨᠢᠭᠡ ᠵᠢᠯ ᠤᠨ ᠲᠤᠷᠰᠢ᠂ ᠪᠢᠳᠡ ᠴᠢᠨᠠᠷ ᠰᠠᠶᠢᠲᠠᠢ ᠨᠡᠭᠡᠭᠡᠯᠲᠡᠲᠤ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠣᠯᠠᠨ᠂ ᠦᠷ᠎ᠡ ᠪᠦᠲᠦᠮᠵᠢ ᠰᠠᠶᠢᠨ ᠪᠣᠯᠵᠠᠢ        ᠬᠥᠭᠵᠢᠯᠲᠡ ᠶᠢᠨ ᠴᠢᠨᠠᠷ ᠴᠢᠨᠰᠠᠭ᠎ᠠ ᠡᠳᠦᠷ ᠢᠷᠡᠬᠦᠶ᠎ᠡ ᠳᠡᠭᠡᠭᠰᠢᠯᠡᠪᠡ᠃ ᠲᠥᠷᠥᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ 111 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 48.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ︽ᠭᠤᠷᠪᠠ ᠶᠢ ᠬᠤᠯᠪᠣᠵᠤ ᠭᠤᠷᠪᠠ ᠶᠢ ᠬᠥᠳᠡᠯᠭᠡᠬᠦ︾ ᠠᠷᠠᠯᠵᠢᠶᠠᠴᠢᠨ ᠤᠷᠢᠬᠤ ᠵᠠᠭᠪᠤᠷ ᠪᠠ ︽168︾ ᠠᠷᠠᠯᠵᠢᠶᠠᠴᠢᠨ ᠤᠷᠢᠬᠤ ᠲᠣᠭᠲᠠᠴᠠ ᠶᠢ ᠰᠢᠨ᠎ᠡ ᠪᠠᠷ ᠡᠭᠦᠳᠦᠨ ᠥᠷᠨᠢᠭᠦᠯᠵᠦ᠂ 365 ᠲᠥᠷᠥᠯ ᠵᠦᠢᠯ ᠢ ᠵᠣᠯᠭᠠᠭᠤᠯᠤᠨ ᠬᠡᠯᠡᠯᠴᠡᠵᠦ᠂ 65 ᠠᠷᠠᠯᠵᠢᠶᠠᠴᠢᠨ ᠤᠷᠢᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ 65.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ ᠠᠭᠤᠷ ᠠᠮᠢᠰᠬᠤᠯ ᠳᠤ ᠵᠣᠬᠢᠴᠠᠬᠤ ᠬᠡᠯᠪᠡᠷᠢ  ᠶᠢᠨ ᠬᠤᠲᠠ ᠶᠢᠨ ᠲᠦᠷᠦᠯ ᠵᠦᠢᠯ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠣᠬᠤᠯᠠᠪᠤᠷᠢ ᠶᠢ ᠤᠯᠵᠤ᠂ ᠵᠥᠪᠰᠢᠶᠡᠷᠡᠯ ᠣᠯᠣᠭᠰᠠᠨ ᠵᠢᠭᠡᠯᠡᠯᠭᠡ   ᠶᠢᠨ ᠲᠤᠭ᠎ᠠ ᠬᠡᠮᠵᠢᠶ᠎ᠡ ᠨᠢ 2.5 ᠳ᠋ᠦᠩᠰᠢᠭᠤᠷ ᠳ᠋ᠣᠯᠯᠠᠷ ᠲᠤ ᠬᠦᠷᠴᠦ᠂ ᠪᠦᠬᠦ ᠤᠯᠤᠰ ᠤᠨ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ   ᠶᠢᠨ ᠪᠠᠩᠬᠢ   ᠶᠢᠨ ᠵᠢᠭᠡᠯᠡᠯᠭᠡ   ᠶᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠦᠭᠰᠡᠨ ᠬᠤᠰᠢᠭᠤ ᠰᠢᠶᠠᠨ ᠤ ᠳᠡᠰ ᠤᠨ ᠬᠤᠳᠠ ᠪᠣᠯᠵᠠᠢ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠢᠭᠤᠳ ᠨᠠᠶᠢᠳᠠᠪᠤᠷᠢᠵᠢᠭᠤᠯᠵᠤ ᠂ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠰᠦᠢᠳᠬᠡᠯ ᠢ 4 ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠠᠵᠤ ᠠᠬᠤᠶᠢᠯᠠᠯ ᠪᠠ ᠣᠯᠠᠨ ᠲᠦᠮᠡᠨ ᠳᠤ ᠠᠰᠢᠭ ᠬᠦᠷᠲᠡᠭᠡᠵᠤ ᠪᠡᠯᠡ ᠮᠥᠩᠭᠦ ᠶᠢ ᠨᠡᠮᠡᠭᠳᠡᠭᠦᠯᠵᠡᠢ᠃ 168 ᠵᠦᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭ᠎ᠠ ᠶᠢ ᠥᠷᠨᠢᠭᠦᠯᠦᠨ᠂ ︽ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ︾ ᠶᠢ ᠪᠦᠬᠦ ᠲᠠᠯ᠎ᠠ ᠪᠠᠷ ᠠᠬᠢᠭᠤᠯᠵᠤ᠂ ᠬᠢᠨᠠᠯᠲᠠ ᠲᠠᠯᠪᠢᠭᠴᠢ ᠶᠢ ᠤᠷᠢᠨ ᠲᠣᠮᠢᠯᠠᠵᠤ᠂ ᠬᠢᠨᠠᠨ ᠬᠡᠮᠵᠢᠬᠦ ᠴᠡᠭ ᠭᠠᠷᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 4.3 ᠲᠦᠮᠡᠨ ᠡᠷᠦᠬᠡ ᠪᠣᠯᠭᠠᠨ ᠨᠡᠮᠡᠭᠳᠡᠭᠦᠯᠵᠦ᠂ 16% ᠪᠠᠷ ᠨᠡᠮᠡᠭᠳᠡᠭᠦᠯᠪᠡ᠃ ᠪᠠᠶᠢᠴᠧᠩ ᠣᠷᠣᠨ ᠲᠠᠢ ᠬᠠᠮᠲᠤᠷᠠᠯᠴᠠᠵᠤ᠂ 56 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠳᠠᠪᠲᠠᠮᠵᠢᠲᠤ ᠬᠡᠷᠡᠭ ᠶᠠᠪᠤᠳᠠᠯ ᠢ ᠪᠦᠬᠦ ᠠᠶᠢᠮᠠᠭ ᠲᠤ ᠤᠷᠢᠳᠠᠪᠠᠷ ︽ᠮᠤᠵᠢ ᠠᠯᠤᠰᠯᠠᠨ ᠪᠦᠬᠦᠨ ᠢ ᠰᠢᠢᠳᠪᠦᠷᠢᠯᠡᠬᠦ︾  ᠶᠢ ᠪᠡᠶᠡᠯᠡᠭᠦᠯᠵᠦ᠂ ᠣᠨᠳᠣᠣ ᠭᠠᠵᠠᠷ ᠲᠤ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠤᠯᠠᠭᠠᠨᠬᠤᠲᠠ ᠶᠢᠨ ᠲᠥᠰᠥᠯ ᠢ ᠬᠠᠩᠭᠠᠵᠠᠢ᠃ ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠨᠠᠷ ᠰᠠᠶᠢᠲᠠᠢ ᠦᠷ᠎ᠡ ᠪᠦᠲᠦᠮᠵᠢᠲᠡᠶ ᠪᠠᠷ ᠬᠠᠷᠢᠭᠤᠯᠵᠤ᠂ ᠶᠡᠷᠦᠩᠬᠡᠶᠢᠯᠡᠭᠰᠡᠨ ᠬᠤᠪᠢ ᠣᠯᠭᠤᠬᠤ ᠠᠵᠢᠯ ᠢ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠤᠭᠤᠯᠵᠠᠢ᠃ 6 ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠳᠠᠬᠢᠨ ᠪᠠᠶᠢᠭᠤᠯᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠠᠵᠢᠯᠲᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠪᠡ᠃        ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠳᠠᠯ ᠡᠷᠴᠢᠮᠲᠡᠢ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 6 ᠰᠢᠨ᠎ᠡ ᠪᠠᠷ ᠨᠡᠮᠡᠭᠳᠡᠭᠦᠯᠵᠦ᠂ ᠦᠢᠯᠡᠳᠬᠦᠨ ᠤ ᠦᠷᠳᠡᠭ  ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠡᠵᠡᠯᠡᠬᠦ ᠬᠠᠷᠢᠴᠠᠯ 58% ᠶᠢ ᠡᠵᠡᠯᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠨᠢ ︽ᠲᠠᠪᠤᠨ ᠵᠢᠯ ᠳᠤ ᠳᠠᠬᠢᠨ ᠢᠶᠠᠷ ᠨᠡᠮᠡᠭᠳᠡᠭᠦᠯᠬᠦ︾ ᠬᠠᠷᠠᠯᠲᠠ ᠶᠢ ᠪᠡᠶᠡᠯᠡᠭᠦᠯᠪᠡ᠃ ᠲᠠᠮᠠᠬᠢᠨ ᠤ ᠦᠢᠯᠡᠳᠪᠦᠷᠢ ᠶᠢᠨ ᠦᠢᠯᠡᠳᠪᠦᠷᠢᠯᠡᠯ ᠤᠨ ᠭᠦᠢᠴᠡᠳᠬᠡᠬᠦ ᠲᠤᠭ᠎ᠠ ᠶᠢ 1 ᠲᠦᠮᠡᠨ ᠬᠠᠶᠢᠷᠴᠠᠭ ᠰᠢᠨ᠎ᠡ ᠪᠠᠷ ᠨᠡᠮᠡᠭᠳᠡᠭᠦᠯᠵᠦ᠂ ᠦᠢᠯᠡᠳᠬᠦᠨ ᠤ ᠦᠷᠳᠡᠭ ᠨᠢ 50 ᠳ᠋ᠦᠩᠰᠢᠭᠤᠷ ᠲᠥᠭᠦᠷᠢᠭ ᠢ ᠳᠠᠪᠠᠵᠤ᠂ ᠦᠢᠯᠡᠳᠬᠦᠨ ᠤ ᠦᠷᠳᠡᠭ᠂ ᠠᠰᠢᠭ ᠭᠠᠶᠢᠯᠢ ᠶᠢᠨ ᠬᠤᠣᠰ ᠨᠡᠮᠡᠭᠳᠡᠯ ᠢ ᠪᠡᠶᠡᠯᠡᠭᠦᠯᠪᠡ᠃ 1200 ᠪᠣᠰᠤᠭ᠎ᠠ ᠳᠥᠷᠪᠡᠯᠵᠢᠨ ᠮᠧᠲᠷ ᠤᠨ ᠥᠨᠳᠥᠷ ᠵᠤᠤᠬ᠎ᠠ᠂ ᠦᠯᠡᠳᠡᠪᠦᠷᠢ ᠢᠯᠴᠢ ᠦᠯᠡᠳᠡᠪᠦᠷᠢ ᠬᠡᠢ ᠶᠢ ᠡᠭᠡᠭᠦᠯᠦᠨ ᠬᠤᠷᠢᠶᠠᠵᠤ ᠴᠠᠬᠢᠯᠭᠠᠨ ᠭᠠᠷᠭᠠᠬᠤ ᠵᠡᠷᠭᠡ ᠪᠣᠬᠢᠷᠳᠤᠯ ᠦᠭᠡᠢ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ 6 ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠯᠤᠰ ᠤᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠪᠦᠬᠦ ᠲᠠᠯ᠎ᠠ ᠪᠠᠷ ᠬᠦᠷᠴᠦ᠂ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ︽ᠪᠣᠬᠢᠷᠳᠤᠯ ᠦᠭᠡᠢ ᠪᠣᠯᠣᠳ ᠲᠡᠮᠦᠷ︾ ᠤᠨ ᠬᠠᠷᠠᠯᠲᠠ ᠶᠢ ᠪᠡᠶᠡᠯᠡᠭᠦᠯᠪᠡ᠃ ᠮᠧᠩ ᠨᠢᠦ ᠰᠦ ᠶᠢᠨ ᠦᠢᠯᠡᠰ ᠤᠨ ᠣᠶᠤᠨᠲᠤ ᠮᠠᠰᠢᠨ ᠬᠥᠮᠥᠨ᠂ ᠪᠥᠸᠧ ᠶᠤᠸᠠᠨ ᠬᠢᠮᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠭᠡᠭᠦᠯᠦᠨ ᠬᠤᠷᠢᠶᠠᠬᠤ ᠵᠡᠷᠭᠡ 17 ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠰᠧᠨ ᠬᠤᠶ ᠬᠡᠪᠯᠡᠯ ᠤᠨ ᠶᠠᠪᠤᠳᠠᠯ᠂ ᠱᠦᠨ ᠶᠤᠸᠠᠨ ᠲᠠᠷᠢᠶᠠᠯᠠᠩ ᠤᠨ ᠮᠠᠰᠢᠨ ᠵᠡᠷᠭᠡ 21 ᠠᠵᠤ ᠠᠬᠤᠶᠢᠯᠠᠯ ᠣᠷᠤᠨ ᠤ ᠲᠠᠰ ᠠᠴᠠ ᠳᠡᠭᠡᠭᠰᠢᠬᠢ ᠪᠣᠬᠢᠷᠳᠤᠯ ᠦᠭᠡᠢ ᠦᠢᠯᠡᠳᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ 23 ᠵᠦᠢᠯ ᠤᠨ ᠢᠷᠠᠭᠤ ᠠᠯᠳᠠᠷ ᠢ ᠬᠦᠷᠲᠡᠵᠦ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠡᠮᠡᠭᠳᠡᠭᠡᠳ 38 ᠪᠣᠯᠵᠤ᠂ ᠪᠥᠬᠦ ᠠᠶᠢᠮᠠᠭ ᠤᠨ 40% ᠠᠴᠠ ᠳᠡᠭᠡᠭᠰᠢᠬᠢ ᠶᠢ ᠡᠵᠡᠯᠡᠪᠡ᠃ ᠪᠣᠬᠢᠷᠳᠤᠯ ᠦᠭᠡᠢ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ ᠦᠢᠯᠡᠴᠢᠯᠡᠭᠡᠨ ᠤ ᠠᠵᠤ ᠠᠬᠤᠶᠢᠯᠠᠯ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠭᠦᠷᠭᠡ ᠴᠢᠳᠠᠪᠤᠷᠢ ᠶᠢ ᠨᠠᠩ ᠲᠣᠳᠣᠷᠬᠠᠢ ᠪᠣᠯᠭᠠᠵᠤ᠂ ᠡᠵᠡᠩᠨᠡᠯᠲᠡ ᠶᠢᠨ ᠣᠷᠣᠯᠭ᠎ᠠ ᠶᠢ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠲᠣᠭᠲᠠᠪᠤᠷᠢᠵᠢᠭᠤᠯᠵᠠᠢ᠃        ᠭᠤᠷᠪᠠᠳᠤᠭᠠᠷ ᠠᠵᠤ ᠦᠢᠯᠡᠰ ᠴᠡᠴᠡᠭᠯᠡᠨ ᠬᠥᠭᠵᠢᠪᠠ᠃ ᠰᠢᠨ᠎ᠡ ᠪᠠᠷ ᠨᠡᠮᠡᠭᠳᠡᠭᠰᠡᠨ ᠬᠢᠵᠠᠭᠠᠷᠲᠤ ᠨᠣᠷᠮ᠎ᠠ  ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ 17 ᠪᠠᠶᠢᠵᠤ᠂ ᠨᠡᠶᠢᠲᠡ 60 ᠪᠣᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠰᠠᠨ ᠶᠡᠷᠦᠩᠬᠡᠢ ᠲᠤᠭ᠎ᠠ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃ ᠧᠦ ᠶᠠ᠂ ᠸᠠᠨ ᠳ᠋ᠠ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠵᠦᠷᠢᠶᠡᠴᠢᠯᠡᠨ ᠬᠥᠭᠵᠢᠭᠦᠯᠵᠦ᠂ ᠬᠠᠰᠢᠯᠭ᠎ᠠ ᠳᠡᠭᠡᠷᠡᠬᠢ ᠥᠩᠭᠡ ᠦᠵᠡᠮᠵᠢ᠂ ᠰᠢᠤᠸᠠᠢ ᠬᠤᠸᠠ ᠫᠢᠸᠤ᠋ ᠶᠢᠨ ᠦᠷᠦᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠦᠢᠯᠡᠷ ᠭᠤᠣᠯ ᠤᠨ ᠵᠡᠭᠦᠨ ᠵᠠᠮ᠂ ᠷᠠᠰᠢᠶᠠᠨ ᠵᠡᠭᠡᠯᠢ ᠶᠢᠨ ᠡᠷᠲᠡ ᠣᠷᠣᠢ ᠶᠢᠨ ᠵᠠᠬ᠎ᠠ ᠳᠡᠯᠭᠡᠭᠦᠷ ᠢ ᠨᠡᠭᠡᠭᠡᠨ ᠡᠵᠡᠩᠨᠡᠵᠦ᠂ ᠤᠯᠠᠨ ᠲᠦᠮᠡᠨ ᠤ ᠬᠡᠷᠡᠭᠯᠡᠭᠡ  ᠶᠢ ᠨᠡᠩ ᠰᠠᠶᠢᠲᠤᠷ ᠬᠠᠩᠭᠠᠵᠠᠢ᠃ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠯ᠎ᠠ ᠨᠤᠲᠤᠭ ᠤᠨ ᠰᠠᠨ ᠾᠧ᠂ ᠶᠢᠩ ᠴᠧᠨ ᠬᠤᠪᠴᠠᠰᠤ ᠵᠠᠰᠠᠯ ᠨᠢ ︽ᠥᠪᠥᠷ ᠮᠣᠩᠭᠤᠯ ᠤᠨ ᠬᠠᠭᠤᠴᠢᠨ ᠨᠠᠷᠠᠲᠤ︾  ᠪᠠᠷ ᠦᠨᠡᠯᠡᠭᠳᠡᠪᠡ᠃ ᠺᠧ ᠴᠢᠨ ᠸᠠᠨ ᠵᠢᠶᠠ ᠵᠡᠷᠭᠡ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 4700 ᠲᠦᠮᠡᠨ ᠲᠥᠭᠦᠷᠢᠭ ᠲᠤ ᠬᠥᠷᠪᠡ᠃ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ 1400 ᠬᠤᠳᠠᠯᠳᠤᠭᠠᠴᠢᠨ ᠡᠷᠦᠬᠡ ᠣᠷᠣᠵᠤ ᠰᠠᠭᠤᠵᠤ᠂ ᠡᠵᠡᠩᠨᠡᠯᠲᠡ ᠶᠢᠨ ᠣᠷᠣᠯᠭ᠎ᠠ ᠨᠢ 160 ᠳ᠋ᠦᠩᠰᠢᠭᠤᠷ ᠲᠥᠭᠦᠷᠢᠭ ᠲᠤ ᠬᠦᠷᠴᠦ᠂ ︽ᠤᠯᠤᠰ ᠤᠨ ᠲᠠᠰ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢᠨ ᠢᠷᠠᠭᠤ ᠠᠯᠳᠠᠷ ᠢ ᠭᠥᠷᠳᠡᠪᠡ᠃ ︽ᠨᠢᠭᠡ ᠣᠷᠳᠣᠨ ᠠᠷᠪᠠᠨ ᠦᠯᠡᠳᠡᠭᠳᠡᠯ︾ ᠤᠨ ᠲᠣᠭᠤᠷᠢᠨ ᠳᠤ᠂ ᠬᠤᠪᠢᠰᠬᠠᠯᠲᠤ ᠵᠤᠭᠠᠴᠠᠯ ᠤᠨ ᠲᠡᠮᠳᠡᠭ ᠢ 11 ᠭᠠᠷᠭᠠᠵᠤ᠂ ᠳᠠᠭᠠᠭᠤᠯᠤᠨ ᠦᠵᠡᠭᠦᠯᠬᠦ᠂ ᠵᠢᠭᠠᠨ ᠵᠢᠯᠤᠭᠤᠳᠬᠤ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠳᠠ ᠶᠢᠨ ᠬᠤᠪᠢᠰᠬᠠᠯᠲᠤ ᠵᠤᠭᠠᠴᠠᠯ ᠤᠨ ᠳᠤᠷᠠᠰᠤᠮᠵᠢ ᠶᠢ ᠰᠡᠷᠭᠦᠭᠡᠵᠡᠢ᠃ ᠡᠮᠦᠨ᠎ᠡ ᠵᠡᠭᠡᠯᠢ ᠶᠢᠨ ᠶᠠᠪᠠᠭᠠᠨ ᠵᠡᠭᠡᠯᠢ᠂ ᠱᠧᠨ ᠵᠢᠶᠦ᠋ᠨ ᠸᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ 7 ᠰᠣᠶᠣᠯ ᠵᠤᠭᠠᠴᠠᠯ ᠤᠨ ᠲᠦᠷᠦᠯ ᠵᠦᠢᠯ ᠢ ᠤᠯᠠᠨ ᠭᠠᠵᠠᠷ ᠲᠤ ᠪᠠᠶᠢᠷᠢᠰᠢᠭᠤᠯᠵᠤ᠂ ᠲᠤᠭᠤᠷ ᠤᠨ ᠭᠤᠤᠯ ᠨᠤᠭᠤ ᠭᠠᠵᠠᠷ ᠤᠨ ᠦᠵᠡᠮᠵᠢ ᠶᠢᠨ ᠣᠷᠣᠨ᠂ ᠰᠠᠨ ᠾᠧ ᠵᠠᠩ ᠦᠢᠯᠡ ᠶᠢᠨ ᠶᠠᠪᠠᠭᠠᠨ ᠵᠡᠭᠡᠯᠢ ᠶᠢ ᠲᠤᠬᠠᠢ ᠶᠢᠨ ᠵᠢᠯ ᠳᠤ ᠪᠦᠲᠦᠭᠡᠨ ᠪᠠᠶᠢᠭᠤᠯᠵᠤ᠂ ᠲᠤᠬᠠᠢ ᠶᠢᠨ ᠵᠢᠯ ᠳᠤ ᠡᠵᠡᠩᠨᠡᠬᠦ  ᠶᠢ ᠪᠡᠶᠡᠯᠡᠭᠦᠯᠵᠦ᠂ ᠴᠢᠨᠠᠷ ᠰᠠᠶᠢᠲᠠᠢ ᠲᠦᠷᠦᠯ ᠵᠦᠢᠯ ᠢᠶᠠᠷ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠪᠠ᠃ ᠵᠤᠭᠠᠴᠠᠯ ᠤᠨ ᠦᠢᠯᠡᠰ ᠤᠨ ᠬᠥᠭᠵᠢᠯᠲᠡ ᠶᠢᠨ ︽ᠲᠤᠯᠤᠭᠠᠨ ᠨᠢᠭᠡ︾ ᠶᠢᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠥᠬᠦ ᠵᠢᠯ ᠳᠤ 305 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ 28 ᠳ᠋ᠦᠩᠰᠢᠭᠤᠷ ᠲᠥᠭᠦᠷᠢᠭ ᠲᠤ ᠬᠥᠷᠪᠡ᠃        ᠨᠢᠭᠡ ᠵᠢᠯ ᠤᠨ ᠲᠤᠷᠰᠢ᠂ ᠪᠢᠳᠡ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠰᠠᠶᠢᠨ ᠦᠨᠡᠯᠡᠯᠲᠡ  ᠤᠯᠤᠭᠰᠠᠨ ᠪᠠᠶᠢᠨ᠎ᠠ᠃        ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠲᠡᠮᠦᠷ ᠵᠠᠮ ᠤᠨ ᠪᠠᠷᠠᠭᠤᠡᠳᠡᠬᠢ ᠪᠠᠭ᠎ᠠ ᠰᠤᠷᠭᠠᠭᠤᠯᠢ᠂  ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠭᠤᠰᠴᠤ᠂ ᠪᠠᠢ ᠯᠤ᠋ ᠬᠡᠦᠬᠡᠳ ᠤᠨ ᠴᠡᠴᠡᠷᠯᠢᠭ ᠵᠡᠷᠭᠡ ᠠᠯᠪᠠᠨ ᠠᠴᠠ ᠪᠠᠶᠢᠭᠤᠯᠤᠭᠰᠠᠨ 3 ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠪᠡ᠃ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠥᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠵᠦ᠂ ᠪᠠᠭᠰᠢ ᠨᠠᠷ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠤᠯᠤᠰ ᠤᠨ ᠤᠳᠠᠭᠠᠨ ᠴᠢᠨᠠᠷᠲᠠᠢ ᠡᠪᠡᠳᠴᠢᠨ ᠤ ᠵᠢᠱᠢᠶᠡᠴᠢ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠭᠠᠵᠠᠷ ᠢ 19 ᠪᠠᠶᠢᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ 1.3 ᠳ᠋ᠦᠩᠰᠢᠭᠤᠷ ᠲᠥᠭᠦᠷᠢᠭ ᠲᠠᠷᠬᠠᠭᠠᠵᠤ᠂ ᠲᠦᠮᠡᠨ ᠬᠥᠮᠥᠨ ᠳᠤ ᠠᠰᠢᠭ ᠬᠦᠷᠲᠡᠭᠡᠵᠦ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠭᠰᠠᠨ ᠨᠣᠷᠮ᠎ᠠ ᠲᠣᠰ ᠲᠣᠰ 97%᠂ 81% ᠳᠤ ᠬᠦᠷᠴᠦ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠨᠠᠩ ᠨᠢᠭᠲᠠ᠂ ᠨᠠᠩ ᠪᠠᠲᠤ ᠡᠵᠡᠮᠳᠡᠪᠡ᠃ ︽ᠵᠠᠬᠢᠶᠠᠯᠠᠭ᠎ᠠ ᠶᠢᠨ ᠮᠠᠶ᠋ᠢᠭ︾ ᠤᠨ ᠪᠣᠯᠪᠠᠰᠤᠷᠠᠯ ᠤᠨ ᠰᠢᠨ᠎ᠡ ᠶᠢ ᠡᠭᠦᠳᠦᠨ ᠥᠷᠨᠢᠭᠦᠯᠵᠦ᠂ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠢ  6 ᠪᠣᠶ ᠪᠣᠯᠭᠠᠵᠤ᠂ 3060 ᠲᠦᠮᠡᠨ ᠲᠥᠭᠦᠷᠢᠭ ᠤᠨ ᠦᠢᠯᠡᠰ ᠪᠤᠰᠬᠠᠬᠤ ᠳᠠᠭᠠᠭᠠᠯᠲᠠᠲᠤ ᠵᠢᠭᠡᠯᠡᠯᠭᠡ ᠲᠠᠯᠪᠢᠵᠤ ᠂ ᠬᠤᠲᠠ ᠪᠠᠯᠭᠠᠰᠤᠨ ᠤ 2494 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠨᠠᠩ ᠪᠣᠳᠠᠲᠠᠢ᠂ ᠡᠷᠴᠢᠮ ᠨᠠᠩ ᠶᠡᠭᠡ ᠪᠣᠯᠪᠠ᠃ ᠪᠥᠬᠦ ᠠᠶᠢᠮᠠᠭ ᠤᠨ ᠠᠩᠬᠠᠳᠠᠭᠴᠢ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠪᠤᠰᠬᠠᠬᠤ ᠶᠢ ᠲᠠᠶᠢᠴᠢᠯᠠᠬᠤ ᠬᠦᠷᠢᠶᠡᠯᠡᠩ ᠫᠠᠶᠢᠰᠠ ᠡᠯᠭᠦᠨ ᠪᠠᠶᠢᠭᠤᠯᠤᠭᠳᠠᠵᠤ᠂ 4 ᠵᠡᠭᠡᠯᠢ ᠭᠤᠳᠤᠮᠵᠢ ᠳᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠬᠤ ᠲᠤᠷᠰᠢᠯᠲᠠ ᠬᠢᠵᠦ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠬᠥᠭᠵᠢᠯᠲᠡ ᠶᠢᠨ ᠲᠦᠷᠭᠡᠨ ᠵᠠᠮ ᠳᠤ ᠣᠷᠣᠪᠠ᠃ ᠬᠥᠯ ᠪᠥᠮᠪᠦᠭᠡ ᠶᠢᠨ ᠨᠡᠶᠢᠭᠡᠮᠯᠢᠭ᠂ ᠵᠠᠯᠠᠭᠤᠴᠤᠳ ᠤᠨ ᠪᠣᠯᠪᠠᠰᠤᠷᠠᠯ ᠤᠨ ᠲᠥᠪ ᠢ ᠵᠢᠯᠣᠭᠤᠳᠤᠨ ᠪᠠᠶᠢᠭᠤᠯᠵᠤ 200 ᠬᠥᠮᠥᠨ ᠠᠴᠠ ᠳᠡᠭᠡᠭᠰᠢ ᠲᠠᠮᠢᠷᠴᠢᠨ ᠢ ᠪᠣᠯᠪᠠᠰᠤᠷᠠᠭᠤᠯᠵᠤ᠂ ᠪᠥᠬᠦ ᠤᠯᠤᠰ ᠤᠨ ᠫᠢᠩᠫᠤᠩ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠬᠤᠲᠠ ᠶᠢᠨ ᠮᠠᠷᠠᠽᠤᠨ ᠤ ᠤᠷᠤᠯᠳᠤᠭᠠᠨ ᠵᠡᠷᠭᠡ ᠤᠷᠤᠯᠳᠤᠭᠠᠨ ᠤ ᠠᠵᠢᠯᠯᠠᠭ᠎ᠠ ᠶᠢ ᠡᠷᠭᠢᠯᠡᠨ᠂ ᠣᠯᠠᠨ ᠲᠦᠮᠡᠨ ᠤ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ ᠶᠢ ᠵᠠᠭᠤ ᠭᠠᠷᠤᠢ ᠲᠠᠯᠠᠪᠤᠷ ᠥᠷᠨᠢᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠥᠷᠨᠢᠩᠭᠦᠢ ᠬᠥᠭᠵᠢᠭᠦᠯᠪᠡ᠃        ᠠᠮᠤᠷ ᠲᠦᠪᠰᠢᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠬᠤᠷᠢᠳᠤᠭᠠᠷ ᠶᠡᠭᠡ ᠬᠤᠷᠠᠯ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠲᠠᠯ᠎ᠠ ᠶᠢᠨ ᠲᠥᠪᠯᠡᠷᠡᠩᠭᠦᠢ ᠨᠢᠭᠡᠳᠦᠯᠲᠡᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠢᠯᠢ ᠠᠯᠤᠰᠯᠠᠭᠰᠠᠨ ᠰᠦᠯᠵᠢᠶ᠎ᠡ ᠪᠠᠷ ᠵᠣᠭᠤᠰ ᠨᠠᠭᠠᠳᠬᠤ᠂ ᠬᠤᠳᠠᠯ ᠢᠶᠠᠷ ᠪᠠᠷᠢᠮᠲᠠ ᠪᠢᠴᠢᠬᠦ ᠪᠠ ᠨᠠᠰᠤᠵᠢᠯ ᠤᠨ ᠮᠡᠬᠡᠯᠡᠯ ᠤᠨ ᠠᠵᠢᠯᠯᠠᠭ᠎ᠠ ᠵᠡᠷᠭᠡ ᠲᠣᠮᠣ ᠬᠡᠷᠡᠭ᠂ ᠴᠢᠬᠤᠯᠠ ᠬᠡᠷᠡᠭ ᠢ ᠠᠮᠵᠢᠯᠲᠠ ᠲᠠᠢ ᠲᠠᠩᠨᠠᠨ ᠢᠯᠡᠷᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷᠵᠢᠭᠦᠯᠵᠦ᠂ ᠨᠡᠩ ᠪᠠᠲᠤᠯᠠᠭ᠎ᠠ ᠲᠠᠢ ᠪᠣᠯᠭᠠᠪᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠺᠠᠳ᠋ᠷ ᠤᠯᠠᠨ ᠲᠦᠮᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠨᠡᠶᠢᠳᠡᠮ ᠳᠡᠭᠡᠭᠰᠢᠯᠡᠭᠦᠯᠪᠡ᠃ ᠬᠦᠴᠦ ᠪᠠᠨ ᠲᠥᠪᠯᠡᠷᠡᠭᠦᠯᠦᠨ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠤ ︽ᠳᠡᠭᠡᠭᠰᠢ ᠵᠠᠭᠠᠯᠳᠤᠯᠭ᠎ᠠ︾ ᠬᠢᠵᠦ ᠪᠠᠶᠢᠭᠰᠠᠨ ᠢ ᠺᠠᠳ᠋ᠷ ᠤᠨ ︽ᠳᠣᠷᠣᠭᠰᠢ ᠪᠠᠭᠤᠵᠤ ᠰᠤᠷᠪᠤᠯᠵᠢᠯᠠᠬᠤ︾ ᠪᠣᠯᠭᠠᠨ ᠬᠤᠪᠢᠷᠠᠭᠤᠯᠵᠤ᠂ ᠵᠠᠬᠢᠳᠠᠯ ᠰᠣᠷᠪᠤᠯᠵᠢᠯᠠᠯ ᠤᠨ ᠦᠯᠡᠳᠡᠭᠡᠯ ᠪᠠ ᠨᠡᠮᠡᠭᠳᠡᠯ ᠤᠨ ᠬᠡᠮᠵᠢᠶ᠎ᠡ ᠶᠢ ᠴᠥᠮ ᠪᠠᠭᠤᠷᠠᠭᠤᠯᠬᠤ ᠶᠢ ᠪᠡᠶᠡᠯᠡᠭᠦᠯᠵᠡᠢ᠃ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠨ ᠡᠷᠭᠢᠯᠡᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠲᠠ ᠶᠢ ᠳᠠᠬᠢᠨ ᠡᠭᠦᠳᠴᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠣᠷᠣᠨ ᠤ ᠵᠢᠱᠢᠶᠡᠴᠢ ᠨᠢᠭᠡᠴᠢ ᠪᠠᠷ ᠰᠤᠩᠭᠤᠭᠳᠠᠵᠠᠢ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶ᠎ᠡ + ᠬᠠᠤᠯᠢ ᠬᠡᠷᠡᠭᠵᠢᠭᠦᠯᠦᠯᠲᠡ︾ ᠶᠢᠨ ᠲᠤᠷᠰᠢᠯᠭ᠎ᠠ ᠠᠷᠭ᠎ᠠ ᠬᠢᠳᠡᠯ ᠢ ︽ᠳᠤᠮᠳᠠᠳᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠣᠨᠢᠨ︾ ᠳᠤ ᠨᠡᠶᠢᠲᠡᠯᠡᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ ᠨᠡᠯᠢᠶᠡᠳ ᠶᠡᠭᠡ ᠠᠶᠤᠯᠭᠦᠢ ᠦᠢᠯᠡᠳᠪᠦᠷᠢᠯᠡᠯ ᠤᠨ ᠡ᠊ᠨᠳᠡᠯ ᠭᠠᠷᠤᠭᠰᠠᠨ ᠦᠭᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠡᠵᠡᠮᠳᠡᠬᠦ ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠮᠥᠩᠭᠦᠨ ᠭᠦᠢᠯᠭᠡᠭᠡ᠂ ᠠᠮᠤ ᠪᠤᠳᠠᠭ᠎ᠠ ᠵᠡᠷᠭᠡ ᠵᠠᠩᠭᠢᠯᠠᠭ᠎ᠠ ᠶᠢᠨ ᠬᠦᠷᠢᠶᠡᠨ ᠳᠠᠬᠢ ᠠᠮᠤᠷ ᠲᠦᠪᠰᠢᠨ ᠤ ᠬᠢᠵᠠᠭᠠᠷ ᠱᠤᠭᠤᠮ ᠢ ᠪᠦᠬᠦ ᠲᠠᠯ᠎ᠠ ᠪᠠᠷ ᠰᠠᠬᠢᠵᠡᠢ᠃        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠢ ᠪᠥᠭᠡᠳ ᠪᠦᠲᠦᠮᠵᠢᠲᠡᠶ ᠬᠢᠪᠡ᠃ ︽ᠶᠡᠭᠡ ᠲᠣᠬᠢᠶᠠᠯᠳᠤᠮᠵᠢ︾ ᠶᠢᠨ ᠰᠡᠳᠬᠢᠬᠦᠢ ᠪᠠᠷ ︽ᠪᠠᠭ᠎ᠠ ᠲᠣᠬᠢᠶᠠᠯᠳᠤᠮᠵᠢ︾ ᠶᠢᠨ ᠬᠡᠷᠡᠭ ᠢ ᠰᠢᠢᠳᠪᠦᠷᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠴᠢᠩᠭ᠎ᠠ ᠠᠳᠬᠤᠪᠠ᠃ ᠠᠶᠢᠮᠠᠭ ᠬᠤᠳᠠ ᠶᠢᠨ 1.6 ᠲᠦᠮᠡᠨ ᠨᠠᠮ ᠤᠨ ᠭᠡᠰᠢᠭᠦᠨ ᠺᠠᠳ᠋ᠷ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠣᠷᠣᠯᠴᠠᠭᠤᠯᠵᠤ᠂ ᠲᠠᠶᠢᠨ ᠢᠶᠠᠷ ᠰᠤᠷᠭᠠᠭᠤᠯᠢᠯᠠᠯ ᠢ ᠣᠷᠣᠯᠠᠭᠤᠯᠤᠨ ᠬᠢᠵᠢᠭ ᠢ ᠡᠰᠡᠷᠭᠦᠴᠡᠬᠦ ︽ᠬᠤᠰᠢᠭᠤᠴᠢ︾ ᠶᠢ ᠳᠠᠪᠲᠠᠨ ᠪᠣᠯᠪᠠᠰᠤᠷᠠᠭᠤᠯᠪᠠ᠃ ︽ᠬᠤᠶᠠᠷ ᠢ ᠬᠦᠷᠭᠡᠬᠦ︾᠂ ᠲᠣᠮᠣ ᠳ᠋ᠠᠶᠢᠲ᠋ᠠ ᠪᠠᠷ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠡᠷᠢᠬᠦ ᠵᠡᠷᠭᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠲᠣᠭᠲᠠᠭᠠᠵᠤ᠂  ᠳᠠᠮᠵᠢᠭᠤᠯᠭ᠎ᠠ ᠶᠢᠨ ᠬᠡᠯᠬᠢᠶ᠎ᠡ ᠶᠢᠨ ᠴᠠᠭ ᠬᠤᠭᠤᠴᠠᠭ᠎ᠠ ᠶᠢ 24 ᠴᠠᠭ ᠪᠠᠶᠢᠭᠰᠠᠨ ᠠᠴᠠ 4 ᠴᠠᠭ ᠪᠣᠯᠭᠠᠨ ᠪᠠᠭᠠᠰᠬᠠᠵᠠᠢ᠃ ᠠᠬ᠎ᠠ ᠳᠡᠭᠦᠦ ᠬᠤᠰᠢᠭᠤ ᠰᠢᠶᠠᠨ ᠢ ᠬᠠᠪᠰᠤᠷᠤᠨ 3000 ᠭᠠᠷᠤᠢ ᠬᠥᠮᠥᠨ ︵ᠤᠳᠠᠭ᠎ᠠ︶ ᠢ ᠲᠤᠰᠠᠭᠠᠷᠯᠠᠨ ᠬᠠᠮᠢᠶᠠᠷᠤᠨ ᠡᠵᠡᠮᠳᠡᠵᠦ᠂ ᠠᠶᠢᠮᠠᠭ ᠤᠨ ᠳᠣᠲᠣᠨ᠎ᠠ ᠭᠠᠳᠠᠨ᠎ᠠ ᠲᠦᠷᠭᠡᠨ ᠲᠤᠰᠠᠯᠠᠬᠤ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ 500 ᠭᠠᠷᠤᠢ ᠬᠥᠮᠥᠨ ︵ᠤᠳᠠᠭ᠎ᠠ︶ ᠲᠣᠮᠢᠯᠠᠵᠤ᠂ ᠪᠥᠬᠦ ᠠᠶᠢᠮᠠᠭ ᠤᠨ ᠨᠤᠲᠤᠭ ᠲᠠᠭᠠᠨ ᠪᠤᠴᠠᠭᠰᠠᠨ ᠰᠣᠷᠣᠭᠴᠢ ᠶᠢ 1.5 ᠲᠦᠮᠡ ᠭᠥᠯᠢᠶᠡᠨ ᠠᠪᠴᠤ᠂ ᠲᠥᠪ ᠬᠤᠲᠠ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠷᠪᠠᠨ ᠤᠳᠠᠭᠠᠨ ᠤ ᠶᠡᠭᠡ ᠰᠢᠯᠭᠠᠯᠲᠠ ᠳᠤ ᠪᠦᠬᠦ ᠬᠤᠲᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ︾ ᠭᠡᠳᠡᠭ ᠢ ᠲᠠᠶᠢᠯᠪᠤᠷᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠨᠢᠭᠡᠳᠦᠯᠲᠡᠢ ᠲᠥᠯᠥᠪᠯᠡᠭᠰᠡᠨ ᠪᠠᠶᠢᠨ᠎ᠠ᠃        ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠷᠠᠳᠴᠢᠯᠠᠯ ᠲᠥᠪᠯᠡᠷᠡᠯ ᠤᠨ ᠶᠣᠰᠣ ᠪᠠ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ 224 ᠬᠤᠪᠢ ᠰᠠᠨᠠᠭᠤᠯᠭ᠎ᠠ᠂ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠪᠠ ᠰᠡᠳᠬᠢᠯ ᠬᠠᠨᠤᠮᠵᠢᠲᠠᠶ ᠪᠣᠯᠤᠭᠰᠠᠨ ᠨᠤᠷᠮ᠎ᠠ 100% ᠳᠤ ᠬᠦᠷᠪᠡ᠃ ᠰᠢᠯᠭᠠᠷᠠᠭᠰᠠᠨ ᠺᠠᠳ᠋ᠷ ᠤᠨ ᠡᠩᠨᠡᠭᠡ ᠶᠢ ᠶᠡᠭᠡ ᠪᠠᠷ ᠳᠠᠪᠲᠠᠨ ᠪᠣᠯᠪᠠᠰᠤᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠢᠯᠡᠴᠢᠯᠡᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠨᠠᠶᠢᠳᠠᠪᠤᠷᠢᠵᠢᠭᠤᠯᠬᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠪᠡ᠃        ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠣᠷᠣᠨ ᠲᠤᠭ᠎ᠠ᠂ ᠰᠣᠨᠢᠨ ᠮᠡᠳᠡᠭᠡ᠂ ᠲᠡᠦᠬᠡ ᠣᠶᠢᠯᠠᠯᠭ᠎ᠠ ᠲᠠᠩᠰᠠ ᠡᠪᠬᠡᠮᠡᠯ ᠪᠠ ᠪᠠᠶᠢᠭᠤᠯᠭ᠎ᠠ ᠶᠢᠨ ᠵᠠᠰᠠᠭ ᠤᠨ ᠶᠠᠪᠤᠳᠠᠯ᠂ ᠬᠡᠷᠡᠭ ᠶᠠᠪᠤᠳᠠᠯ ᠵᠡᠷᠭᠡ ᠠᠵᠢᠯ ᠪᠣᠳᠠᠲᠤ ᠦᠷ᠎ᠡ ᠪᠦᠲᠦᠮᠵᠢ ᠣᠯᠵᠤ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ᠂ ᠭᠠᠯ ᠰᠡᠷᠭᠡᠶᠢᠯᠡᠵᠦ ᠤᠨᠲᠠᠷᠠᠭᠠᠬᠤ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠲᠠᠰᠤᠷᠠᠯᠲᠠ ᠦᠭᠡᠢ ᠴᠢᠩᠭᠠᠷᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠠᠵᠢᠯ ᠬᠦᠴᠦᠲᠡᠢ ᠠᠬᠢᠵᠤ᠂ ᠮᠥᠩᠭᠦᠨ ᠭᠦᠢᠯᠭᠡᠭᠡ᠂ ᠳᠠᠭᠠᠳᠬᠠᠯ᠂ ᠴᠠᠬᠢᠯᠭᠠᠨ ᠬᠦᠴᠦᠨ ᠂ ᠴᠠᠭ ᠠᠭᠤᠷ᠂ ᠴᠢᠮᠡᠭᠡ ᠬᠤᠯᠪᠣᠭ᠎ᠠ ᠵᠡᠷᠭᠡ ᠠᠵᠢᠯ ᠡᠷᠡᠭᠦᠯ ᠢᠶᠠᠷ ᠬᠥᠭᠵᠢᠪᠡ︕        ᠲᠥᠯᠥᠭᠡᠯᠡᠭᠴᠢᠳ ᠠ᠋᠂ ᠡᠲᠡᠭᠡᠷ ᠠᠮᠵᠢᠯᠲᠠ ᠶᠢ ᠣᠯᠣᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ᠂ ᠪᠥᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠡ᠊ᠡᠳᠡ᠂ ᠪᠢ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠥᠩᠭᠡᠷᠡᠭᠰᠡᠨ ᠳᠤ ᠲᠤᠰᠢᠶᠠᠯ ᠳᠤ ᠪᠠᠶᠢᠭᠰᠠᠨ ᠠᠬᠠᠮᠠᠳ ᠤᠳᠤᠷᠢᠳᠤᠯᠭ᠎ᠠ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠳᠠᠷᠬᠠᠯᠠᠭᠳᠠᠭᠰᠠᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ᠂ ᠰᠢᠭᠤᠳ ᠬᠠᠮᠢᠶᠠᠷᠤᠯᠲᠠ ᠶᠢᠨ ᠨᠢᠭᠡᠴᠢ᠂ ᠤᠯᠠᠭᠠᠨᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠥᠬᠦᠳ᠂ ᠨᠠᠶᠢᠵᠠ ᠨᠠᠷ ᠲᠤ᠂ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕        ᠠᠮᠵᠢᠯᠲᠠ ᠪᠠᠨ ᠨᠤᠲᠠᠯᠠᠬᠤ ᠶᠢᠨ ᠬᠠᠮᠲᠤ᠂ ᠬᠢᠵᠢᠭ ᠤᠨ ᠪᠠᠶᠢᠳᠠᠯ ᠪᠠ ᠬᠤᠷᠸ᠎ᠠ ᠠᠵᠤ ᠠᠬᠤᠢ ᠶᠢᠨ ᠪᠠᠶᠢᠳᠠᠯ ᠤᠨ ᠨᠥᠯᠥᠭᠡ ᠠᠴᠠ ᠪᠣᠯᠵᠤ᠂ ᠤᠷᠤᠭᠰᠢᠯᠠᠯᠲᠠ ᠶᠢᠨ ᠳᠤᠮᠳᠠ ᠪᠠᠰᠠ ᠵᠠᠷᠢᠮ ᠲᠣᠪᠣᠶᠢᠮ᠎ᠠ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠵᠠᠢ᠂ ᠡᠭᠦᠨ ᠳᠤ ᠭᠤᠣᠯᠳᠠᠭᠤ᠄ ᠴᠢᠨᠠᠷ ᠰᠠᠶᠢᠲᠠᠢ ᠬᠥᠭᠵᠢᠯᠲᠡ ᠶᠢ ᠪᠠᠷᠢᠮᠵᠢᠶᠠᠯᠠᠪᠠᠯ᠂ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠳᠣᠣᠷ᠎ᠠ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠲᠦᠷᠦᠯ ᠵᠦᠢᠯ ᠴᠥᠭᠡᠨ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠴᠢᠳᠠᠪᠤᠷᠢ ᠪᠠᠭᠤᠷᠠᠢ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠴᠡᠭ ᠬᠠᠷᠠᠬᠠᠨ ᠪᠦᠷᠢᠯᠳᠦᠭᠡᠳᠦᠢ᠃ ᠪᠡᠯᠡ ᠲᠣᠬᠢᠷᠠᠭᠤᠯᠬᠤ ᠳᠤ ᠬᠦᠴᠢᠷᠲᠡᠢ᠂ ᠭᠠᠵᠠᠷ ᠬᠡᠷᠡᠭᠯᠡᠬᠦ ᠳᠤ ᠬᠦᠴᠢᠷᠲᠡᠢ᠂ ᠴᠢᠳᠠᠪᠤᠷᠢᠲᠠᠨ ᠲᠤᠲᠠᠭᠳᠠᠵᠤ ᠪᠠᠶᠢᠬᠤ ᠵᠡᠷᠭᠡ ᠪᠣᠭᠤᠮᠢ ᠬᠢᠵᠠᠭᠠᠷᠯᠠᠯ ᠢ ᠮᠥᠨ ᠬᠦ ᠪᠦᠲᠦᠮᠵᠢᠲᠡᠶ ᠰᠢᠢᠳᠪᠦᠷᠢᠯᠡᠵᠦ ᠴᠢᠳᠠᠭᠠᠳᠤᠢ ᠪᠠᠶᠢᠭᠰᠠᠭᠠᠷ᠃ ᠴᠢᠨᠠᠷ ᠰᠠᠶᠢᠳᠠᠢ ᠠᠷᠠᠳ ᠤᠨ ᠠᠮᠢᠳᠤᠷᠠᠯ ᠲᠠᠢ ᠬᠠᠷᠢᠴᠠᠭᠤᠯᠪᠠᠯ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠥᠨᠳᠥᠷ ᠪᠢᠰᠢ᠂ ᠵᠠᠶᠢᠯᠠᠰᠢ ᠦᠭᠡᠢ ᠵᠠᠷᠤᠯᠭ᠎ᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ︽ᠭᠤᠷᠪᠠ ᠶᠢ ᠪᠠᠲᠤᠯᠠᠬᠤ︾ ᠶᠢᠨ ᠳᠠᠷᠤᠯᠲᠠ ᠮᠥᠨ ᠬᠦ ᠨᠡᠯᠢᠶᠡᠳ ᠶᠡᠭᠡ ᠪᠠᠶᠢᠨ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠨᠢ ᠲᠥᠪ ᠬᠤᠳᠠ ᠶᠢᠨ ᠶᠡᠷᠦᠩᠬᠡᠢ ᠱᠠᠭᠠᠷᠳᠠᠯᠭ᠎ᠠ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠃ ᠥᠨᠳᠥᠷ ᠦᠷ᠎ᠡ ᠪᠦᠲᠦᠮᠵᠢ ᠲᠠᠢ ᠵᠠᠰᠠᠯᠲᠠ ᠲᠠᠢ ᠪᠠᠷᠢᠮᠵᠢᠶᠠᠯᠠᠪᠠᠯ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ︽ᠳᠥᠷᠪᠡᠨ ᠬᠠᠮᠤᠭ ᠤᠨ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠱᠠᠭᠠᠷᠳᠠᠯᠭ᠎ᠠ ᠠᠴᠠ ᠮᠥᠨ ᠬᠦ ᠵᠥᠷᠢᠶ᠎ᠡ ᠲᠠᠢ ᠪᠠᠶᠢᠭᠰᠠᠭᠠᠷ᠃ ᠬᠡᠰᠡᠭ ᠨᠠᠮ ᠤᠨ ᠭᠡᠰᠢᠭᠦᠨ ᠺᠠᠳ᠋ᠷ ᠶᠣᠰᠣ ᠳᠦᠷᠢᠮ ᠤᠨ ᠤᠬᠠᠮᠰᠠᠷ ᠢᠶᠠᠷ ᠠᠨᠠᠢ᠂ ᠠᠵᠢᠯ ᠤᠨ ᠦᠷ᠎ᠡ ᠪᠦᠲᠦᠮᠵᠢ ᠪᠠᠷ ᠳᠣᠣᠷ᠎ᠠ᠂ ᠣᠪᠣᠷ ᠰᠤᠷᠲᠠᠯ ᠨᠢ ᠯᠠᠪᠳᠠᠭᠤᠨ ᠪᠢᠰᠢ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠷᠢᠭᠲᠠᠢ ᠪᠠᠷ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠬᠢᠨᠠᠮᠠᠭᠠᠢ ᠰᠢᠢᠳᠪᠦᠷᠢᠯᠡᠨ᠎ᠠ᠃        2023 ᠣᠨ ᠤ ᠠᠵᠢᠯ ᠤᠨ ᠬᠠᠷᠠᠯᠲᠠ ᠪᠠ ᠭᠤᠣᠯ ᠡᠭᠦᠷᠭᠡ        ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠬᠥᠭᠵᠢᠯᠲᠡ ᠶᠢ ᠲᠦᠷᠭᠡᠳᠬᠡᠬᠦ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠰᠢᠨ᠎ᠡ ᠡᠬᠢᠯᠡᠯᠲᠡ ᠳᠤ ᠰᠢᠨ᠎ᠡ ᠳᠦᠷᠰᠦ ᠪᠠᠶᠢᠳᠠᠯ ᠲᠠᠢ ᠪᠠᠶᠢᠵᠤ᠂ ᠰᠢᠨ᠎ᠡ ᠡᠬᠢᠯᠡᠯᠲᠡ ᠳᠤ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ︕ ᠪᠢᠳᠡ ᠡᠷᠬᠡᠪᠰᠢ ᠦᠨᠡᠨ ᠬᠦ ᠠᠳᠬᠤᠵᠤ ᠪᠣᠳᠠᠲᠠᠢ ᠠᠵᠢᠯᠯᠠᠬᠤ ︽ᠴᠤᠭ ᠰᠦᠯᠳᠡ︾ ᠪᠠᠨ ᠪᠠᠳᠠᠷᠠᠭᠤᠯᠵᠤ᠂ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠬᠤ ︽ᠰᠢᠨ᠎ᠡ ᠠᠮᠵᠢᠯᠲᠠ ᠪᠦᠲᠦᠮᠵᠢ︾ ᠶᠢ ᠭᠠᠷᠭᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ  ᠪᠠᠷ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ︽ᠲᠥᠷᠥ ᠭᠦᠷᠦᠨ ᠪᠣᠯ ᠲᠠᠷᠤᠢ ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠥᠷᠥ ᠭᠦᠷᠦᠨ︾ ᠭᠡᠬᠦ ᠦᠨᠳᠦᠰᠦᠨ ᠵᠣᠭᠰᠣᠯᠲᠠ ᠳᠤ ᠪᠠᠲᠤ ᠵᠣᠭᠰᠣᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠲᠠᠪᠤᠨ ᠶᠡᠭᠡ ᠡᠭᠦᠷᠭᠡ︾ ᠶᠢ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠵᠤ᠂ ︽ᠭᠤᠷᠪᠠ ᠶᠢ ᠲᠣᠭᠲᠠᠭᠤᠨ ᠪᠠᠶᠢᠯᠭᠠᠬᠤ︾᠂ ︽ᠲᠠᠪᠤ ᠶᠢ ᠠᠬᠢᠭᠤᠯᠬᠤ︾ ᠶᠢ ᠰᠠᠶᠢᠲᠤᠷ ᠠᠳᠬᠤᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠠᠭᠠᠨᠬᠤᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃        ᠡᠨᠡ ᠵᠢᠯ ᠤᠨ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠰᠠᠨ ᠶᠡᠷᠦᠩᠬᠡᠢ ᠲᠤᠭ᠎ᠠ ᠶᠢ 4.5% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃        ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃        ᠨᠢᠭᠡ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠮᠢ ᠠᠬᠤᠢ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃        ᠴᠢᠬᠤᠯᠠ ᠶᠡᠭᠡ ᠲᠦᠷᠦᠯ ᠵᠦᠢᠯ ᠤᠨ ᠪᠣᠭᠤᠮᠲᠠ ᠰᠢᠪᠲᠤᠯᠬᠤ ᠳᠤ ᠬᠦᠴᠦ ᠪᠠᠨ ᠲᠥᠪᠯᠡᠷᠡᠭᠦᠯᠦᠨ᠎ᠡ᠃ ︽ᠠᠯᠢᠪᠠ ᠪᠦᠬᠦᠨ ᠲᠥᠷᠥᠯ ᠵᠦᠢᠯ ᠤᠨ ᠲᠣᠭᠤᠷᠢᠨ ᠳᠤ᠂ ᠠᠯᠢᠪᠠ ᠪᠦᠬᠦᠨ ᠳᠤ ᠲᠥᠷᠥᠯ ᠵᠦᠢᠯ ᠢ ᠠᠩᠬᠠᠷᠴᠤ ᠬᠢᠬᠦ︾ ᠶᠢ ᠪᠠᠷᠢᠮᠲᠠᠯᠠᠵᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠠᠭᠤᠷᠢ ᠲᠦᠬᠦᠭᠡᠷᠦᠮᠵᠢ ᠶᠢᠨ ᠲᠠᠰ ᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠠᠪᠠᠭᠤᠯᠢᠭ ᠢ ᠪᠠᠳᠠᠷᠠᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠢ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠨᠥᠭᠡᠴᠡᠯᠡᠬᠦ ᠲᠥᠷᠥᠯ ᠵᠦᠢᠯ ᠤᠨ ᠬᠡᠪᠴᠢᠶ᠎ᠡ ᠶᠢ 600 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠢ ᠠᠩᠭᠢ ᠪᠠᠷ ᠠᠬᠢᠭᠤᠯᠬᠤ᠂ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ ᠵᠡᠷᠭᠡ ᠬᠦᠴᠦᠲᠡᠢ ᠠᠷᠭ᠎ᠠ ᠬᠡᠮᠵᠢᠶ᠎ᠡ ᠶᠢ ᠠᠪᠴᠤ᠂ 86 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠳᠤᠮᠳᠠ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭ᠎ᠠ ᠠᠩᠬᠠᠷᠴᠤ᠂ ᠵᠣᠯᠭᠠᠭᠤᠯᠬᠤ ᠠᠵᠢᠯ ᠢ ᠰᠠᠶᠢᠲᠤᠷ ᠬᠢᠵᠦ ︽ᠬᠥᠳᠡᠯᠭᠡᠭᠡᠨᠲᠦ ᠪᠠᠶᠢᠯᠳᠤᠭᠠᠨ︾ ᠢ ᠠᠩᠬᠠᠷᠴᠤ᠂ ᠵᠢᠯ ᠤᠨ ᠳᠣᠲᠣᠷ᠎ᠠ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠣᠯᠬᠤ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠬᠤ ᠰᠠᠯᠪᠤᠷᠢ ᠪᠠᠭ᠎ᠠ ᠠᠩᠭᠢ ᠶᠢᠨ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ 7 ᠲᠠᠯ᠎ᠠ ᠶᠢᠨ ᠲᠣᠭᠤᠷᠢᠨ ᠳᠤ᠂ 11 ᠠᠵᠤ ᠦᠢᠯᠡᠰ ᠤᠨ ᠬᠡᠯᠬᠢᠶ᠎ᠡ ᠶᠢᠨ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ᠂ 80 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠣᠷᠣᠭᠤᠯᠤᠨ ᠠᠪᠴᠢᠷᠠᠨ᠎ᠠ᠃ ︽ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠥᠨᠳᠥᠷ ᠪᠦᠲᠦᠮᠵᠢᠲᠡᠢ ᠪᠠᠷ ᠠᠬᠢᠭᠤᠯᠵᠤ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠵᠤ᠂ ︽ᠠᠰᠢᠭᠯᠠᠭ᠎ᠠ ᠦᠭᠡᠢ︾ ᠡᠬᠢ ᠪᠠᠶᠠᠯᠢᠭ ᠢ ᠰᠡᠷᠭᠦᠭᠡᠨ᠎ᠡ᠃        ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠤᠭᠤᠮᠳᠠ ᠰᠢᠪᠳᠤᠯᠬᠤ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠳᠥᠷᠪᠡ ᠶᠢ ᠭᠦᠢᠴᠡᠳᠭᠡᠬᠦ︾᠂ ︽ᠮᠤᠵᠢ ᠠᠯᠤᠰᠯᠠᠨ ᠨᠢᠭᠡᠲᠦᠯᠲᠡᠢ ᠭᠦᠢᠴᠡᠳᠭᠡᠬᠦ︾ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠲᠤᠷᠰᠢᠯᠲᠠ ᠶᠢᠨ ᠲᠤᠷᠰᠢᠯᠭ᠎ᠠ ᠶᠢ ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠭᠠᠶᠢᠯᠢ ᠶᠢ ᠬᠥᠩᠭᠡᠯᠡᠵᠦ ᠰᠦᠢᠳᠬᠡᠯ  ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠥᠩᠭᠦᠨ ᠭᠦᠢᠯᠭᠡᠭᠡᠨ ᠤ ᠴᠢᠯᠦᠭᠡᠳᠦ ᠳᠡᠯᠭᠡᠭᠦᠷ ᠤᠨ ᠳᠠᠷᠤᠭ᠎ᠠ ᠶᠢᠨ ︽ᠭᠠᠷᠠᠭ ᠤᠨ ᠨᠢᠭᠡᠨ ᠳᠤ ᠠᠭᠤᠯᠵᠠᠬᠤ︾ ᠠᠵᠢᠯᠯᠠᠭ᠎ᠠ ᠶᠢ ᠥᠷᠨᠢᠭᠦᠯᠵᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠦᠢᠯᠡᠴᠢᠯᠡᠭᠡ ᠵᠢᠯᠣᠭᠤᠳᠤᠯᠭ᠎ᠠ ᠳᠠᠶᠢᠰᠢ ᠬᠤᠪᠢᠷᠠᠭᠤᠯᠬᠤ ᠶᠢ ᠠᠬᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 5000 ᠡᠷᠦᠬᠡ ᠰᠢᠨ᠎ᠡ ᠪᠠᠷ ᠨᠡᠮᠡᠭᠳᠡᠭᠦᠯᠵᠦ᠂ 12% ᠠᠴᠠ ᠳᠡᠭᠡᠭᠰᠢ ᠨᠡᠮᠡᠭᠳᠡᠭᠦᠯᠦᠨ᠎ᠡ᠃ ︽12345︾ ᠬᠠᠮᠢᠶᠠᠷᠤᠯᠲᠠ ᠶᠢᠨ ᠲᠣᠭᠲᠠᠴᠠ ᠪᠠ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠯᠠᠮᠰᠢᠯ ᠤᠲᠠᠰᠤ ᠶᠢ ᠨᠠᠩ ᠣᠨᠣᠪᠴᠢᠲᠠᠶ ᠬᠤᠪᠢᠶᠠᠷᠢᠯᠠᠵᠤ᠂ ᠶᠠᠪᠤᠳᠠᠯ ᠭᠦᠢᠴᠡᠳᠭᠡᠬᠦ ᠶᠢ ᠨᠠᠩ ᠲᠦᠷᠭᠡᠨ  ᠪᠣᠯᠭᠠᠨ᠎ᠠ᠃ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠪᠠ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢ ᠥᠨᠳᠥᠷ ᠪᠦᠲᠦᠮᠵᠢᠲᠡᠶ ᠠᠵᠢᠯᠯᠠᠭᠤᠯᠵᠤ᠂ ᠣᠷᠣᠨ ᠰᠠᠭᠤᠴᠠ ᠶᠢᠨ ᠭᠠᠵᠠᠷ ᠢ ᠡᠷᠴᠢᠮᠵᠢᠭᠦᠯᠦᠨ ᠠᠰᠢᠭᠯᠠᠬᠤ ᠤᠯᠠᠭᠠᠨᠬᠤᠲᠠ ᠶᠢᠨ ᠥᠯᠢᠭᠡᠷ ᠳᠠᠭᠤᠷᠢᠶᠠᠯ ᠢ ᠪᠣᠶ ᠪᠣᠯᠭᠠᠨ᠎ᠠ᠃ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠠᠩᠴᠦ᠋ᠨ ᠤ ᠠᠵᠤ ᠠᠬᠤᠢ ᠶᠢᠨ ᠲᠣᠭᠤᠷᠢᠭ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠪᠠᠷ ᠠᠭᠤᠰᠤᠯᠴᠠᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 5000 ᠲᠦᠮᠡᠨ ᠲᠥᠭᠦᠷᠢᠭ᠂ 5% ᠶᠢᠨ ᠨᠡᠮᠡᠭᠳᠡᠯ ᠢ ᠪᠡᠶᠡᠯᠡᠭᠦᠯᠦᠨ᠎ᠡ᠃        ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠬᠦᠴᠦ ᠪᠠᠨ ᠲᠦᠪᠯᠡᠷᠡᠭᠦᠯᠦᠨ᠎ᠡ᠃ ︽ᠬᠤᠶᠠᠷ ᠠᠭᠤᠯᠠ︾ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠢ ᠨᠢᠭᠡ ᠴᠣᠭᠴᠠᠵᠢᠭᠤᠯᠤᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠡᠷᠭᠢ ᠲᠤᠬᠤᠢ ᠶᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠢᠶᠣᠣ ᠵᠧᠦ ᠵᠢᠶᠠ ᠭᠧᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ︽ᠨᠠᠷᠠᠲᠠᠢ ᠬᠠᠷᠢᠭᠤᠴᠠᠯᠭ᠎ᠠ ᠲᠠᠢ︾ ᠪᠠᠶᠢᠭᠰᠠᠨ ᠠᠴᠠ ᠪᠠᠨ ︽ᠴᠢᠳᠠᠪᠤᠷᠢ ᠲᠠᠢ ᠪᠥᠭᠡᠳ ᠪᠦᠲᠦᠮᠵᠢᠲᠡᠶ︾ ᠪᠣᠯᠬᠤ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠤᠰ ᠡᠵᠡᠮᠳᠡᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠧᠩ ᠨᠧᠩ ᠢᠯᠴᠢ ᠴᠠᠬᠢᠯᠭᠠᠨ᠂ ᠬᠤᠸᠠ ᠨᠧᠩ ᠢᠯᠴᠢ ᠴᠠᠬᠢᠯᠭᠠᠨ ᠤ ᠣᠷᠴᠢᠨ ᠲᠣᠭᠤᠷᠢᠨ ᠢ ᠬᠠᠮᠠᠭᠠᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢ ᠴᠢᠩᠭᠠᠷᠠᠭᠤᠯᠤᠨ᠂ ᠤᠯᠤᠰ ᠤᠨ ᠲᠠᠰ ᠤᠨ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠵᠣᠷᠢᠭᠵᠢᠭᠤᠯᠤᠯ ᠤᠨ ᠬᠤᠲᠠ ᠶᠢ ᠴᠢᠷᠮᠠᠶᠢᠨ ᠪᠠᠶᠢᠭᠤᠯᠣᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠵᠤ᠂ ᠡᠰᠢ ᠰᠦᠷᠡᠯ᠂ ᠮᠠᠯ ᠵᠢᠭᠦᠷᠲᠡᠨ ᠤ ᠢᠯᠭᠠᠳᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠴᠥᠮ 90% ᠠᠴᠠ ᠳᠡᠭᠡᠭᠰᠢ ᠳᠤ ᠬᠦᠷᠭᠡᠨ᠎ᠡ᠃ ᠪᠥᠬᠦ ᠵᠢᠯ ᠳᠤ ᠪᠥᠬᠦ ᠣᠷᠣᠨ ᠪᠦᠰᠡ ᠪᠠᠷ ᠢᠶᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠡᠰᠢ ᠰᠦᠷᠡᠯ ᠢ ᠰᠢᠲᠠᠭᠠᠬᠤ᠂ ᠬᠠᠤᠯᠢ ᠪᠤᠰᠤ ᠪᠠᠷ ᠵᠢᠭᠠᠰᠤ ᠠᠩᠨᠠᠬᠤ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢ ᠬᠢᠨᠠᠨ ᠬᠠᠮᠢᠶᠠᠷᠴᠤ ᠵᠠᠰᠠᠬᠤ ᠶᠢ ᠴᠢᠩᠭᠠᠳᠬᠠᠨ᠂ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ᠃        ᠬᠤᠶᠠᠷ᠂ ᠲᠦᠷᠦᠯ ᠵᠦᠢᠯ ᠢ ᠠᠳᠬᠤᠬᠤ᠂ ᠰᠠᠭᠤᠷᠢ ᠶᠢ ᠪᠠᠲᠤᠳᠬᠠᠬᠤ᠂ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠡᠰ ᠲᠡᠪᠰᠢᠯᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃        ᠨᠥᠭᠡᠴᠡ ᠬᠦᠴᠦᠨ ᠢ ᠠᠭᠤᠳᠠᠯᠵᠤ ᠠᠵᠤ ᠦᠢᠯᠡᠰ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠎ᠡ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠲᠡᠮᠦᠷᠯᠢᠭ ᠬᠠᠶᠢᠯᠤᠭᠤᠯᠬᠤ᠂ ᠶᠠᠩᠵᠤᠤᠷ ᠲᠠᠮᠠᠬᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠢᠯᠡᠷᠡᠭᠦᠯᠬᠦ᠂ ᠮᠡᠷᠭᠡᠵᠢᠯ ᠢᠶᠠᠨ ᠥᠭᠡᠷᠡᠴᠢᠯᠡᠨ ᠲᠠᠰ ᠳᠡᠪᠰᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 255 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.5% ᠪᠠᠷ ᠨᠡᠮᠡᠭᠳᠡᠭᠦᠯᠦᠨ᠎ᠡ᠃ ᠲᠠᠮᠠᠬᠢᠨ ᠤ ᠦᠢᠯᠡᠳᠪᠦᠷᠢ ᠶᠢᠨ ᠦᠢᠯᠡᠳᠬᠦᠨ ᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠳᠠᠬᠢᠨ 1 ᠲᠦᠮᠡᠨ ᠲᠣᠮᠣ ᠬᠠᠶᠢᠷᠴᠠᠭ ᠦᠢᠯᠡᠳᠪᠦᠷᠢᠯᠡᠯ ᠤᠨ ᠭᠦᠢᠴᠡᠳᠬᠡᠯ ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠠᠰᠢᠭ ᠭᠠᠶᠢᠯᠢ ᠶᠢ 40 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠫᠠᠶᠢᠰᠠ ᠶᠢᠨ ᠳᠦᠷᠢ ᠲᠥᠷᠬᠦ ᠳᠤ ᠲᠦᠰᠢᠭᠯᠡᠨ᠂ ᠬᠢᠩᠭᠠᠨ ᠠᠲᠠᠷ ᠬᠠᠭᠠᠯᠪᠤᠷᠢᠯᠠᠯᠲᠠ᠂ ᠺᠧ ᠴᠢᠨ ᠸᠠᠨ ᠵᠢᠶᠠ᠂ ᠲᠠᠯ᠎ᠠ ᠨᠤᠲᠤᠭ ᠤᠨ ᠰᠠᠨ ᠾᠧ ᠵᠡᠷᠭᠡ ᠠᠵᠤ ᠠᠬᠤᠶᠢᠯᠠᠯ ᠤᠨ ᠬᠤᠯᠪᠤᠭᠠᠯᠠᠨ ᠬᠥᠭᠵᠢᠬᠦ ᠶᠢ ᠬᠥᠲᠥᠯᠥᠨ ᠵᠢᠯᠤᠭᠤᠳᠴᠤ᠂ ᠮᠧᠩ ᠨᠢᠦ ᠰᠦ ᠶᠢᠨ ᠦᠢᠯᠡᠰ᠂ ᠬᠤᠩ ᠴᠧᠩ ᠰᠦ ᠶᠢᠨ ᠦᠢᠯᠡᠰ ᠤᠨ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠲᠠᠴᠢ ᠮᠣᠩᠭᠤᠯ ᠡᠮ ᠤᠨ ᠤᠯᠠᠭᠠᠨ ᠴᠠᠨ᠎ᠠ ᠶᠢᠨ ᠦᠷᠡᠯ ᠡᠮ ᠵᠡᠷᠭᠡ ᠰᠢᠨ᠎ᠡ ᠦᠢᠯᠡᠳᠬᠦᠨ ᠢ ᠰᠤᠳᠤᠯᠤᠨ ᠦᠶᠯᠡᠳᠬᠦ ᠶᠢ ᠳᠡᠮᠵᠢᠵᠦ᠂ ᠪᠥᠬᠦ ᠠᠶᠢᠮᠠᠭ ᠤᠨ ᠠᠩᠬᠠᠳᠠᠭᠴᠢ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯᠬᠤ ᠶᠢ ᠬᠦᠴᠦᠯᠡᠨ ᠠᠬᠢᠭᠤᠯᠤᠨ᠎ᠠ᠃ ︽ᠪᠠᠭ᠎ᠠ ᠵᠢᠵᠢᠭ ᠠᠵᠤ ᠠᠬᠤᠶᠢᠯᠠᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠬᠤ︾ ᠶᠢ ᠬᠥᠮᠦᠵᠢᠭᠦᠯᠬᠦ ᠶᠢ ᠰᠠᠶᠢᠲᠤᠷ ᠠᠳᠬᠤᠵᠤ᠂ 4 ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 45 ᠪᠣᠯᠭᠠᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠵᠢᠵᠢᠭ ᠬᠡᠪᠴᠢᠶ᠎ᠡ ᠪᠠᠷ᠂ ᠨᠠᠷᠢᠯᠢᠭᠵᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠢᠳᠡᠭᠡᠨ ᠡᠳ᠋ᠰᠢᠭᠦᠯᠬᠦ ᠲᠣᠭᠤᠷᠢᠭ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠷᠢᠳᠴᠢᠯᠠᠨ ᠬᠢᠭᠰᠡᠨ ᠨᠣᠭᠤᠭ᠎ᠠ᠂ ᠪᠤᠷᠴᠠᠭ ᠤᠨ ᠢᠳᠡᠭᠡᠨ᠂ ᠪᠣᠭᠤᠷᠰᠤᠭ ᠵᠡᠷᠭᠡ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠴᠤᠭᠯᠠᠷᠠᠨ ᠵᠢᠷᠤᠮᠵᠢᠵᠤ ᠬᠥᠭᠵᠢᠬᠦ ᠶᠢ ᠠᠬᠢᠭᠤᠯᠤᠨ᠎ᠠ᠃        ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ ᠠᠵᠤ ᠦᠢᠯᠡᠳᠪᠦᠷᠢ ᠶᠢᠨ ᠰᠠᠭᠤᠷᠢ ᠶᠢ ᠪᠤᠵᠠᠭᠠᠶᠢᠷᠠᠭᠤᠯᠤᠨ᠎ᠠ ᠃ ᠲᠥᠷᠥᠯ ᠵᠦᠢᠯ ᠢᠶᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 22 ᠬᠡᠷᠡᠭᠵᠢᠭᠦᠯᠵᠦ᠂ ᠵᠢᠯ ᠤᠨ ᠳᠣᠲᠣᠷ᠎ᠠ 17 ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ ᠮᠡᠷᠭᠡᠵᠢᠯ  ᠢᠶᠠᠨ ᠲᠠᠰ ᠳᠡᠪᠰᠢᠭᠦᠯᠬᠦ᠂ ᠬᠤᠷᠣᠭᠳᠠᠯ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠳᠡᠮᠵᠢᠵᠦ᠂ 1200 ᠪᠣᠰᠤᠭ᠎ᠠ ᠳᠥᠷᠪᠡᠯᠵᠢᠨ ᠮᠧᠲᠷ ᠤᠨ ᠥᠨᠳᠥᠷ ᠵᠤᠤᠬ᠎ᠠ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠂ ᠰᠢᠲᠠᠭᠠᠨ ᠬᠡᠪᠰᠢᠬᠦᠯᠬᠦ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠬᠦ ᠲᠥᠷᠥᠯ ᠵᠦᠢᠯ ᠢ ᠡᠬᠢᠯᠡᠭᠦᠯᠵᠦ᠂ ᠪᠥᠬᠦ ᠠᠶᠢᠮᠠᠭ ᠤᠨ ᠠᠩᠬᠠᠳᠠᠭᠴᠢ ᠦᠢᠯᠡᠳᠬᠦᠨ ᠤ ᠥᠷᠲᠡᠭ ᠨᠢ 70 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ ᠴᠣᠭᠴᠠᠯᠠᠨ᠎ᠠ᠃ ᠰᠢᠤᠸᠠᠢ ᠬᠤᠸᠠ ᠫᠢᠸᠤ᠋ ᠶᠢᠨ ᠲᠥᠪᠯᠡᠷᠡᠭᠦᠯᠦᠨ ᠡᠵᠡᠮᠳᠡᠬᠦ ᠣᠶᠤᠨᠴᠢᠯᠠᠭᠰᠠᠨ ᠥᠭᠡᠷᠡᠴᠢᠯᠡᠯᠲᠡ᠂ ᠮᠧᠩ ᠨᠧᠩ ᠢᠯᠴᠢ ᠴᠠᠬᠢᠯᠭᠠᠨ ᠤ ᠣᠶᠤᠨᠲᠤ ᠴᠠᠬᠢᠯᠭᠠᠨ ᠤ ᠦᠢᠯᠡᠳᠪᠦᠷᠢ᠂ ᠳ᠋ᠧ ᠶᠤᠸᠠᠨ ᠤᠮᠳᠠᠭᠠᠨ ᠤ ᠣᠶᠤᠨᠴᠢᠯᠠᠭᠰᠠᠨ ᠰᠢᠢᠳᠪᠦᠷᠢᠯᠡᠬᠦ ᠰᠢᠰᠲ᠋ᠧᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠳᠠᠯᠳᠠ ᠬᠦᠴᠦᠨ ᠲᠠᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ ᠪᠠᠢ ᠢ ᠡᠮ ᠦᠶᠯᠡᠳᠬᠦ ᠦᠢᠯᠡᠳᠪᠦᠷᠢᠯᠡᠯ ᠤᠨ ᠲᠠᠰᠤᠭ ᠤᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠡᠦᠬᠡᠳ ᠤᠨ ᠨᠡᠶᠢᠯᠡᠮᠡᠯ ᠰᠢᠪᠲᠦᠷᠲᠦ ᠬᠦᠴᠢᠯ ᠤᠨ ᠲᠠᠷᠢᠯᠭ᠎ᠠ ᠶᠢᠨ ᠰᠢᠩᠭᠡᠨ ᠢ ᠤᠯᠤᠰ ᠤᠨ ᠳᠣᠲᠣᠭᠠᠳᠤ ᠶᠢᠨ ᠠᠩᠬ᠎ᠠ ᠡᠭᠦᠳᠦᠭᠰᠡᠨ ᠦᠢᠯᠡᠳᠬᠦᠨ ᠳᠤ ᠮᠡᠳᠡᠭᠦᠯᠬᠦ ᠶᠢ ᠠᠬᠢᠭᠤᠯᠵᠤ᠂ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠭᠦ ᠶᠢ ᠠᠬᠢᠭᠤᠯᠣᠨ᠎ᠠ᠃ ᠪᠥᠸᠧ ᠶᠤᠸᠠᠨ ᠬᠢᠮᠢ ᠶᠢᠨ ᠪᠣᠬᠢᠷᠳᠤᠯ ᠦᠭᠡᠢ ᠨᠡᠶᠢᠯᠡᠯᠭᠡ ᠰᠢᠪᠲᠦᠷ ᠤᠨ ᠲᠤᠷᠰᠢᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠳᠡᠭᠡᠭᠰᠢ ᠤᠷᠲᠤᠳᠬᠠᠵᠤ᠂ ᠵᠢᠩ ᠨᠧᠩ ᠪᠣᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠶᠯᠡᠳᠬᠦ᠂ ᠵᠦᠩ ᠨᠧᠩ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠶᠢᠭᠤᠯᠬᠤ ᠵᠡᠷᠭᠡ ᠴᠡᠪᠡᠷ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠲᠠᠯᠠᠪᠤᠷ ᠢ ᠡᠭᠦᠳᠦᠨ ᠪᠠᠶᠢᠭᠤᠯᠤᠨ᠎ᠠ᠃ ᠭᠠᠵᠠᠷ ᠰᠢᠷᠣᠢ ᠶᠢᠨ ᠡᠵᠡᠩᠨᠡᠯᠲᠡ ᠶᠢᠨ ᠣᠶᠢᠯᠠᠭᠠᠭᠳᠠᠬᠤᠨ ᠢ ᠴᠢᠩᠭᠠᠷᠠᠭᠤᠯᠤᠨ᠂ ᠭᠠᠩ ᠲᠢᠶᠧ ᠵᠡᠭᠡᠯᠢ ᠶᠢᠨ ᠡᠮᠦᠨ᠎ᠡ ᠲᠠᠯ᠎ᠠ ᠶᠢᠨ 1800 ᠮᠦ ᠭᠠᠵᠠᠷ ᠰᠢᠷᠣᠢ ᠶᠢ ᠬᠤᠭᠤᠴᠠᠭ᠎ᠠ ᠬᠤᠪᠢᠶᠠᠨ ᠬᠤᠷᠢᠶᠠᠨ ᠨᠥᠭᠡᠴᠡᠯᠡᠵᠦ᠂ ᠠᠵᠤ ᠦᠢᠯᠡᠳᠪᠦᠷᠢ ᠶᠢᠨ ︽ᠪᠠᠷᠢᠮᠵᠢᠶᠠᠲᠤ ᠭᠠᠵᠠᠷ︾ ᠢ ᠦᠷᠭᠦᠯᠵᠢᠯᠡᠨ ᠪᠣᠶ ᠪᠣᠯᠭᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃        ᠭᠤᠷᠪᠠ᠂ ᠳᠤᠲᠠᠭᠤᠳᠠᠯ ᠢ ᠨᠥᠬᠦᠪᠦᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠬᠠᠮᠢᠶᠠᠷᠤᠯᠲᠠ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠤᠳᠤ ᠦᠶ᠎ᠡ ᠶᠢᠨ ᠠᠮᠢ ᠠᠬᠤᠢ ᠶᠢᠨ ᠬᠤᠳᠠ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃        ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠨ᠎ᠡ᠃ ᠰᠠᠭᠤᠷᠢ ᠲᠠᠯᠪᠢᠬᠤ ᠪᠠ ᠠᠯᠤᠰ ᠬᠡᠳᠤ ᠳᠤ ᠰᠠᠭᠤᠷᠢᠯᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠤᠳᠠ ᠶᠢ ᠵᠠᠰᠠᠨ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠳᠠ ᠶᠢᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠂ ︽ᠭᠤᠷᠪᠠᠨ ᠣᠷᠣᠨ ᠭᠤᠷᠪᠠᠨ ᠱᠣᠭᠤᠮ︾ ᠢ ᠴᠢᠩᠭ᠎ᠠ ᠰᠠᠬᠢᠵᠤ᠂ ᠭᠠᠵᠠᠷ ᠰᠢᠷᠣᠢ ᠶᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠰᠢᠯᠵᠢᠭᠦᠯᠦᠨ ᠵᠢᠭᠡᠯᠡᠭᠦᠯᠬᠦ ᠬᠡᠯᠡᠯᠴᠡᠭᠡᠷ ᠢ ᠲᠦᠷᠭᠡᠪᠴᠢᠯᠡᠨ ᠲᠣᠭᠲᠠᠭᠠᠵᠤ᠂ ᠭᠥᠩ ᠶᠧ ᠶᠡᠭᠡ ᠵᠠᠮ᠂ ᠲᠤᠭᠤᠷ ᠤᠨ ᠭᠤᠣᠯ ᠡᠮᠦᠨ᠎ᠡ ᠵᠠᠮ ᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ 17 ᠲᠦᠷᠦᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ ᠬᠤᠳᠠ ᠶᠢᠨ ᠪᠠᠷᠠᠭᠤᠨ ᠡᠮᠦᠨᠡᠬᠢ ᠬᠤᠲᠠ ᠲᠣᠭᠤᠷᠢᠭᠰᠠᠨ ᠲᠦᠷᠭᠡᠨ ᠤ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠵᠤ᠂ ᠬᠤᠲᠠ ᠲᠣᠭᠤᠷᠢᠭᠰᠠᠨ ᠪᠠᠷᠠᠭᠤᠨ ᠵᠠᠮ᠂ ᠠᠵᠤ ᠦᠢᠯᠡᠳᠪᠦᠷᠢ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨᠬᠤᠲᠠ ᠠᠴᠠ ᠷᠠᠰᠢᠶᠠᠨ ᠬᠦᠷᠬᠦ ᠳᠦᠷᠭᠡᠨ ᠤ ᠭᠠᠯᠳᠤ ᠲᠡᠷᠭᠡ ᠶᠢᠨ ᠴᠣᠭᠴᠠᠯᠠᠪᠤᠷᠢ ᠶᠢᠨ ᠲᠥᠷᠥᠯ ᠵᠦᠢᠯ ᠤᠨ ᠠᠵᠢᠯ ᠡᠬᠢᠯᠡᠭᠦᠯᠬᠦ ᠳᠤ ᠬᠦᠴᠦ ᠨᠡᠮᠡᠷᠢᠯᠡᠵᠦ᠂ ᠬᠤᠲᠠ ᠶᠢᠨ ᠭᠠᠳᠠᠨᠠᠬᠢ ᠡᠷᠭᠢᠯᠲᠡ ᠶᠢ ᠨᠡᠪᠲᠡᠷᠡᠭᠦᠯᠦᠨ᠎ᠡ᠃ ᠲᠤᠭᠤᠷ ᠤᠨ ᠭᠤᠤᠯ ᠬᠤᠶᠢᠲᠤ ᠵᠠᠮ᠂ ᠲᠠᠢ ᠨᠢᠩ ᠵᠡᠭᠡᠯᠢ᠂ ᠬᠤᠩ ᠰᠢᠩ ᠵᠡᠭᠡᠯᠢ ᠵᠡᠷᠭᠡ 14 ᠵᠤᠷᠪᠤᠰ ᠵᠠᠮ᠂ 20 ᠺᠢᠯᠣᠮᠧᠲᠷ ᠪᠦᠲᠦᠭᠡᠨ ᠪᠠᠶᠢᠭᠤᠯᠵᠤ᠂ ᠬᠤᠲᠠ ᠶᠢᠨ ᠳᠣᠲᠣᠷᠠᠬᠢ ᠡᠷᠭᠢᠯᠲᠡ ᠶᠢ ᠰᠠᠭᠠᠳ ᠦᠭᠡᠢ ᠨᠡᠪᠲᠡᠷᠡᠭᠦᠯᠦᠨ᠎ᠡ᠃ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠾᠧ ᠳ᠋ᠦᠩ ᠲᠣᠭᠤᠷᠢᠭ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠦᠷᠦᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ 13 ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠴᠡᠨᠡᠭᠯᠡᠬᠦ ᠦᠷᠳᠡᠭᠡ ᠪᠠᠶᠢᠭᠤᠯᠵᠤ᠂ 5 ᠬᠤᠭ ᠨᠣᠪᠰᠢ ᠳᠠᠮᠵᠢᠭᠤᠯᠬᠤ ᠦᠷᠳᠡᠭᠡ᠂ 7 ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠰᠢᠶᠠᠩ ᠶᠠᠩ ᠵᠡᠭᠡᠯᠢ᠂ ᠹᠦ᠋ ᠮᠢᠨ ᠵᠠᠮ ᠵᠡᠷᠭᠡ ᠪᠣᠷᠣᠭᠠᠨ ᠤ ᠤᠰᠤ᠂ ᠤᠰᠤ ᠬᠠᠩᠭᠠᠬᠤ ᠬᠤᠭᠤᠯᠠᠢ ᠲᠣᠣᠷ ᠢ 10 ᠺᠢᠯᠣᠮᠧᠲᠷ ᠰᠢᠨᠡᠳᠬᠡᠨ ᠪᠠᠶᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃        ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠢ ᠬᠥᠭᠵᠢᠭᠦᠯᠦᠨ ᠮᠠᠨᠳᠤᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠢᠩ ᠾᠧ ᠭᠥᠸᠧ ᠵᠢᠢ C ᠣᠷᠳᠣᠨ᠂ ᠭᠠᠢ ᠶᠠ ᠭᠥᠸᠧ ᠵᠢᠢ ᠬᠤᠶᠠᠳᠤᠭᠠᠷ ᠬᠤᠭᠤᠴᠠᠭ᠎ᠠ ᠵᠡᠷᠭᠡ 23 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠠᠵᠢᠯ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠪᠣᠷᠤᠯᠠᠭᠤᠯᠭ᠎ᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠳᠥᠭᠦᠮ ᠪᠦᠳᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠨ ᠵᠢᠦᠢ᠂ ᠸᠠᠩ ᠤᠨ ᠣᠷᠳᠣᠨ ᠤ ᠰᠢᠨ᠎ᠡ ᠲᠣᠰᠬᠤᠨ ᠵᠡᠷᠭᠡ 88᠂ 65 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠨ ᠵᠠᠰᠠᠵᠤ᠂ ︽ᠳᠥᠷᠪᠡᠨ ᠤᠰᠤ᠂ ᠳᠥᠷᠪᠡᠨ ᠢ ᠪᠣᠢ ᠪᠣᠯᠭᠠᠬᠤ᠂ ᠬᠤᠶᠠᠷ ᠳᠤᠯᠠᠭᠠᠯᠠᠭ᠎ᠠ ︾ ᠶᠢ ᠶᠡᠷᠦᠩᠬᠡᠶᠢᠯᠡᠨ ᠵᠠᠰᠠᠵᠤ᠂ ᠣᠯᠠᠨ ᠲᠦᠮᠡᠨ ᠢ ᠨᠠᠩ ᠲᠠᠭᠠᠯᠠᠮᠵᠢᠲᠠᠢ᠂ ᠨᠠᠩ ᠬᠠᠯᠠᠭᠤᠨ ᠳᠤᠯᠠᠭᠠᠨ ᠠᠮᠢᠳᠤᠷᠠᠭᠤᠯᠤᠨ᠎ᠠ᠃ ᠣᠶᠤᠨᠲᠤ ᠨᠡᠶᠢᠲᠡ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠨᠡᠶᠢᠲᠡ ᠶᠢᠨ ᠵᠠᠮ ᠬᠠᠷᠢᠯᠴᠠᠭᠠᠨ ᠤ 9 ᠱᠤᠭᠤᠮ ᠢ ᠰᠢᠯᠢᠳᠡᠭᠵᠢᠭᠦᠯᠦᠨ᠂ ᠤᠯᠠᠭᠠᠨᠬᠤᠲᠠ ᠲᠡᠷᠭᠡᠨ ᠥᠷᠲᠡᠭᠡ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠥᠪ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠠᠭᠠᠯᠠᠮᠵᠢᠲᠠᠢ ᠪᠥᠭᠡᠳ ᠳᠥᠭᠦᠮ ᠳᠥᠲᠡ ᠪᠣᠯᠭᠠᠨ᠎ᠠ᠃        ᠬᠤᠳᠠ ᠶᠢᠨ ᠨᠠᠷᠢᠯᠢᠭ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠪᠠ ᠰᠤᠯᠠ ᠲᠠᠯᠪᠢᠭᠰᠠᠨ ᠭᠠᠵᠠᠷ ᠰᠢᠷᠣᠢ ᠶᠢ ᠬᠥᠳᠡᠯᠦᠩᠭᠦᠢ ᠪᠠᠷ ᠠᠮᠢᠳᠤᠯᠢᠭ ᠪᠣᠯᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ ᠴᠢᠷᠮᠠᠶᠢᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠡᠭᠡᠯᠢ ᠲᠠᠬᠢ ᠦᠯᠡᠳᠡᠭᠳᠡᠯ ᠭᠡᠷ ᠪᠠᠶᠢᠰᠢᠩ ᠢ ᠲᠦᠷᠭᠡᠪᠴᠢᠯᠡᠨ ᠲᠠᠲᠠᠪᠤᠷᠢᠯᠠᠵᠤ᠂ ᠭᠤᠣᠯ ᠬᠤᠳᠠ ᠶᠢᠨ ᠲᠣᠭᠤᠷᠢᠭ᠂ ᠬᠤᠶᠠᠷ ᠭᠤᠣᠯ ᠤᠨ ᠡᠷᠬᠢᠨ ᠲᠣᠭᠤᠷᠢᠨ ᠤ ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠠᠲᠠᠭᠤ ᠴᠢᠩᠭ᠎ᠠ ᠬᠠᠤᠯᠢ ᠬᠡᠷᠡᠭᠵᠢᠭᠦᠯᠦᠯᠲᠡ ᠶᠢ ᠨᠡᠩ ᠡᠷᠴᠢᠮ ᠲᠠᠢ ᠪᠣᠯᠭᠠᠨ᠎ᠠ᠃ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠠᠩᠬ᠎ᠠ ᠤᠳᠠᠭ᠎ᠠ ᠵᠥᠷᠢᠴᠡᠬᠦ ᠶᠢ ᠦᠯᠦ ᠲᠣᠷᠭᠠᠬᠤ ᠶᠢ ᠪᠠᠷᠢᠮᠲᠠᠯᠠᠵᠤ᠂ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯᠯᠠᠭ᠎ᠠ ᠶᠢ ᠥᠷᠨᠢᠭᠦᠯᠵᠦ᠂ ᠲᠤᠯᠠᠭᠠᠯᠠᠭ᠎ᠠ ᠶᠢᠨ ᠬᠤᠭᠤᠯᠠᠢ ᠲᠣᠣᠷ ᠢ ᠥᠭᠡᠷᠡᠴᠢᠯᠡᠬᠦ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠡᠷᠴᠢᠮ ᠢ ᠴᠢᠩᠭᠠᠷᠠᠭᠤᠯᠵᠤ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ᠃ ᠶᠠᠪᠠᠭᠠᠨ ᠬᠥᠮᠥᠨ ᠤ ᠵᠠᠮ ᠢ ᠴᠡᠪᠡᠷᠰᠢᠭᠦᠯᠬᠦ ᠪᠠ ᠪᠠᠭᠠᠨ᠎ᠠ ᠰᠤᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠭᠲᠠᠩᠭᠤᠢ ᠲᠡᠷᠭᠡ ᠬᠥᠰᠬᠡ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠵᠣᠭᠰᠤᠭᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠵᠠᠮ ᠬᠠᠷᠢᠯᠴᠠᠭᠠᠨ ᠤ ᠠᠮᠤᠷ ᠵᠢᠮᠤᠷ ᠣᠷᠴᠢᠨ ᠲᠣᠭᠤᠷᠢᠨ ᠢ ᠪᠣᠶ ᠪᠣᠯᠭᠠᠨ᠎ᠠ᠃ ᠨᠠᠮ ᠤᠨ ᠪᠠᠶᠢᠭᠤᠯᠤᠯᠲᠠ ᠪᠠᠷ ᠠᠳᠠᠯ ᠠᠬᠤᠢ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠤᠪᠢᠰᠬᠠᠯᠲᠤ ᠠᠳᠠᠯ ᠠᠬᠤᠢ ᠶᠢᠨ ᠵᠠᠭᠪᠤᠷ ᠢ ᠪᠦᠬᠦᠨ ᠢ ᠪᠦᠷᠬᠦᠬᠦᠯᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ  ᠪᠠᠷ ᠳᠡᠭᠡᠭᠰᠢᠯᠡᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠠᠵᠤ ᠠᠬᠤᠶᠢᠯᠠᠯ ᠤᠨ ︽ᠬᠠᠷ᠎ᠠ ᠰᠠᠮᠪᠠᠷ᠎ᠠ︾ ᠶᠢᠨ ᠦᠢᠯᠡᠳᠦᠯ ᠢ ᠪᠠᠳᠠᠷᠠᠭᠤᠯᠤᠨ᠂ ᠥᠷᠭᠡᠨ ᠣᠯᠠᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃        ᠳᠦᠷᠪᠡ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠦᠵᠡᠰᠬᠦᠯᠡᠩᠲᠦ ᠰᠠᠶᠢᠬᠠᠨ ᠪᠣᠯᠭᠠᠬᠤ᠂ ᠲᠠᠷᠢᠶᠠᠴᠢᠳ ᠢ ᠪᠠᠶᠠᠵᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠢᠷᠤᠭ ᠢ ᠲᠦᠷᠭᠡᠨ ᠵᠢᠷᠤᠭᠯᠠᠨ᠎ᠠ᠃        ᠲᠠᠷᠢᠶᠠᠯᠠᠩ ᠤᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠂ 5 ᠲᠦᠮᠡᠨ ᠮᠦ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠢ ᠰᠢᠨ᠎ᠡ ᠪᠠᠷ 7 ᠨᠡᠮᠡᠭᠳᠡᠭᠦᠯᠦᠨ᠂ ᠠᠮᠤ ᠪᠤᠳᠠᠭᠠᠨ ᠤ ᠤᠨᠠᠯᠲᠠ ᠶᠢᠨ ᠬᠡᠮᠵᠢᠶ᠎ᠡ ᠶᠢ 7 ᠳ᠋ᠦᠩᠰᠢᠭᠤᠷ ᠵᠢᠩ ᠢ ᠳᠠᠪᠠᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠰᠢᠨ ᠹᠦ᠋ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠠᠢ ᠬᠠᠮᠲᠤᠷᠠᠨ ᠬᠦᠪᠦᠷᠡᠯ ᠰᠢᠯᠵᠢᠭᠦᠯᠦᠨ ᠵᠠᠶᠢᠯᠠᠬᠤ ᠲᠤᠷᠰᠢᠯᠲᠠ ᠶᠢᠨ ᠲᠠᠰᠤᠭ ᠤᠨ ᠲᠥᠷᠥᠯ ᠵᠦᠢᠯ ᠢ ᠬᠡᠷᠡᠭᠵᠢᠭᠦᠯᠵᠦ᠂ ︽ᠲᠠᠷᠢᠶ᠎ᠠ ᠦᠵᠡᠵᠦ ᠦᠷ᠎ᠡ ᠰᠣᠩᠭᠤᠬᠤ︾ ᠡᠭᠦᠯᠳᠡᠷ ᠪᠣᠶᠢᠵᠢᠭᠤᠯᠬᠤ ᠲᠠᠪᠴᠠᠩ ᠢ ᠪᠠᠶᠢᠭᠤᠯᠵᠤ᠂ ᠵᠢᠯ ᠤᠨ ᠳᠣᠲᠣᠷ᠎ᠠ ᠮᠠᠯ ᠠᠵᠤ ᠠᠬᠤᠢ᠂ ᠲᠠᠷᠢᠮᠠᠯ ᠤᠨ ᠦᠢᠯᠡᠰ ᠤᠨ ᠡᠭᠦᠯᠳᠡᠷ ᠰᠠᠶᠢᠵᠢᠷᠠᠭᠤᠯᠬᠤ ᠬᠤᠪᠢ ᠶᠢᠨ ᠵᠢᠩ ᠢ ᠲᠣᠰ ᠲᠣᠰ 95%᠂ 100% ᠳᠤ ᠬᠦᠷᠦᠭᠦᠯᠦᠨ᠎ᠡ᠃ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠮᠠᠯ ᠠᠵᠤ ᠠᠬᠤᠢ ᠶᠢᠨ 3 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ ᠵᠢᠯ ᠤᠨ ᠳᠣᠲᠣᠷ᠎ᠠ ᠬᠡᠷᠡᠭᠯᠡᠬᠦ ᠪᠠᠷᠢᠮᠵᠢᠶ᠎ᠠ ᠳᠤ ᠬᠦᠷᠦᠭᠦᠯᠦᠨ᠂ 3000 ᠰᠠᠭᠠᠯᠢ ᠶᠢᠨ ᠦᠨᠢᠶ᠎ᠡ ᠶᠢ ᠰᠢᠨ᠎ᠡ ᠪᠠᠷ ᠣᠷᠣᠭᠤᠯᠵᠤ᠂ ᠰᠠᠭᠠᠯᠢ ᠶᠢᠨ ᠠᠵᠤ ᠦᠢᠯᠡᠰ ᠤᠨ ᠬᠡᠪᠴᠢᠶᠡᠵᠢᠬᠦ᠂ ᠡᠷᠴᠢᠮᠵᠢᠬᠦ ᠬᠥᠭᠵᠢᠯᠲᠡ ᠶᠢ ᠠᠬᠢᠭᠤᠯᠤᠨ᠎ᠠ᠃ ᠮᠢᠬᠠᠨ ᠦᠬᠡᠷ ᠤᠨ ᠠᠵᠤ ᠦᠢᠯᠡᠰ ᠢ ᠳᠠᠬᠢᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠢᠬᠠᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ ᠶᠢ ᠰᠢᠨ᠎ᠡ ᠪᠠᠷ 3 ᠨᠡᠮᠡᠭᠳᠡᠭᠦᠯᠵᠦ᠂ ᠮᠢᠬᠠᠨ ᠦᠬᠡᠷ ᠤᠨ ᠲᠤᠭ᠎ᠠ ᠶᠢ 3 ᠲᠦᠮᠡ ᠶᠢ ᠳᠠᠪᠠᠭᠤᠯᠤᠨ᠎ᠠ᠃ ᠡᠪᠡᠰᠦ ᠪᠣᠷᠳᠤᠭ᠎ᠠ ᠶᠢᠨ ᠠᠵᠤ ᠦᠢᠯᠡᠰ ᠢ ᠢᠵᠢ ᠪᠦᠷᠢᠳᠦᠭᠦᠯᠦᠨ ᠬᠥᠭᠵᠢᠭᠦᠯᠵᠦ᠂ ᠬᠦᠷᠡᠩ ᠴᠠᠷᠭᠠᠰᠤ᠂ ᠨᠣᠬᠠᠢ ᠶᠢᠨ ᠬᠤᠰᠢᠭᠤ ᠳᠠᠷᠢᠬᠤ ᠶᠢ ᠳᠡᠯᠭᠡᠷᠡᠭᠦᠯᠦᠨ᠂ ᠬᠥᠬᠡ ᠪᠤᠷᠳᠤᠭ᠎ᠠ ᠶᠢᠨ ᠡᠷᠳᠡᠨᠢ ᠰᠢᠰᠢ ᠳᠠᠷᠢᠬᠤ ᠲᠠᠯᠠᠪᠠᠶ ᠶᠢ ᠥᠷᠭᠡᠳᠬᠡᠵᠦ ᠂ ᠲᠡᠵᠢᠭᠡᠯ ᠡᠪᠡᠰᠦ ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠵᠢᠯ ᠤᠨ ᠳᠣᠲᠣᠷ᠎ᠠ ᠡᠪᠡᠰᠦ ᠪᠣᠷᠳᠤᠭ᠎ᠠ ᠶᠢ 3.8 ᠲᠦᠮᠡᠨ ᠮᠦ ᠳᠠᠷᠢᠬᠤ ᠶᠢ ᠪᠡᠶᠡᠯᠡᠭᠦᠯᠦᠨ᠎ᠡ᠃        ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠪᠡᠯᠡ ᠮᠥᠩᠭᠦ ᠶᠢ ᠵᠣᠯᠭᠠᠭᠤᠯᠬᠤ 5 ᠲᠥᠷᠥᠯ ᠵᠦᠢᠯ ᠢ ᠬᠡᠷᠡᠭᠵᠢᠭᠦᠯᠵᠦ᠂ ᠬᠥᠭᠵᠢᠯ᠂ ᠢᠯᠠᠯᠲᠠ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠠᠶᠢᠭᠤᠯᠵᠤ᠂ ᠪᠠᠶ᠋ᠬᠠᠤᠰᠤ ᠶᠢᠨ ᠰᠢᠨ᠎ᠡ ᠰᠠᠭᠤᠷᠢᠰᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠣᠳᠣᠨ ᠲᠥᠷᠥᠯ ᠵᠦᠢᠯ ᠢᠶᠠᠷ ᠬᠥᠳᠡᠭᠡ ᠲᠣᠰᠬᠤᠨ ᠤ ᠬᠥᠭᠵᠢᠯᠲᠡ ᠶᠢ ᠳᠠᠶᠢᠴᠢᠯᠠᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠥᠭᠵᠢᠭᠦᠯᠦᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠬᠤᠲᠠ ᠬᠥᠳᠡᠭᠡ ᠶᠢᠨ ᠴᠢᠬᠤᠯᠠ ᠬᠦᠴᠦᠨ ᠵᠦᠢᠯ ᠤᠨ ᠭᠦᠢᠯᠭᠡᠭᠡ ᠶᠢ ᠰᠠᠭᠠᠳ ᠦᠭᠡᠢ ᠨᠠᠪᠲᠠᠷᠡᠭᠦᠯᠵᠦ᠂ ᠨᠢᠭᠡ ᠪᠦᠯᠦᠭ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠦᠨᠳᠦᠰᠦᠨ ᠱᠠᠲᠤᠨ ᠳᠠᠬᠢ ᠬᠤᠷᠰᠢᠶ᠎ᠠ ᠶᠢᠨ ᠵᠢᠱᠢᠶᠡᠴᠢ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠎ᠠ᠃ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠦᠷᠦᠯ ᠵᠦᠢᠯ ᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠬᠤᠭ ᠨᠣᠪᠰᠢ ᠳᠠᠮᠵᠢᠭᠤᠯᠬᠤ 4 ᠦᠷᠳᠡᠭᠡ ᠶᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠢ ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠰᠡᠷᠬᠡᠨ ᠵᠤᠭᠠᠴᠠᠯ ᠤᠨ ᠵᠠᠰᠠᠮᠠᠯ ᠵᠠᠮ ᠪᠣᠯᠣᠨ ᠨᠥᠬᠦᠷᠯᠡᠯ ᠶᠡᠭᠡ ᠬᠥᠭᠦᠷᠭᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠤᠭᠠᠴᠠᠯ ᠤᠨ ᠦᠷᠳᠡᠭᠡ᠂ ᠬᠥᠳᠡᠭᠡ ᠲᠣᠰᠬᠤᠨ ᠤ ᠳᠡᠯᠭᠡᠭᠡ ᠬᠤᠳᠠᠯᠳᠤᠭ᠎ᠠ ᠵᠡᠷᠭᠡ ᠵᠠᠮ ᠳᠠᠭᠠᠤ ᠶᠢᠨ ᠵᠤᠭᠠᠴᠠᠯ ᠤᠨ ᠠᠵᠤ ᠠᠬᠤᠢ ᠶᠢᠨ ᠪᠦᠰᠡ ᠶᠢ ᠪᠠᠶᠢᠭᠤᠯᠵᠤ᠂ ᠵᠤᠭᠠᠴᠠᠯ ᠤᠨ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠨᠡᠩ ᠰᠠᠶᠢᠨ ᠣᠯᠭᠤᠨ᠎ᠠ᠃        ᠲᠠᠷᠢᠶᠠᠴᠢᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠶᠢ ᠦᠷᠭᠦᠯᠵᠢᠯᠡᠨ ᠰᠠᠶᠢᠲᠤᠷ ᠬᠢᠵᠦ᠂ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ︽ᠡᠷᠬᠢᠨ ᠬᠠᠷᠠᠬᠤ︾ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ 7 ᠬᠥᠲᠥᠴᠢ ᠠᠵᠤ ᠠᠬᠤᠶᠢᠯᠠᠯ᠂ 8 ᠬᠤᠯᠪᠣᠭᠠᠲᠤ ᠴᠣᠭᠴᠠ ᠶᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ 7 ᠵᠢᠱᠢᠶ᠎ᠡ ᠦᠵᠡᠭᠦᠯᠬᠦ ᠬᠤᠷᠰᠢᠶ᠎ᠠ ᠶᠢ ᠡᠭᠦᠳᠦᠨ ᠪᠠᠶᠢᠭᠤᠯᠵᠤ᠂ ᠵᠢᠱᠢᠶ᠎ᠡ ᠦᠵᠡᠭᠦᠯᠬᠦ ᠭᠡᠷ ᠪᠦᠯᠢ ᠶᠢᠨ 5 ᠲᠠᠷᠢᠶᠠᠯᠠᠩ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠵᠤ᠂ ᠲᠠᠷᠢᠶᠠᠴᠢᠳ ᠲᠤ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠨᠡᠮᠡᠭᠳᠡᠯ᠂ ᠬᠡᠪᠴᠢᠶᠡᠵᠢᠭᠰᠡᠨ ᠬᠥᠭᠵᠢᠯᠲᠡ ᠶᠢᠨ ᠠᠰᠢᠭ ᠢ ᠡᠳ᠋ᠯᠡᠭᠦᠯᠦᠨ᠎ᠡ᠃ ᠬᠦᠷᠢᠶ᠎ᠡ ᠬᠠᠰᠢᠶᠠᠨ ᠤ ᠠᠵᠤ ᠠᠬᠤᠢ᠂ ᠳᠣᠣᠷ᠎ᠠ ᠤᠨᠠᠯᠲᠠ ᠲᠠᠢ ᠤᠢ ᠰᠢᠭᠤᠢ ᠶᠢ ᠥᠭᠡᠷᠡᠴᠢᠯᠡᠬᠦ ᠵᠡᠷᠭᠡ 6 ᠲᠦᠷᠦᠯ ᠤᠨ ᠲᠦᠷᠦᠯ ᠵᠦᠢᠯ ᠢ ᠬᠡᠷᠡᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠷᠭ᠎ᠠ ᠮᠠᠶ᠋ᠢᠭ ᠢ ᠰᠠᠨᠠᠭᠠᠴᠢᠯᠠᠵᠤ᠂ ︽ᠣᠪᠤᠭᠠᠯᠠᠵᠤ ᠲᠠᠯᠪᠢᠭᠰᠠᠨ ᠠᠮᠤ ᠪᠤᠳᠠᠭ᠎ᠠ︾ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠶᠡᠭᠡ ᠪᠠᠷ ᠠᠬᠢᠭᠤᠯᠵᠤ᠂ ᠡᠯᠪᠡᠭ ᠬᠤᠷᠢᠶᠠᠯᠲᠠ ᠣᠯᠬᠤ ᠶᠢ ᠦᠨᠡᠨ ᠬᠦ ᠪᠡᠶᠡᠯᠡᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠤᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠭᠡᠭᠡᠨᠰᠦ᠋ᠮ᠎ᠡ ᠪᠠᠯᠭᠠᠰᠤᠨ ᠤ ᠮᠢᠩᠭᠠᠨ ᠮᠦ ᠠᠵᠤ ᠦᠢᠯᠡᠰ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ 1065 ᠬᠦᠯᠡᠮᠵᠢ ᠶᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠤᠯᠠᠷᠢᠯ ᠰᠥᠷᠬᠦ ᠣᠨᠴᠠᠯᠢᠭᠲᠤ ᠵᠢᠮᠢᠰ ᠨᠣᠭᠤᠭ᠎ᠠ ᠲᠠᠷᠢᠵᠤ᠂ ᠣᠶᠢᠷ᠎ᠠ ᠲᠡᠭᠦᠷᠭᠡ ᠶᠢᠨ ᠲᠥᠬᠦᠭᠡᠷᠦᠮᠵᠢᠲᠦ ᠲᠠᠷᠢᠶᠠᠯᠠᠩ᠂ ᠦᠵᠡᠮᠦᠷᠢ ᠶᠢᠨ ᠲᠠᠷᠢᠶᠠᠯᠠᠩ ᠤᠨ ᠰᠢᠨ᠎ᠡ ᠬᠢᠯᠠᠰ ᠴᠡᠭ ᠢ ᠪᠤᠢ ᠪᠣᠯᠭᠠᠨ᠎ᠠ᠃        ᠲᠠᠪᠤ᠂ ᠬᠡᠷᠡᠭᠯᠡᠭᠡ ᠶᠢ ᠠᠬᠢᠭᠤᠯᠬᠤ᠂ ᠠᠮᠢᠳᠤᠯᠢᠭ ᠬᠦᠴᠦᠨ ᠢ ᠬᠥᠭᠵᠢᠭᠡᠬᠦ᠂ ᠵᠤᠭᠠᠴᠠᠯ ᠢ ᠬᠥᠭᠵᠢᠭᠦᠯᠬᠦ ᠶᠢ ᠪᠠᠷᠢᠮᠲᠠᠯᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠴᠡᠭ ᠢ ᠭᠦᠢᠴᠡᠳ ᠠᠭᠤᠳᠠᠯᠤᠨ᠎ᠠ᠃        ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠢ ᠤᠯᠠᠨ ᠲᠠᠯ᠎ᠠ ᠪᠠᠷ ᠬᠦᠴᠦᠯᠡᠨ ᠠᠬᠢᠭᠤᠯᠤᠨ᠎ᠠ᠃ ᠬᠡᠷᠡᠭᠯᠡᠭᠡ ᠶᠢᠨ ᠲᠠᠰ ᠳᠠᠪᠬᠤᠷᠭ᠎ᠠ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠰ ᠳᠡᠪᠰᠢᠬᠦ ᠰᠢᠨ᠎ᠡ ᠬᠠᠨᠳᠤᠰᠢ ᠶᠢ ᠰᠠᠨᠠᠭᠠᠴᠢᠯᠠᠭ᠎ᠠ ᠠᠴᠠ ᠪᠠᠨ ᠡᠵᠡᠮᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠤᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ 70 ᠳᠤ ᠬᠦᠷᠦᠭᠦᠯᠬᠦ ᠪᠠᠷ ᠴᠢᠷᠮᠠᠶᠢᠵᠤ᠂ ᠨᠡᠶᠢᠭᠡᠮ ᠤᠨ ᠡᠵᠡᠩᠨᠡᠯᠲᠡ ᠶᠢᠨ ᠦᠭᠡᠢ ᠲᠤᠭ᠎ᠠ ᠶᠢ 106 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠧᠦ ᠶᠠ ᠬᠤᠳᠠᠯᠳᠤᠭᠠᠨ ᠤ ᠲᠥᠪ᠂ ᠸᠠᠨ ᠳ᠋ᠠ ᠠᠭᠤᠳᠠᠮ ᠲᠠᠯᠠᠪᠠᠢ᠂ ᠪᠦᠷᠢᠨ ᠪᠠᠷᠠᠭᠠᠲᠤ ᠲᠣᠮᠣ ᠠᠰᠠᠷ ᠵᠡᠷᠭᠡ ᠬᠤᠳᠠᠯᠳᠤᠭᠠᠨ ᠤ ᠲᠣᠭᠤᠷᠢᠭ ᠢ ᠬᠥᠲᠥᠯᠥᠨ ᠵᠢᠯᠤᠭᠤᠳᠴᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠮᠵᠢ ᠶᠢ ᠨᠢ ᠴᠢᠩᠭᠠᠷᠠᠭᠤᠯᠤᠨ᠂ ᠤᠯᠠᠨ ᠡᠰᠢᠵᠢᠭᠰᠡᠨ᠂ ᠵᠦᠷᠢᠶᠡᠴᠢᠯᠡᠭᠰᠡᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ ᠠᠩᠬᠠᠨ ᠤ ᠳᠡᠯᠭᠡᠭᠦᠷ᠂ ᠨᠠᠷᠠᠲᠤ ᠲᠡᠮᠳᠡᠭᠲᠦ ᠶᠢᠨ ᠳᠡᠯᠭᠡᠭᠦᠷ᠂ ᠲᠡᠷᠢᠭᠦᠨ ᠳᠡᠯᠭᠡᠭᠦᠷ ᠢ ᠶᠡᠬᠡᠪᠡᠷ ᠣᠷᠣᠭᠤᠯᠤᠨ ᠠᠪᠴᠢᠷᠠᠵᠤ᠂ ᠬᠡᠯᠬᠢᠶᠡᠵᠢᠭᠰᠡᠨ ᠴᠢᠯᠦᠭᠡᠲᠦ ᠳᠡᠯᠭᠡᠭᠦᠷ᠂ ᠣᠨᠴᠠᠯᠢᠭᠲᠤ ᠢᠳᠡᠭᠡᠨ ᠤᠮᠳᠠᠭᠠᠨ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠡᠪᠴᠢᠶᠡᠵᠢᠭᠦᠯᠦᠨ᠂ ᠨᠠᠷᠠᠲᠤ ᠲᠡᠮᠳᠡᠭᠵᠢᠭᠦᠯᠦᠨ ᠬᠥᠭᠵᠢᠭᠦᠯᠬᠦ ᠶᠢ ᠳᠡᠮᠵᠢᠵᠦ᠂ ᠬᠡᠷᠡᠭᠯᠡᠭᠡᠨ ᠤ ᠲᠥᠪᠯᠡᠷᠡᠭᠰᠡᠨ ᠣᠷᠣᠨ ᠢ ᠪᠣᠶ ᠪᠣᠯᠭᠠᠵᠤ᠂ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠪᠢᠨ ᠾᠧ᠂ ᠱᠦᠨ ᠳ᠋ᠡ᠂ ᠬᠤᠩ ᠭᠤᠸᠠᠩ ᠨᠡᠶᠢᠭᠡᠮ ᠲᠣᠭᠤᠷᠢᠭ ᠤᠨ ᠠᠷᠪᠠᠨ ᠮᠢᠨᠦ᠋ᠲ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥᠯ ᠵᠦᠢᠯ ᠪᠦᠷᠢᠨ ᠭᠦᠢᠴᠡᠳ᠂ ᠦᠢᠯᠡᠴᠢᠯᠡᠭᠡ ᠴᠢᠨᠠᠷ ᠰᠠᠶᠢᠲᠠᠢ ᠬᠤᠳᠠᠯᠳᠤᠭᠠᠨ ᠤ ᠠᠴᠢᠶᠠᠯᠠᠪᠤᠷᠢ ᠶᠢ ᠪᠣᠶ ᠪᠣᠯᠭᠠᠵᠤ᠂ ᠴᠢᠨᠠᠷ ᠰᠠᠶᠢᠲᠠᠢ ᠳᠥᠭᠦᠮ ᠳᠥᠲᠡ ᠰᠠᠶᠢᠨ ᠰᠠᠶᠢᠬᠠᠨ ᠠᠮᠢᠳᠤᠷᠠᠯ ᠢ ᠪᠣᠶ ᠪᠣᠯᠭᠠᠨ᠎ᠠ᠃        ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠥᠭᠵᠢᠯᠲᠡ ᠶᠢ ᠠᠬᠢᠭᠤᠯᠤᠨ᠎ᠠ᠃ ᠨᠡᠶᠢᠭᠡᠮ ᠤᠨ ᠴᠢᠨᠠᠷ ᠰᠠᠶᠢᠲᠠᠢ ᠬᠥᠷᠥᠩᠭᠡ ᠶᠢ ᠣᠷᠣᠭᠤᠯᠤᠨ ᠠᠪᠴᠢᠷᠠᠵᠤ᠂ ᠲᠣᠭᠤᠷᠢᠭ ᠤᠨ ᠣᠶᠤᠨᠴᠢᠯᠠᠭᠰᠠᠨ ᠬᠠᠮᠢᠶᠠᠷᠤᠯᠲᠠ ᠡᠵᠡᠩᠨᠡᠯᠲᠡ ᠶᠢ ᠠᠬᠢᠭᠤᠯᠤᠨ᠂ ᠲᠣᠭᠤᠷᠢᠭ ᠲᠤ ᠣᠷᠣᠵᠤ ᠰᠠᠭᠤᠬᠤ ᠠᠵᠤ ᠠᠬᠤᠶᠢᠯᠠᠯ ᠳᠤ ᠥᠪᠡᠷᠮᠢᠴᠡ ᠦᠢᠯᠡᠴᠢᠯᠡᠭᠡ ᠬᠠᠩᠭᠠᠨ᠎ᠠ᠃ ᠳ᠋ᠠ ᠾᠧ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠬᠦᠢᠲᠡᠨ ᠬᠡᠯᠬᠢᠶ᠎ᠡ᠂ ᠼᠦᠢ ᠯᠢᠨ ᠠᠮᠤ ᠲᠣᠰᠣ ᠡᠷᠳᠡᠨᠢ ᠰᠢᠰᠢ ᠶᠢ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠲᠠᠢ ᠬᠤᠸᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠵᠢᠶᠧ ᠴᠧᠩ ᠠᠮᠤ ᠪᠤᠳᠠᠭᠠᠨ ᠤ ᠬᠥᠮᠥᠷᠭᠡ᠂ ᠮᠧᠩ ᠵᠢᠶᠠ ᠠᠮᠤ ᠲᠣᠰᠣ ᠵᠡᠷᠭᠡ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠳᠡᠮᠵᠢᠵᠦ᠂ ᠵᠡᠭᠦᠨ ᠬᠤᠶᠢᠲᠤ ᠣᠷᠣᠨ ᠤ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠠ᠃ ᠵᠢᠶᠠ ᠶᠣᠣ ᠬᠠᠭᠤᠴᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠪᠧᠨᠽ᠂ ᠪᠦᠦ ᠮᠠ ᠵᠡᠷᠭᠡ ᠨᠠᠷᠠᠲᠤ ᠲᠡᠮᠳᠡᠭᠲᠦ ᠶᠢᠨ 4S ᠳᠡᠯᠭᠡᠭᠦᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠬᠤᠳᠠ ᠶᠢᠨ ᠲᠥᠷᠥᠯ ᠵᠦᠢᠯ ᠳᠤ ᠲᠦᠰᠢᠭᠯᠡᠨ᠂ ︽ᠲᠠᠪᠤᠨ ᠶᠡᠭᠡ ᠰᠢᠰᠲ᠋ᠧᠮ︾ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠣᠨᠴᠠ ᠭᠠᠷᠤᠯᠲᠠ ᠶᠢ ᠳᠡᠭᠡᠭᠰᠢᠯᠡᠭᠦᠯᠬᠦ ᠠᠷᠭ᠎ᠠ ᠵᠠᠮ ᠢ ᠨᠠᠪᠲᠠᠷᠡᠭᠦᠯᠵᠦ᠂ ᠲᠦᠷᠭᠡᠨ ᠬᠦᠷᠭᠡᠯᠲᠡ ᠶᠢᠨ ᠲᠣᠬᠢᠷᠠᠭᠤᠯᠤᠨ ᠬᠦᠷᠭᠡᠬᠦ ᠶᠢ ᠪᠦᠬᠦᠨ ᠢ ᠬᠠᠮᠤᠷᠬᠤ ᠶᠢ ᠲᠦᠷᠭᠡᠳᠬᠡᠨ ᠪᠡᠶᠡᠯᠡᠭᠦᠯᠵᠦ᠂ ᠬᠤᠲᠠ ᠪᠠᠯᠭᠠᠰᠤ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠢ ᠪᠣᠯᠭᠠᠨ᠎ᠠ᠃        ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠴᠠᠷᠠᠭᠠᠨ ᠤ ᠪᠥᠬᠦ ᠤᠯᠠᠷᠢᠯ ᠤᠨ᠂ ᠵᠦᠷᠢᠶᠡᠴᠢᠯᠡᠭᠰᠡᠨ ᠳᠡᠭᠡᠳᠦ ᠳᠡᠰᠴᠢᠯᠡᠭᠰᠡᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠤᠯᠠᠭᠠᠨᠬᠤᠲᠠ — ᠷᠠᠰᠢᠶᠠᠨ — ᠬᠠᠶᠢᠯᠠᠷ — ᠮᠠᠨᠵᠤᠤᠷ︾ ᠤᠨ ᠵᠤᠭᠠᠴᠠᠯ ᠤᠨ ᠨᠢᠭᠡ ᠴᠣᠭᠴᠠᠵᠢᠯᠲᠠ ᠶᠢᠨ ᠲᠣᠭᠤᠷᠢᠨ ᠳᠤ᠂ ︽ᠵᠤᠭᠠᠴᠠᠯ +︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠪᠥᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠴᠢᠷᠮᠠᠶᠢᠨ ᠪᠠᠶᠢᠭᠤᠯᠤᠨ᠎ᠠ᠃ ᠡᠮᠦᠨ᠎ᠡ ᠵᠡᠭᠡᠯᠢ ᠶᠢᠨ ᠶᠠᠪᠠᠭᠠᠨ ᠵᠡᠭᠡᠯᠢ ᠶᠢ ᠵᠠᠬ᠎ᠠ ᠳᠡᠯᠭᠡᠭᠦᠷᠴᠢᠯᠡᠨ ᠡᠵᠡᠩᠨᠡᠵᠦ᠂ ᠪᠣᠳᠠᠰ ᠤᠨ ᠪᠤᠰᠤ ᠰᠣᠶᠤᠯ ᠤᠨ ᠥᠪ ᠤᠨ ᠰᠢᠨ᠎ᠡ ᠶᠢ ᠡᠭᠦᠳᠦᠯᠲᠡ᠂ ᠣᠨᠴᠠᠯᠢᠭᠲᠤ ᠢᠳᠡᠭᠡᠨ ᠤᠮᠳᠠᠭᠠᠨ᠂ ᠰᠣᠶᠣᠯ ᠤᠨ ᠣᠶᠢᠯᠠᠭᠠᠯᠲᠠ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡ ᠴᠣᠭᠴᠠᠵᠢᠭᠤᠯᠤᠭᠰᠠᠨ ᠳᠡᠭᠡᠳᠦ ᠲᠡᠰ ᠤᠨ ᠬᠤᠳᠠᠯᠳᠤᠭᠠᠨ ᠤ ᠵᠡᠭᠡᠯᠢ ᠶᠢ ᠪᠠᠶᠢᠭᠤᠯᠵᠤ᠂ ︽ᠰᠥᠨᠢ ᠶᠢᠨ ᠠᠵᠤ ᠠᠬᠤᠢ ︾ ᠶᠢ ᠭᠡᠷᠡᠯᠳᠦᠭᠦᠯᠦᠨ᠎ᠡ᠃ ᠭᠡᠭᠡᠨᠰᠦ᠋ᠮ᠎ᠡ ᠪᠠᠯᠭᠠᠰᠤᠨ ᠤ ᠬᠤᠪᠢᠰᠬᠠᠯᠲᠤ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠪᠢᠰᠬᠠᠯᠲᠤ ᠦᠵᠡᠰᠬᠦᠯᠡᠩᠲᠦ ᠰᠠᠶᠢᠬᠠᠨ ᠠᠶᠢᠯ ᠲᠣᠰᠬᠤᠨ᠂ ᠨᠠᠷᠠᠲᠤ ᠮᠣᠷᠢᠨ ᠤ ᠮᠦᠽᠧᠢ᠂ ᠰᠦᠮ᠎ᠡ ᠶᠢᠨ ᠡᠮᠦᠨᠡᠬᠢ ᠠᠮᠲᠠᠲᠤ ᠢᠳᠡᠭᠡᠨ ᠤ ᠵᠡᠭᠡᠯᠢ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ᠃ ᠲᠤᠭᠤᠷ ᠤᠨ ᠭᠤᠤᠯ ᠤᠨ ᠨᠤᠭᠤ ᠭᠠᠵᠠᠷ ᠤᠨ ᠦᠵᠡᠮᠵᠢ ᠶᠢᠨ ᠣᠷᠣᠨ᠂ ᠰᠠᠨ ᠾᠧ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠶᠢᠨ ᠬᠤᠯᠪᠤᠭᠠᠯᠠᠨ ᠬᠥᠳᠡᠯᠦᠯᠴᠡᠬᠦ ᠮᠠᠶ᠋ᠢᠭ ᠤᠨ ᠬᠥᠭᠵᠢᠯᠲᠡ᠂ ᠵᠦᠷᠢᠶᠡᠴᠢᠯᠡᠭᠰᠡᠨ ᠡᠵᠡᠩᠨᠡᠯᠲᠡ ᠶᠢ ᠠᠬᠢᠭᠤᠯᠵᠤ᠂ ᠵᠤᠭᠠᠴᠠᠭᠰᠠᠳ ᠤᠨ ︽ᠪᠠᠶᠢᠭᠠᠯᠢ ᠶᠢᠨ ᠦᠵᠡᠮᠵᠢ ᠶᠢ ᠰᠣᠨᠢᠷᠬᠠᠵᠤ᠂ ᠠᠷᠠᠳ ᠤᠨ ᠵᠠᠩ ᠦᠢᠯᠡ ᠶᠢ ᠣᠶᠢᠯᠠᠭᠠᠬᠤ︾ ᠣᠶᠢᠷ᠎ᠠ ᠲᠡᠭᠦᠷᠭᠡ ᠶᠢᠨ ᠵᠤᠭᠠᠴᠠᠯ᠂ ᠬᠤᠪᠢ ᠶᠢᠨ ᠮᠠᠰᠢᠨ ᠲᠡᠷᠭᠡᠨ ᠤ ᠵᠤᠭᠠᠴᠠᠯ ᠤᠨ ᠬᠡᠷᠡᠭᠴᠡᠭᠡ ᠶᠢ ᠬᠠᠩᠭᠠᠨ᠎ᠠ᠃ ᠤᠯᠠᠨ ᠨᠡᠶᠢᠲᠡ ᠶᠢᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠵᠤ᠂ ᠲᠠᠪᠤᠳᠤᠭᠠᠷ ᠬᠤᠭᠤᠴᠠᠭᠠᠨ ᠤ ᠮᠥᠰᠥ ᠴᠠᠰᠤᠨ ᠤ ᠵᠤᠭᠠᠴᠠᠯ ᠤᠨ ᠤᠯᠠᠷᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠮᠥᠰᠥ ᠴᠠᠰᠤᠨ ᠤ ᠵᠤᠭᠠᠴᠠᠯ ᠢ ᠬᠥᠭᠵᠢᠶᠡᠨᠲᠡᠢ ᠪᠣᠯᠭᠠᠨ᠎ᠠ᠃ ᠲᠡᠭᠷᠢᠯᠢᠭ ᠬᠥᠪᠡᠭᠦᠨ ᠲᠡᠭᠷᠢ ᠶᠢᠨ ᠬᠥᠯᠦᠭ᠂ ᠣᠪᠣᠭᠠᠨ ᠠᠭᠤᠯᠠ ᠵᠡᠷᠭᠡ A ᠲᠠᠰ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠵᠦ᠂ ᠶᠡᠭᠡ ᠬᠢᠩᠭᠠᠨ ᠳᠠᠪᠠᠭᠠᠨ ᠤ ᠠᠮᠢ ᠠᠬᠤᠢ ᠶᠢ ᠣᠶᠢᠯᠠᠭᠠᠬᠤ ᠰᠠᠭᠤᠷᠢᠨ ᠭᠠᠵᠠᠷ ᠵᠡᠷᠭᠡ A ᠲᠠᠰ ᠤᠨ ᠪᠤᠰᠤ ᠬᠠᠯᠠᠮᠰᠢᠯ ᠦᠵᠡᠮᠵᠢ ᠶᠢᠨ ᠣᠷᠣᠨ ᠢ ᠲᠦᠷᠭᠡᠳᠬᠡᠨ ᠬᠥᠭᠵᠢᠭᠦᠯᠵᠦ᠂ ᠵᠤᠭᠠᠴᠠᠭᠰᠠᠳ ᠤᠨ ᠲᠥᠪᠯᠡᠷᠡᠭᠦᠯᠦᠨ ᠲᠠᠷᠬᠠᠭᠠᠬᠤ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠠᠭᠤᠯᠠ ᠲᠠᠢ ᠬᠤᠯᠪᠤᠭᠠᠯᠠᠨ ᠤᠰᠤ ᠲᠠᠢ ᠬᠤᠯᠪᠤᠭᠠᠯᠠᠵᠤ ᠬᠢᠩᠭᠠᠨ ᠲᠠᠢ ᠬᠤᠯᠪᠤᠭᠠᠯᠠᠬᠤ︾ ᠠᠯᠲᠠᠨ ᠦᠰᠦᠭᠲᠦ ᠫᠠᠶᠢᠰᠠ ᠶᠢ ᠭᠡᠷᠡᠯᠲᠦᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃ ᠣᠷᠣᠨ ᠪᠦᠰᠡ ᠶᠢᠨ ᠫᠠᠶᠢᠰᠠ ᠶᠢᠨ ᠨᠥᠯᠥᠭᠡ ᠶᠢ ᠠᠰᠢᠭᠯᠠᠨ᠂ ᠵᠤᠭᠠᠴᠠᠯ ᠤᠨ ᠡᠵᠡᠩᠨᠡᠨ ᠪᠣᠷᠣᠯᠠᠭᠤᠯᠤᠯᠲᠠ ᠶᠢ ᠰᠠᠶᠢᠲᠤᠷ ᠬᠢᠵᠦ᠂ ᠵᠤᠭᠠᠴᠠᠯ ᠤᠨ ᠬᠥᠮᠥᠨ ᠤ ᠲᠤᠭ᠎ᠠ ᠪᠠ ᠶᠡᠷᠦᠩᠬᠡᠶᠢᠯᠡᠭᠰᠡᠨ ᠣᠷᠣᠯᠭ᠎ᠠ ᠶᠢ ᠴᠥᠮ 20%   ᠠᠴᠠ ᠳᠡᠭᠡᠭᠰᠢ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃        ᠵᠢᠷᠭᠤᠭ᠎ᠠ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠬᠦᠴᠢᠷᠳᠡᠯ ᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠦᠵᠡᠭᠦᠯᠵᠦ ᠬᠠᠮᠲᠤ ᠪᠠᠷ ᠡᠳ᠋ᠯᠡᠬᠦ ᠶᠡᠭᠡ ᠪᠠᠶᠢᠷᠢᠰᠢᠯ ᠢ ᠢᠳᠡᠪᠬᠢᠲᠡᠢ ᠴᠣᠭᠴᠠᠯᠠᠨ ᠪᠠᠶᠢᠭᠤᠯᠤᠨ᠎ᠠ᠃        ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠨᠠᠢᠮᠠᠳᠤᠭᠠᠷ ᠳᠤᠮᠳᠠᠳᠤ ᠰᠤᠷᠭᠠᠭᠤᠯᠢ᠂ ᠬᠢᠩᠭᠠᠨ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠬᠦ ᠶᠢ ᠬᠡᠷᠡᠭᠵᠢᠭᠦᠯᠦᠨ᠂ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠥᠪ᠂ ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠶᠢᠲᠤ ᠰᠤᠷᠭᠠᠭᠤᠯᠢ ᠶᠢᠨ ᠲᠣᠭᠤᠷᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠡᠭᠡᠯᠲᠡ ᠲᠠᠢ ᠪᠠᠷ ᠰᠤᠷᠭᠠᠭᠤᠯᠢ ᠡᠷᠭᠢᠯᠡᠬᠦ᠂ ᠬᠤᠯᠪᠤᠭᠠᠯᠠᠨ ᠰᠤᠷᠭᠠᠭᠤᠯᠢ ᠡᠷᠭᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ ︽ᠲᠠᠪᠤ ᠶᠢ ᠣᠷᠤᠭᠤᠯᠬᠤ᠂ ᠲᠠᠪᠤᠨ ᠵᠠᠭᠤ︾ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠭᠦᠨᠵᠡᠭᠡᠢ ᠥᠷᠨᠢᠭᠦᠯᠵᠦ᠂ ᠬᠤᠪᠢᠰᠬᠠᠯᠲᠤ ᠤᠷᠠᠨ ᠵᠢᠷᠤᠭ ᠤᠨ ᠤᠷᠠᠯᠢᠭ ᠤᠨ ᠣᠷᠳᠣᠨ ᠢ ᠥᠭᠡᠷᠡᠴᠢᠯᠡᠨ᠂ ᠤᠷᠠᠯᠢᠭ ᠤᠨ ᠦᠵᠡᠭᠦᠯᠭᠡ ᠶᠢᠨ ᠲᠣᠭᠯᠠᠯᠲᠠ᠂ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠪᠴᠠᠩ︾ ᠵᠡᠷᠭᠡ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠶᠣᠯ ᠤᠨ ᠠᠷᠠᠳ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠰᠣᠶᠣᠯ ᠤᠨ ᠪᠠᠲᠤᠯᠠᠭ᠎ᠠ ᠶᠢᠨ ᠨᠢᠭᠡᠴᠢ ᠶᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠥᠪᠰᠢᠨ ᠢ ᠪᠠᠲᠤᠯᠠᠨ᠎ᠠ᠃ ᠬᠠᠨ ᠠᠭᠤᠯᠠ ᠣᠶᠤᠨᠲᠤ ᠪᠡᠶ᠎ᠡ ᠶᠢᠨ ᠲᠠᠮᠢᠷ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠲᠦᠮᠡᠨ ᠬᠥᠮᠥᠨ ᠲᠦᠮᠡᠨ ᠠᠯᠬᠤᠮ ᠶᠠᠪᠤᠬᠤ᠂ ᠡᠪᠦᠯ ᠤᠨ ᠤᠮᠪᠠᠯᠲᠠ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠨᠠᠷᠠᠲᠤ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠡᠯᠡᠳᠬᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠬᠥᠭᠵᠢᠭᠡᠨ ᠲᠠᠢ ᠪᠣᠯᠭᠠᠨ᠎ᠠ ᠃ ᠬᠤᠲᠠ ᠶᠢᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠠᠨᠠᠭᠠᠬᠤ ᠤᠬᠠᠭᠠᠨ ᠤ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠬᠤᠲᠠ ᠶᠢᠨ ᠡᠮᠨᠡᠯᠭᠡ ᠶᠢᠨ ᠬᠤᠷᠢᠶᠠᠨ ᠤ ᠬᠠᠪᠤᠳᠠᠷ᠂ ᠵᠢᠷᠦᠬᠡ ᠲᠠᠷᠢᠬᠢᠨ ᠤ ᠴᠢᠰᠤᠨ ᠰᠤᠳᠠᠯ ᠵᠡᠷᠭᠡ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠬᠦᠨᠳᠦ ᠡᠪᠡᠳᠴᠢᠨ ᠢ ᠣᠨᠣᠰᠢᠯᠠᠨ ᠡᠮᠴᠢᠯᠡᠬᠦ ᠴᠢᠳᠠᠪᠤᠷᠢ ᠶᠢᠨ ᠪᠠᠶᠢᠭᠤᠯᠤᠯᠲᠠ ᠪᠠ ᠠᠪᠤᠷᠠᠨ ᠵᠠᠰᠠᠬᠤ ᠡᠬᠢ ᠪᠠᠶᠠᠯᠢᠭ ᠤᠨ ᠨᠥᠭᠡᠴᠡ ᠶᠢ ᠴᠢᠩᠭᠠᠳᠬᠠᠵᠤ᠂ ᠡᠮᠴᠢᠯᠡᠭᠡᠨ ᠤ ᠡᠬᠢ ᠪᠠᠶᠠᠯᠢᠭ ᠤᠨ ᠰᠢᠬᠠᠯᠳᠤᠬᠤ ᠶᠢ ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃        ᠦᠨᠳᠦᠰᠦᠨ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠪᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠲᠤᠰᠠᠯᠠᠬᠤ ᠵᠠᠮ ᠢ ᠥᠷᠭᠡᠳᠬᠡᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4 .5% ᠶᠢᠨ ᠳᠣᠲᠣᠷ᠎ᠠ ᠬᠢᠵᠠᠭᠠᠷᠯᠠᠵᠤ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠴᠡᠪᠡᠷᠯᠡᠬᠦ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ  ᠢ ᠪᠦᠷᠢᠨᠰᠢᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ ᠴᠠᠭ ᠲᠤᠬᠠᠢ ᠳᠤᠨᠢ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠳᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠬᠥᠯᠥᠰᠦ ᠶᠢᠨ ᠰᠢᠰᠲ᠋ᠧᠮ ᠢ ᠭᠤᠷᠪᠠᠨ ᠠᠵᠢᠯ ᠤᠨ ᠪᠠᠶᠢᠷᠢ ᠠᠷᠪᠠᠨ ᠬᠤᠶᠠᠷ ᠳᠡᠰ ᠠᠴᠠ ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ ᠪᠣᠯᠭᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠨ᠎ᠠ᠃ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠬᠠᠪᠰᠤᠷᠤᠨ ᠲᠡᠳᠬᠦᠵᠦ ᠲᠤᠰᠠᠯᠠᠬᠤ ᠰᠠᠭᠤᠷᠢ ᠮᠥᠩᠭᠦ ᠶᠢ ᠪᠠᠶᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠪᠣᠯᠭᠠᠨ᠎ᠠ᠃ ᠬᠤᠲᠠ ᠶᠢᠨ ᠲᠠᠰ ᠤᠨ ᠨᠠᠰᠤᠲᠠᠶᠢᠴᠤᠳ ᠤᠨ ᠣᠶᠤᠨᠴᠢ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠮᠠᠨᠳᠠ ᠨᠡᠶᠢᠭᠡᠮ ᠲᠣᠭᠤᠷᠢᠭ ᠤᠨ ᠬᠤᠲᠠ ᠬᠥᠳᠡᠭᠡ ᠶᠢᠨ ᠠᠭᠤᠰᠤᠯᠴᠠᠭᠰᠠᠨ ᠨᠠᠰᠤᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠾᠧ ᠫᠢᠩ᠂ ᠱᠧᠩᠯᠢ᠂ ᠰᠢᠨ᠎ᠡ ᠬᠤᠲᠠ ᠵᠡᠷᠭᠡ 9 ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠨᠡᠮᠡᠭᠳᠡᠭᠦᠯᠦᠨ᠂ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠵᠢᠯᠤᠭᠤᠳᠬᠤ ᠦᠢᠯᠡᠴᠢᠯᠡᠭᠡᠨ ᠤ ᠲᠥᠪ ᠢ ᠪᠠᠶᠢᠭᠤᠯᠵᠤ ᠂ ︽ᠨᠢᠭᠡ ᠨᠠᠰᠤᠲᠠᠨ ᠨᠢᠭᠡ ᠨᠢᠯᠬ᠎ᠠ︾ ᠶᠢᠨ ᠵᠣᠯ ᠵᠢᠷᠭᠠᠯ ᠢ ᠪᠠᠲᠤᠯᠠᠨ᠎ᠠ᠃        ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠨ᠎ᠠ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠪᠦᠬᠦ ᠬᠡᠯᠬᠢᠶ᠎ᠡ ᠪᠠᠷ ᠴᠣᠬᠢᠯᠲᠠ ᠥᠭᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠬᠢᠴᠠ ᠶᠢ ᠲᠦᠷᠭᠡᠳᠬᠡᠵᠦ᠂ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃ ᠠᠮᠤᠷ ᠲᠥᠪᠰᠢᠨ ᠪᠠᠶᠢᠬᠤ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠪᠠ ᠬᠦᠷᠢᠶᠡᠨ ᠳᠠᠬᠢ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠯᠢᠶᠡᠳ ᠶᠡᠭᠡ ᠠᠴᠠ ᠳᠡᠭᠡᠭᠰᠢᠬᠢ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠨᠠᠢᠮᠠ ᠶᠢ ᠠᠬᠢᠭᠤᠯᠬᠤ︾ ᠶᠢ ᠭᠦᠨᠵᠡᠭᠡᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠳᠤ ᠶᠢᠨ ᠲᠠᠨᠢᠯᠳᠠ︾᠂ ︽ᠳᠥᠷᠪᠡ ᠶᠢ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠬᠥᠭᠵᠢᠭᠦᠯᠬᠦ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠪᠥᠬᠦ ᠬᠦᠴᠦᠨ ᠢᠶᠠᠷ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠭᠤᠮᠣᠳᠠᠯ ᠱᠠᠭᠠᠷᠳᠠᠯᠭ᠎ᠠ ᠶᠢ ᠨᠢ ᠵᠦᠢ ᠵᠣᠬᠢᠰᠲᠠᠢ ᠢᠯᠡᠳᠬᠡᠨ᠂ ᠵᠠᠬᠢᠳᠠᠯ ᠰᠣᠷᠪᠤᠯᠵᠢᠯᠠᠯ ᠤᠨ ᠡᠮᠬᠢ ᠵᠢᠷᠤᠮ ᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃        ᠳᠣᠯᠤᠭ᠎ᠠ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠰᠤᠷᠲᠠᠯ ᠢ ᠴᠢᠩᠭᠠᠳᠬᠠᠬᠤ᠂ ᠲᠥᠪ ᠰᠤᠷᠲᠠᠯ ᠢ ᠪᠠᠳᠠᠷᠠᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃        ᠤᠯᠤᠰ ᠲᠦᠷᠦ ᠶᠢᠨ ᠤᠬᠠᠮᠰᠠᠷ ᠢ ᠪᠠᠲᠤ ᠪᠤᠢ ᠪᠣᠯᠭᠠᠨ᠎ᠠ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠡᠷᠡᠰ ᠲᠤᠭᠤᠰᠢᠯᠠᠭᠤᠯᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠦᠨᠡᠨ ᠬᠦ ᠪᠦᠬᠦ ᠲᠠᠯ᠎ᠠ ᠪᠠᠷ ᠣᠷᠣᠭᠤᠯᠤᠨ᠎ᠠ᠃ ᠬᠦᠴᠦᠨ ᠴᠢᠳᠠᠪᠤᠷᠢᠲᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠮᠡᠳᠡᠭᠦᠯᠦᠯᠲᠡ ᠶᠢᠨ ᠤᠬᠠᠮᠰᠠᠷ᠂ ᠰᠢᠯᠭᠠᠯᠳᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ︽ᠭᠤᠷᠪᠠᠨ ᠤᠯᠠᠨ︾᠂ ︽ᠭᠤᠷᠪᠠᠨ ᠴᠥᠭᠡᠨ︾᠂ ︽ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠳᠦᠷᠢ ᠲᠥᠷᠬᠦ ᠶᠢ ᠪᠤᠢ ᠪᠣᠯᠭᠠᠵᠤ᠂ ᠢᠲᠡᠭᠡᠯ ᠢ ᠣᠯᠣᠨ᠎ᠠ᠃ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠲᠥᠪ ᠤᠨ ᠨᠠᠢᠮᠠᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠡᠯ ᠢ ᠡᠰᠡᠷᠭᠦᠴᠡᠬᠦ ᠠᠵᠢᠯ ᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠨ᠎ᠠ᠃        ᠡᠯ᠎ᠡ ᠲᠥᠯᠥᠭᠡᠯᠡᠭᠴᠢᠳ ᠠ᠋᠂ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ︽ᠣᠯᠠᠨ ᠲᠦᠮᠡᠨ ᠳᠤᠷᠠᠳᠴᠤ᠂ ᠲᠥᠯᠥᠭᠡᠯᠡᠭᠴᠢ ᠲᠣᠭᠲᠠᠭᠠᠵᠤ᠂ ᠵᠠᠰᠠᠭ ᠤᠨ ᠣᠷᠳᠣᠨ ᠭᠦᠢᠴᠡᠳᠬᠡᠬᠦ︾ ᠣᠶᠢᠯᠠᠭᠠᠭᠳᠠᠬᠤᠨ ᠶᠣᠰᠣᠭᠠᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠳ ᠤᠨ 6 ᠲᠥᠷᠥᠯ ᠵᠦᠢᠯ ᠢ ᠡᠮᠬᠢᠯᠡᠨ ᠪᠦᠷᠢᠯᠳᠦᠭᠦᠯᠵᠦ᠂ ᠲᠥᠯᠥᠭᠡᠯᠡᠭᠴᠢᠳ ᠲᠤ ᠪᠢᠯᠧᠲ ᠥᠭᠴᠦ ᠰᠢᠢᠳᠪᠦᠷᠢᠯᠡᠭᠦᠯᠬᠦ ᠪᠠᠷ ᠳᠡᠪᠰᠢᠭᠦᠯᠦᠨ᠎ᠡ᠃ ᠪᠢᠳᠡ ᠪᠢᠯᠧᠲ ᠢᠶᠠᠷ ᠲᠠᠰᠤᠯᠤᠭᠰᠠᠨ ᠦᠷ᠎ᠡ ᠳ᠋ᠦᠩ ᠢ ᠦᠨᠳᠦᠰᠦᠯᠡᠨ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠨ᠎ᠡ᠃        ᠲᠥᠯᠥᠭᠡᠯᠡᠭᠴᠢᠳ ᠠ᠋᠂ ᠰᠢᠨ᠎ᠡ ᠴᠠᠭ ᠦᠶ᠎ᠡ ᠳᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ᠃
 
ᠢᠷᠡᠯᠲᠡ᠄ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号