ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠡᠯ᠎ᠠ ᠲᠠᠯ᠎ᠠ ᠶᠢᠨ ᠠᠵᠢᠯ ᠢᠶᠠᠨ ᠰᠠᠶᠢᠳᠤᠷ ᠪᠠᠶᠢᠷᠢᠯᠠᠭᠤᠯᠤᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2023/7/25
       ᠤᠶᠢᠷ᠎ᠠ ᠶᠢᠨ ᠡᠳᠤᠷ᠂ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠬᠤᠷᠠᠯ ᠬᠤᠷᠠᠯᠳᠤᠭᠤᠯᠵᠤ᠂ ᠡᠯ᠎ᠠ ᠬᠤᠰᠢᠭᠤ ᠰᠢᠶᠠᠨ ᠬᠤᠳᠠ ᠶᠢᠨ ᠲᠤᠪᠴᠢᠶ᠎ᠠ᠂ ᠨᠡᠭᠡᠭᠡᠯᠳᠠ ᠶᠢᠨ ᠤᠷᠤᠨ ᠤ ᠬᠤᠪᠢᠶᠠᠷᠢ ᠲᠤᠪᠴᠢᠶ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠳᠠᠨ ᠠᠴᠠ ᠲᠡᠭᠡᠷ᠎ᠠ ᠬᠠᠭᠠᠰ ᠵᠢᠯ ᠤᠨ ᠠᠵᠢᠯ ᠢᠶᠠᠨ ᠳ᠋ᠦᠩᠨᠡᠯᠳᠠ ᠬᠢᠵᠤ᠂ ᠲᠠᠷᠠᠭᠠᠴᠢ ᠶᠢᠨ ᠠᠵᠢᠯ ᠢᠶᠠᠨ ᠪᠠᠶᠢᠷᠢᠯᠠᠭᠤᠯᠵᠤ᠂ ᠡᠯ᠎ᠠ ᠲᠠᠯ᠎ᠠ ᠶᠢᠨ ᠠᠵᠢᠯ ᠢᠶᠠᠨ ᠪᠦᠳᠤᠮᠵᠢᠳᠠᠢ ᠠᠬᠢᠭᠤᠯᠵᠤ ᠪᠤᠢ᠃        ᠬᠤᠷᠠᠯ ᠳᠤ᠂ ᠬᠠᠷᠠᠯᠳᠠᠳᠤ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ᠂ ᠦᠷ᠎ᠠ ᠳ᠋ᠦᠩ ᠤᠨ ᠤᠳᠤᠷᠢᠳᠤᠮᠵᠢ ᠶᠢ ᠪᠠᠷᠢᠮᠳᠠᠯᠠᠨ᠂ ᠡᠯ᠎ᠠ ᠨᠢᠭᠡᠴᠢ ᠠᠴᠠ ᠦᠵᠡᠯ ᠰᠠᠨᠠᠭ᠎ᠠ ᠲᠠᠨᠢᠯᠳᠠ ᠪᠠᠨ ᠴᠢᠩᠭᠠᠳᠬᠠᠵᠤ᠂ ᠤᠯᠤᠰ ᠲᠦᠷᠥ ᠶᠢᠨ ᠵᠤᠭᠰᠤᠴᠠ ᠪᠠᠨ ᠦᠨᠳᠤᠷᠵᠢᠬᠦᠯᠤᠨ᠂ ᠡᠬᠦᠷᠭᠡ ᠬᠠᠷᠢᠭᠤᠴᠠᠯᠭᠠᠳᠤ ᠤᠪᠤᠷ ᠢᠶᠠᠨ ᠨᠡᠮᠡᠭᠳᠡᠬᠦᠯᠵᠤ᠂ ᠡᠯ᠎ᠠ ᠲᠠᠯ᠎ᠠ ᠶᠢᠨ ᠠᠵᠢᠯ ᠢᠶᠠᠨ ᠡᠷᠳᠠ ᠪᠠᠶᠢᠷᠢᠯᠠᠭᠤᠯᠤᠨ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠡᠯ᠎ᠠ ᠲᠦᠷᠤᠯ ᠤᠨ ᠡᠬᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠬᠦᠴᠤᠯᠡᠨ ᠠᠬᠢᠭᠤᠯᠬᠤ ᠬᠡᠷᠡᠭᠳᠡᠢ︔ ᠡᠯ᠎ᠠ ᠨᠢᠭᠡᠴᠢ ᠶᠢᠨ ᠬᠤᠭᠤᠷᠤᠨᠳᠤᠬᠢ ᠬᠠᠮᠵᠢᠯᠴᠠᠭ᠎ᠠ᠂ ᠭᠠᠳᠠᠭᠠᠳᠤ ᠬᠠᠷᠢᠯᠴᠠᠭ᠎ᠠ ᠪᠠᠨ ᠴᠢᠩᠭᠠᠳᠬᠠᠨ᠂ ᠠᠵᠢᠯ ᠤᠨ ᠪᠠᠶᠢᠳᠠᠯ ᠪᠠ ᠠᠬᠢᠴᠠ ᠪᠠᠨ ᠰᠠᠶᠢᠨ ᠲᠤᠷ᠎ᠠ ᠠᠴᠠ ᠪᠠᠨ ᠮᠡᠳᠡᠬᠦᠯᠤᠯᠳᠠ ᠬᠢᠵᠤ᠂ ᠬᠦᠴᠢᠷᠳᠠᠯ ᠪᠠ ᠠᠰᠠᠭᠤᠳᠠᠯ ᠢᠶᠠᠨ ᠲᠤᠰᠬᠠᠨ᠂ ᠲᠡᠭᠡᠳᠤ ᠱᠠᠳᠤᠨ ᠤ ᠲᠡᠮᠵᠢᠯᠭᠡ ᠶᠢ ᠲᠡᠮᠡᠴᠡᠨ ᠤᠯᠤᠨ᠎ᠠ︔ ᠠᠵᠢᠯ ᠤᠨ ᠢᠳᠡᠪᠬᠢᠵᠢᠯ᠂ ᠤᠬᠠᠮᠰᠠᠷᠳᠤ ᠴᠢᠨᠠᠷ ᠢᠶᠠᠨ ᠲᠡᠭᠡᠭᠰᠢᠯᠡᠬᠦᠯᠤᠨ᠂ ᠤᠨᠴᠠᠭᠠᠶᠢᠯᠠᠨ ︽ᠭᠤᠷᠪᠠᠨ ᠲᠡᠪᠳᠡᠷ ᠨᠠᠷᠢᠨ ᠲᠠᠩᠰᠠ︾᠂ ︽ᠲᠠᠪᠤᠨ ᠶᠡᠭᠡ ᠡᠬᠦᠷᠭᠡ︾᠂ ︽ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶᠡᠴᠢ ᠤᠷᠤᠨ ᠢ ᠡᠬᠦᠳᠤᠨ ᠪᠠᠶᠢᠭᠤᠯᠬᠤ︾ ᠵᠡᠷᠭᠡ ᠬᠡᠳᠤᠨ ᠲᠦᠷᠤᠯ ᠤᠨ ᠭᠤᠥᠯᠳᠠᠯᠭ᠎ᠠ ᠲᠠᠢ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠬᠠᠮᠳᠤ ᠪᠠᠷ ᠠᠬᠢᠭᠤᠯᠤᠨ᠂ ᠲᠦᠷᠤᠯ ᠪᠦᠷᠢ ᠪᠠᠷ ᠰᠤᠳᠤᠯᠤᠨ ᠨᠠᠶᠢᠳᠠᠪᠤᠷᠢᠵᠢᠭᠤᠯᠵᠤ᠂ ᠡᠯ᠎ᠠ ᠲᠦᠷᠤᠯ ᠤᠨ ᠠᠵᠢᠯ ᠢᠶᠠᠨ ᠴᠠᠭ ᠲᠤᠬᠠᠢ ᠳᠤᠨᠢ ᠲᠠᠭᠤᠰᠬᠠᠨ᠂ ᠶᠠᠰᠤ ᠴᠢᠨᠠᠷ ᠢ ᠪᠠᠳᠤᠯᠠᠬᠤ ᠬᠡᠷᠡᠭᠳᠡᠢ ᠭᠡᠵᠤ ᠱᠠᠭᠠᠷᠳᠠᠵᠠᠢ᠃        ᠲᠠᠷᠠᠭᠠᠴᠢ ᠶᠢᠨ ᠠᠵᠢᠯ ᠢᠶᠠᠨ ᠬᠡᠳᠤᠨ ᠲᠠᠯ᠎ᠠ ᠪᠠᠷ ᠪᠠᠶᠢᠷᠢᠯᠠᠭᠤᠯᠪᠠ᠃ ᠵᠠᠰᠠᠭ ᠤᠨ ᠤᠷᠳᠤᠨ ᠲᠠᠢ ᠬᠠᠮᠵᠢᠯᠴᠠᠨ ᠪᠠᠷᠢᠮᠵᠢᠶᠠᠵᠢᠭᠰᠠᠨ ᠲᠦᠷᠢᠮᠵᠢᠭᠰᠡᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠭᠠᠵᠠᠷ ᠢ ᠪᠠᠶᠢᠭᠤᠯᠵᠤ᠂ ᠲᠤᠪᠴᠢᠶᠠᠨ ᠤ ᠰᠢᠨ᠎ᠠ ᠪᠠᠷ ᠨᠡᠶᠢᠳᠡᠯᠡᠭᠰᠡᠨ ᠪᠠᠷᠢᠮᠵᠢᠶ᠎ᠠ ᠳᠤ ᠨᠠᠷᠢᠨ ᠬᠢᠨᠠᠮᠠᠭᠠᠢ ᠬᠠᠷᠭᠤᠭᠤᠯᠤᠨ᠂ ᠲᠦᠰᠥᠪ ᠢᠶᠠᠨ ᠲᠤᠳᠤᠷᠬᠠᠶᠢᠯᠠᠵᠤ᠂ ᠨᠢᠭᠡ ᠪᠦᠯᠦᠭ ᠲᠤᠨᠤᠭ ᠲᠦᠬᠦᠭᠡᠷᠤᠮᠵᠢ ᠪᠦᠷᠢᠨ᠂ ᠡᠩᠨᠡᠭᠡ ᠶᠢᠨ ᠬᠡᠪ ᠴᠢᠨᠠᠷ ᠦᠨᠳᠤᠷ ︽ᠵᠢᠱᠢᠶᠡᠴᠢ ᠬᠢᠨᠠᠯᠳᠠ ᠬᠠᠮᠢᠶᠠᠷᠤᠯᠳᠠ ᠶᠢᠨ ᠭᠠᠵᠠᠷ︾ ᠢ ᠪᠠᠶᠢᠭᠤᠯᠤᠨ᠎ᠠ︔ ︽ᠷᠠᠰᠢᠶᠠᠨ ᠤᠰᠤ︾ ︽ᠬᠢᠩᠭᠠᠨ ᠤ ᠲᠠᠢ ᠫᠢᠩ ᠵᠢᠮᠢᠰ︾ ᠵᠡᠷᠭᠡ ᠡᠯ᠎ᠠ ᠲᠦᠷᠤᠯ ᠤᠨ ᠤᠷᠤᠨ ᠨᠤᠳᠤᠭ ᠤᠨ ᠤᠨᠴᠠ ᠭᠠᠷᠤᠯᠳᠠ ᠶᠢᠨ ᠲᠠᠸᠠᠷ ᠤᠨ ᠲᠡᠮᠳᠡᠭ ᠢ ᠬᠦᠢᠴᠡᠳᠭᠡᠬᠦ ᠠᠬᠢᠴᠠ ᠶᠢ ᠲᠦᠷᠭᠡᠳᠭᠡᠨ ᠠᠬᠢᠭᠤᠯᠤᠨ᠎ᠠ︔ ᠤᠨᠴᠠᠯᠢᠭᠳᠤ ᠠᠵᠤ ᠠᠬᠤᠶᠢᠯᠠᠯ ᠤᠨ ᠦᠪᠡᠷᠳᠡᠭᠡᠨ ᠵᠠᠰᠠᠬᠤ ᠤᠷᠤᠨ ᠤ ᠴᠢᠨᠠᠷ ᠰᠠᠶᠢᠳᠠᠢ ᠪᠠᠷᠢᠮᠵᠢᠶᠠᠨ ᠤ ᠰᠢᠰᠲ᠋ᠧᠮ ᠤᠨ ᠲᠦᠷᠤᠯ ᠵᠦᠢᠯ ᠳᠤ ᠤᠷᠤᠭᠤᠯᠬᠤ ᠶᠢ ᠠᠬᠢᠭᠤᠯᠬᠤ ᠶᠢᠨ ᠬᠠᠮᠳᠤ ᠲᠠᠸᠠᠷ ᠤᠨ ᠲᠡᠮᠳᠡᠭ ᠢᠶᠠᠨ ᠲᠠᠩᠰᠠᠨ ᠳᠤ ᠪᠦᠷᠢᠳᠭᠡᠭᠰᠠᠨ ᠦᠭᠡᠢ ᠠᠵᠤ ᠠᠬᠤᠶᠢᠯᠠᠯ ᠳᠤ ᠪᠤᠯᠪᠠᠰᠤᠷᠠᠯ ᠪᠠ ᠵᠢᠯᠤᠭᠤᠳᠤᠯᠭ᠎ᠠ ᠬᠦᠷᠳᠡᠭᠡᠨ᠎ᠠ︔ ᠦᠪᠠᠷᠳᠡᠭᠡᠨ ᠵᠠᠰᠠᠬᠤ ᠤᠷᠤᠨ ᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠲᠠᠢ ᠦᠪᠤᠷ ᠮᠤᠩᠭᠤᠯ ᠤᠨ ᠵᠡᠬᠦᠨ ᠤᠷᠤᠨ ᠤ ᠢᠳᠡᠭᠡᠨ ᠤ ᠬᠢᠨᠠᠨ ᠰᠢᠯᠭᠠᠬᠤ ᠲᠦᠪ ᠤᠨ ᠲᠤᠷᠰᠢᠯᠳᠠ ᠶᠢᠨ ᠲᠦᠬᠦᠭᠡᠷᠤᠮᠵᠢ ᠶᠢ ᠵᠤᠬᠢᠴᠠᠭᠤᠯᠤᠨ᠂ ᠲᠤᠷᠰᠢᠯᠳᠠ ᠶᠢᠨ ᠭᠡᠷ ᠤᠨ ᠵᠠᠰᠠᠨ ᠰᠢᠨᠡᠳᠭᠡᠬᠦ ᠠᠵᠢᠯ ᠤᠨ ᠬᠠᠮᠳᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠢᠵᠢᠭ ᠠᠵᠤ ᠠᠬᠤᠶᠢᠯᠠᠯ ᠤᠨ ᠬᠤᠪᠢ ᠶᠢᠨ ᠡᠵᠡᠩᠨᠡᠯᠳᠠ ᠶᠢᠨ ᠠᠵᠤ ᠦᠢᠯᠡᠳᠪᠤᠷᠢ ᠶᠢᠨ ᠡᠷᠤᠬᠡ ᠶᠢᠨ ᠭᠤᠷᠪᠠᠨ ᠵᠢᠯ ᠤᠨ ᠬᠦᠭᠵᠢᠯᠳᠠ ᠶᠢᠨ ᠲᠦᠯᠤᠪᠵᠢᠬᠦᠯᠭᠡ ︵2023 — 2025 ︶︾ ᠶᠢᠨ ᠤᠬᠠᠭᠤᠯᠭ᠎ᠠ ᠶᠢᠨ ᠠᠵᠢᠯ ᠢ ᠰᠠᠶᠢᠳᠤᠷ ᠬᠢᠵᠤ᠂ ︽ᠬᠤᠪᠢ ᠶᠢᠨ ᠡᠵᠡᠩᠨᠡᠯᠳᠠ ᠠᠴᠠ ᠠᠵᠤ ᠠᠬᠤᠶᠢᠯᠠᠯ ᠲᠡᠶᠢᠰᠢ ᠬᠤᠪᠢᠷᠠᠬᠤ︾ ᠠᠵᠢᠯ ᠢ ᠡᠮᠬᠢ ᠵᠢᠷᠤᠮ ᠲᠠᠢ ᠠᠬᠢᠭᠤᠯᠵᠤ᠂ ᠭᠤᠥᠯᠳᠠᠯᠭ᠎ᠠ ᠲᠠᠢ ᠬᠠᠪᠰᠤᠷᠤᠨ ᠲᠡᠳᠬᠦᠬᠦ ᠡᠳᠡᠭᠡᠳ ᠢᠶᠠᠨ ᠲᠤᠭᠳᠠᠭᠠᠨ᠂ ᠲᠦᠷᠥ ᠶᠢᠨ ᠪᠤᠳᠤᠯᠭ᠎ᠠ ᠶᠢᠨ ᠲᠡᠮᠵᠢᠯᠭᠡ ᠪᠠ ᠦᠢᠯᠡᠴᠢᠯᠡᠭᠡ ᠪᠠᠨ ᠴᠢᠩᠭᠠᠳᠬᠠᠵᠤ᠂ ᠬᠦᠭᠵᠢᠯᠳᠠ ᠶᠢᠨ ᠶᠠᠰᠤ ᠴᠢᠨᠠᠷ ᠦᠷ᠎ᠠ ᠪᠦᠳᠤᠮᠵᠢ ᠶᠢ ᠲᠠᠰᠤᠷᠠᠯᠳᠠ ᠦᠭᠡᠢ ᠲᠡᠭᠡᠭᠰᠢᠯᠡᠬᠦᠯᠤᠨ᠎ᠠ︔ ᠠᠵᠢᠯ ᠲᠦᠷᠤᠯ ᠤᠨ ᠤᠪᠤᠷ ᠰᠤᠷᠳᠠᠯ ᠢᠶᠠᠨ ᠴᠡᠭᠴᠡᠯᠡᠨ ᠵᠠᠰᠠᠵᠤ᠂ ᠬᠦᠮᠤᠵᠢᠯ ᠬᠠᠮᠢᠶᠠᠷᠤᠯᠳᠠ ᠳᠤ ᠲᠦᠪᠯᠡᠷᠡᠬᠦᠯᠤᠨ᠂ ᠴᠡᠭᠴᠡᠯᠡᠨ ᠵᠠᠰᠠᠬᠤ ᠬᠦᠴᠤᠯᠡᠴᠠ ᠪᠠᠨ ᠨᠡᠮᠡᠭᠳᠡᠬᠦᠯᠵᠤ᠂ ᠤᠯᠠᠨ ᠲᠦᠮᠡᠨ ᠤ ᠬᠢᠨᠠᠯᠳᠠ ᠲᠠᠯᠪᠢᠬᠤ ᠵᠠᠮ ᠢ ᠰᠢᠯᠤᠭᠤᠳᠬᠠᠨ᠂ ᠠᠵᠢᠯ ᠲᠦᠷᠤᠯ ᠤᠨ ᠤᠪᠤᠷ ᠰᠤᠷᠳᠠᠯ ᠳᠤ ᠤᠷᠤᠰᠢᠵᠤ ᠪᠠᠶᠢᠭ᠎ᠠ ᠠᠰᠠᠭᠤᠳᠠᠯ ᠤᠨ ᠰᠦᠪᠡᠭᠴᠢ ᠪᠠ ᠰᠠᠨᠠᠯ ᠢ ᠪᠦᠬᠦ ᠲᠠᠯ᠎ᠠ ᠪᠠᠷ ᠴᠤᠭᠯᠠᠭᠤᠯᠵᠤ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠤᠨ᠂ ᠤᠬᠢ ᠰᠠᠶᠢᠨ ᠲᠦᠷᠢ ᠲᠦᠷᠬᠦ ᠶᠢ ᠱᠤᠭᠤᠨ᠎ᠠ︔ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭᠠᠳᠤ ᠲᠦᠷᠢᠮ ᠤᠨ ᠠᠷᠭ᠎ᠠ ᠠᠪᠴᠠᠯ ᠤᠨ ᠠᠯᠬᠤᠮ ᠲᠠᠷᠠᠭ᠎ᠠ᠂ ᠲᠠᠭᠤᠰᠬᠠᠬᠤ ᠴᠠᠭ ᠤᠨ ᠬᠢᠵᠠᠭᠠᠷ᠂ ᠠᠵᠢᠯ ᠤᠨ ᠱᠠᠭᠠᠷᠳᠠᠯᠭ᠎ᠠ ᠶᠢ ᠲᠠᠬᠢᠨ ᠲᠤᠳᠤᠷᠬᠠᠶᠢᠯᠠᠵᠤ᠂ ᠠᠵᠢᠯ ᠤᠨ ᠴᠢᠳᠠᠪᠬᠢ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠪᠦᠬᠦ ᠲᠠᠯ᠎ᠠ ᠪᠠᠷ ᠪᠠᠳᠤᠯᠨᠨ᠎ᠠ︔ ᠵᠠᠬ᠎ᠠ ᠲᠡᠯᠭᠡᠬᠦᠷ ᠤᠨ ᠭᠤᠥᠯ ᠴᠤᠭᠴᠠ ᠳᠤ ᠦᠢᠯᠡᠴᠢᠯᠡᠬᠦ ᠠᠵᠢᠯ ᠢ ᠰᠠᠶᠢᠳᠤᠷ ᠬᠢᠵᠤ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠵᠤᠭᠰᠤᠴᠠ ᠠᠴᠠ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠲᠤᠭ᠎ᠠ ᠪᠠ ᠴᠢᠨᠠᠷ ᠤᠨ ᠪᠦᠳᠤᠮᠵᠢᠳᠠᠢ ᠲᠡᠭᠡᠭᠰᠢᠯᠡᠬᠦᠯᠬᠦ ᠶᠢ ᠠᠬᠢᠭᠤᠯᠤᠨ᠎ᠠ︔ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠬᠦᠭᠵᠢᠯᠳᠠ ᠶᠢ ᠴᠢᠬᠤᠯᠠᠴᠢᠯᠠᠨ᠂ ᠪᠠᠶᠢᠴᠠᠭᠠᠨ ᠰᠤᠳᠤᠯᠬᠤ ᠬᠦᠴᠤᠯᠡᠴᠠ ᠪᠠᠨ ᠴᠢᠩᠭᠠᠷᠠᠭᠤᠯᠵᠤ᠂ ᠲᠤᠭ᠎ᠠ ᠬᠡᠮᠵᠢᠶ᠎ᠠ ᠶᠢ ᠨᠡᠮᠡᠭᠳᠡᠬᠦᠯᠤᠨ ᠂ ᠪᠦᠷᠬᠦᠴᠠ ᠶᠢ ᠦᠷᠭᠡᠳᠭᠡᠵᠤ᠂ ᠮᠠᠯᠴᠢᠳ ᠤᠨ ᠲᠤᠰᠬᠠᠢ ᠬᠤᠷᠰᠢᠶᠠᠵᠢᠯ ᠤᠨ ᠬᠤᠪᠢ ᠶᠢᠨ ᠪᠤᠳᠠᠳᠤ ᠬᠦᠴᠤᠨ ᠪᠠ ᠬᠦᠭᠵᠢᠯᠳᠠ ᠶᠢᠨ ᠡᠷᠴᠢ ᠬᠦᠴᠤᠨ ᠢ ᠴᠢᠩᠭᠠᠷᠠᠭᠤᠯᠤᠨ᠎ᠠ︔ ᠰᠢᠯᠭᠠᠨ ᠬᠢᠨᠠᠬᠤ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠡᠯ᠎ᠠ ᠲᠦᠷᠤᠯ ᠤᠨ ᠠᠵᠢᠯ ᠤᠨ ᠰᠢᠯᠭᠠᠨ ᠦᠨᠡᠯᠡᠬᠦ ᠨᠠᠷᠢᠨ ᠲᠦᠷᠢᠮ ᠪᠠ ᠦᠩᠭᠡᠷᠡᠭᠰᠡᠨ ᠤ ᠤᠷᠤᠰᠢᠵᠤ ᠪᠠᠶᠢᠭᠰᠠᠨ ᠠᠰᠠᠭᠤᠳᠠᠯ ᠲᠠᠢ ᠬᠠᠷᠭᠤᠭᠤᠯᠤᠨ᠂ ᠬᠠᠨᠳᠤᠯᠭᠠᠳᠤ ᠴᠢᠨᠠᠷ ᠲᠠᠢ ᠪᠠᠷ ᠪᠠᠭᠤᠷᠠᠢ ᠲᠠᠯ᠎ᠠ ᠪᠠᠨ ᠬᠦᠴᠤᠷᠬᠡᠭᠵᠢᠬᠦᠯᠤᠨ᠂ ᠲᠤᠳᠠᠭᠤᠳᠠᠯ ᠢᠶᠠᠨ ᠨᠦᠬᠦᠪᠤᠷᠢᠯᠡᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号