ᠤᠯᠠᠭᠠᠨᠬᠤᠳᠠ ᠪᠤᠯᠪᠠᠰᠤᠨ ᠦᠢᠯᠡ ᠠᠵᠢᠯᠯᠠᠭ᠎ᠠ ᠶᠢ ᠦᠢᠯᠡᠳᠦᠯᠭᠡᠵᠢᠭᠦᠯᠦᠨ᠎ᠡ
ᠨᠡᠶᠢᠲᠡᠯᠡᠭᠰᠡᠨ ᠴᠠᠭ᠄
2023/7/24
       ᠣᠶᠢᠷ᠎ᠠ ᠶᠢᠨ ᠵᠢᠯ ᠤᠨ ᠲᠤᠷᠰᠢ᠂ ᠤᠯᠠᠭᠠᠨᠬᠤᠲᠠ ︽ᠪᠣᠯᠪᠠᠰᠤᠨ ᠦᠵᠡᠯᠲᠡ ᠶᠢ ᠪᠤᠢ ᠪᠣᠯᠭᠠᠬᠤ︾ ᠲᠠᠯ᠎ᠠ ᠪᠠᠷ ᠲᠠᠰᠤᠷᠠᠯᠲᠠ ᠦᠭᠡᠢ ᠰᠡᠳᠬᠢᠯ ᠲᠠᠯᠪᠢᠵᠤ᠂ ︽ᠪᠣᠯᠪᠠᠰᠤᠨ ᠠᠵᠢᠯᠯᠠᠭ᠎ᠠ ᠶᠢ ᠦᠢᠯᠡᠳᠦᠯᠭᠡᠵᠢᠭᠦᠯᠬᠦ︾ ᠲᠠᠯ᠎ᠠ ᠪᠠᠷ ᠬᠦᠴᠦᠯᠡᠵᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠮᠡᠳᠡᠭᠳᠡᠯ ᠨᠠᠭᠠᠬᠤ ᠵᠡᠷᠭᠡ ᠠᠷᠭ᠎ᠠ ᠬᠡᠯᠪᠡᠷᠢ ᠪᠠᠷ ᠬᠤᠲᠠ ᠶᠢᠨ ᠠᠷᠠᠳ ᠢ ᠲᠠᠰᠤᠷᠠᠯᠲᠠ ᠦᠭᠡᠢ ᠬᠥᠲᠥᠯᠥᠨ ᠵᠢᠯᠤᠭᠤᠳᠴᠤ ᠪᠣᠯᠪᠠᠰᠤᠨ ᠢᠶᠠᠷ ᠨᠣᠬᠠᠢ ᠲᠡᠵᠢᠭᠡᠬᠦ᠂ ᠪᠣᠯᠪᠠᠰᠤᠨ ᠢᠶᠠᠷ ᠬᠤᠭᠤᠯᠠᠯᠠᠬᠤ ᠵᠡᠷᠭᠡ ᠪᠣᠯᠪᠠᠰᠤᠨ ᠤ ᠤᠬᠠᠮᠰᠠᠷ ᠲᠠᠢ ᠪᠣᠯᠭᠠᠵᠤ᠂ ᠪᠣᠯᠪᠠᠰᠤᠨ ᠵᠠᠩ ᠳᠠᠳᠬᠠᠯ ᠢ ᠬᠥᠮᠥᠵᠢᠭᠦᠯᠵᠦ᠂ ᠡᠶ᠎ᠡ ᠵᠣᠬᠢᠴᠠᠩᠭᠤᠢ᠂ ᠪᠣᠯᠪᠠᠰᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠪᠠ᠃
      ᠤᠯᠠᠭᠠᠨᠬᠤᠲᠠ ᠶᠢᠨ ᠲᠠᠪᠦ‍ ᠨᠢᠭᠡ ᠠᠭᠤᠳᠠᠮ ᠲᠠᠯᠠᠪᠠᠢ ᠳᠤ᠂ ᠤᠯᠠᠭᠠᠨᠬᠤᠲᠠ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠬᠢᠩᠭᠠᠨ ᠳᠤᠮᠳᠠ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠡᠳᠦᠷ ᠲᠤᠳᠤᠮ ᠤᠨ ᠲᠣᠭᠤᠷᠢᠨ ᠴᠠᠭᠳᠠᠵᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠬᠢᠵᠦ᠂ ᠠᠭᠤᠳᠠᠮ ᠲᠠᠯᠠᠪᠠᠢ ᠳᠤ ᠨᠣᠬᠠᠢ ᠪᠠᠨ ᠨᠤᠭᠳᠤᠯᠠᠬᠤ ᠦᠭᠡᠢ ᠵᠡᠷᠭᠡ ᠵᠢᠷᠤᠮᠵᠢᠯ ᠦᠭᠡᠢ ᠠᠵᠢᠯᠯᠠᠭ᠎ᠠ ᠶᠢ ᠢᠳᠬᠠᠬᠤ ᠶᠢᠨ ᠬᠠᠮᠲᠤ ᠪᠣᠯᠪᠠᠰᠤᠨ ᠢᠶᠠᠷ ᠨᠣᠬᠠᠢ ᠲᠡᠵᠢᠭᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠬᠤᠳᠠ ᠶᠢᠨ ᠠᠷᠠᠳ ᠲᠤ ᠪᠣᠯᠪᠠᠰᠤᠨ ᠢᠶᠠᠷ ᠨᠣᠬᠠᠢ ᠲᠡᠵᠢᠭᠡᠬᠦ ᠮᠡᠳᠡᠯᠭᠡ ᠶᠢ ᠣᠶᠢᠯᠠᠭᠠᠭᠤᠯᠵᠤ᠂ ᠪᠣᠯᠪᠠᠰᠤᠨ ᠢᠶᠠᠷ ᠨᠣᠬᠠᠢ ᠲᠡᠵᠢᠭᠡᠬᠦ ᠤᠬᠠᠮᠰᠠᠷ ᠢ  ᠨᠢ ᠴᠢᠩᠭᠠᠳᠬᠠᠵᠠᠢ᠃
       ᠬᠤᠲᠠ ᠶᠢᠨ ᠠᠷᠠᠳ ᠭᠦᠸᠧ ᠮᠢᠩ ᠰᠢᠨ ᠠᠴᠠ᠄ ︽ᠡᠩ ᠤᠨ ᠴᠠᠭ ᠲᠤ ᠭᠠᠳᠠᠭᠰᠢ ᠭᠠᠷᠪᠠᠯ᠂ ᠪᠢᠳᠡ ᠨᠣᠬᠠᠢ ᠲᠡᠵᠢᠭᠡᠬᠦ ᠡᠮᠬᠢ ᠳᠢᠭᠯᠢᠮ ᠢ ᠰᠠᠬᠢᠵᠤ᠂ ᠨᠤᠬᠠᠢ ᠪᠠᠨ ᠨᠤᠭᠳᠤᠯᠠᠬᠤ ᠶᠢᠨ ᠲᠠᠭᠠᠤ ᠡᠩᠬᠦᠷᠡᠢ ᠠᠮᠢᠲᠠᠨ ᠤ ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠨᠣᠬᠠᠢ ᠲᠡᠵᠢᠭᠡᠭᠴᠢ ᠪᠣᠯᠣᠨ᠎ᠠ︾ ᠭᠡᠵᠡᠢ᠃        ᠪᠥᠸᠧ ᠶᠤᠸᠠᠨ ᠯᠠᠨ ᠬᠠᠢ ᠢᠦᠢ ᠬᠤᠸᠠ ᠵᠣᠴᠢᠳ ᠤᠨ ᠪᠠᠭᠤᠳᠠᠯ ᠳᠤ ᠣᠴᠢᠬᠤ ᠳᠤ᠂ ︽ᠠᠷᠪᠢᠴᠢ ᠭᠠᠮᠲᠠᠢ ᠶᠣᠰᠣ ᠰᠤᠷᠲᠠᠬᠤᠨ ᠢ ᠪᠣᠢ ᠪᠣᠯᠭᠠᠵᠤ᠂ ᠪᠣᠯᠪᠠᠰᠤᠨ ᠬᠤᠭᠤᠯᠠᠨ ᠰᠢᠷᠡᠭᠡ︾᠂ ︽ᠠᠵᠢᠯᠴᠢ ᠠᠷᠪᠢᠴᠢ ᠪᠠᠶᠢᠵᠤ ᠠᠷᠪᠢᠯᠠᠨ ᠭᠠᠮᠨᠠᠶ᠎ᠠ︾ ᠵᠡᠷᠭᠡ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠤᠬᠠᠭᠤᠯᠭ᠎ᠠ ᠶᠢᠨ ᠤᠷᠢᠶ᠎ᠠ ᠯᠣᠽᠦ᠋ᠩ ᠭᠠᠵᠠᠷ ᠪᠣᠯᠭᠠᠨ ᠳᠤ ᠬᠠᠷᠠᠭᠳᠠᠵᠤ᠂ ᠪᠣᠯᠪᠠᠰᠤᠨ ᠬᠤᠭᠤᠯᠠᠨ ᠰᠢᠷᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃
       ︽ᠪᠢᠳᠡ ᠵᠣᠴᠢᠳ ᠤᠨ ᠲᠤᠭ᠎ᠠ ᠶᠢ ᠦᠨᠳᠦᠰᠦᠯᠡᠨ ᠬᠡᠮᠵᠢᠶᠡᠨ ᠳᠡᠭᠡᠨ ᠳᠣᠬᠢᠷᠠᠭᠤᠯᠤᠨ ᠬᠤᠭᠤᠯᠠ ᠪᠤᠳᠠᠭ᠎ᠠ ᠵᠠᠬᠢᠶᠠᠯᠠᠵᠤ᠂ ᠪᠠᠭ᠎ᠠ ᠬᠤᠪᠢ ᠪᠣᠶᠤ ᠬᠠᠭᠠᠰ ᠬᠤᠪᠢ ᠶᠢᠨ ᠨᠣᠭᠤᠭ᠎ᠠ ᠶᠢ ᠰᠣᠩᠭᠤᠵᠤ ᠪᠣᠯᠬᠤ ᠶᠢ ᠣᠯᠠᠨ ᠳᠤ ᠰᠠᠨᠠᠭᠤᠯᠵᠤ ᠪᠠᠶᠢᠨ᠎ᠠ︾  ᠭᠡᠵᠦ ᠬᠢᠩᠭᠠᠨ ᠠᠶᠢᠮᠠᠭ ᠤᠨ ᠪᠥᠸᠧ ᠶᠤᠸᠠᠨ ᠯᠠᠨ ᠬᠠᠢ ᠢᠦᠢ ᠬᠤᠸᠠ ᠵᠣᠴᠢᠳ ᠤᠨ ᠪᠠᠭᠤᠳᠠᠯ ᠤᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠶᠤᠸᠠᠨ ᠴᠦᠨ ᠭᠤᠸᠠᠩ ᠬᠡᠯᠡᠪᠡ᠃        ᠤᠯᠠᠭᠠᠨᠬᠤᠲᠠ ᠣᠯᠠᠨ ᠲᠦᠮᠡᠨ ᠤ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠤᠬᠠᠮᠰᠠᠷ   ᠠᠴᠠ ᠪᠠᠨ ᠡᠰᠡᠷᠭᠦᠴᠡᠨ ᠬᠤᠷᠢᠭᠯᠠᠵᠤ᠂ ᠬᠤᠲᠠ ᠶᠢᠨ ᠪᠣᠯᠪᠠᠰᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠨ᠎ᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号