ᠮᠠᠨ ᠤ ᠠᠶᠢᠮᠠᠬ ᠡᠷᠡᠬᠦᠯ ᠡᠩᠭᠡ ᠬᠢᠨᠭ᠍ᠭᠠᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/7/25
       ᠡᠷᠡᠭᠦᠯ ᠡᠩᠭᠡ ᠶᠢᠨ ᠳᠤᠬᠠᠢ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠳᠡᠭᠡ ᠳᠤᠰᠬᠤᠨ ᠤ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠮᠠᠯᠴᠢᠨ ᠲᠠᠷᠢᠶᠠᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ᠂ ᠤᠶᠢᠷ᠎ᠠ ᠶᠢᠨ ᠡᠳᠦᠷ ᠠᠶᠢᠮᠠᠬ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠂ ᠠᠶᠢᠮᠠᠬ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠯᠪᠠᠨ ᠭᠡᠷ᠂ ᠡᠷᠡᠬᠦᠯ ᠡᠩᠭᠡ ᠬᠢᠨᠭ᠍ᠭᠠᠨ ᠢ ᠠᠬᠢᠭᠤᠯᠬᠤ ᠠᠯᠪᠠᠨ ᠭᠡᠷ ᠠᠴᠠ ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠪᠡᠶ᠎ᠡ ᠰᠡᠳᠭᠢᠯ ᠤᠨ ᠡᠷᠡᠭᠦᠯ ᠮᠡᠨᠳᠦ ᠪᠠᠨ ᠬᠠᠮᠠᠭᠠᠯᠠᠬᠤ ︾ ᠪᠠᠷ ᠰᠡᠳᠦᠪ ᠪᠤᠯᠭᠠᠬᠰᠡᠨ ᠠᠵᠢᠯᠯᠠᠭ᠎ᠠ ᠪᠠᠨ ᠤᠯᠠᠭᠠᠨᠬᠤᠲᠠ ᠶᠢᠨ ᠰᠡᠷᠭᠡᠨ ᠤᠳᠤ ᠦᠶ᠎ᠡ ᠶᠢᠨ ᠳᠠᠷᠢᠶᠠᠯᠠᠩ ᠤᠨ ᠤᠷᠤᠨ ᠳᠤᠭᠤᠷᠢᠭ ᠲᠤ ᠶᠠᠪᠤᠭᠳᠠᠭᠤᠯᠪᠠ᠃        ᠠᠵᠢᠯᠯᠠᠭ᠎ᠠ ᠳᠤ᠂ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤᠰᠬᠠᠢ ᠮᠡᠷᠭᠡᠵᠢᠯᠲᠡᠨ ᠢ ᠤᠷᠢᠵᠥ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠶᠢᠨ ᠲᠣᠭᠤᠷᠢᠨ ᠳᠤ ᠲᠠᠶᠢᠯᠤᠮᠵᠢ ᠬᠢᠯᠭᠡᠵᠦ᠂ ᠡᠪᠡᠳᠴᠢᠨ ᠤ ᠡᠭᠦᠰᠦᠯ᠂ ᠡᠪᠡᠳᠴᠢᠨ ᠤ ᠡᠮᠴᠢᠯᠡᠭᠡᠨ ᠤ ᠢᠯᠡᠷᠡᠯ᠂ ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠪᠠ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠬᠦ ᠮᠡᠳᠡᠯᠭᠡ ᠪᠣᠯᠤᠨ ᠠᠮᠢᠳᠤᠷᠠᠯ ᠤᠨ ᠤᠷ᠎ᠠ ᠮᠡᠷᠭᠡᠵᠢᠯ ᠢ ᠲᠦᠭᠡᠮᠡᠯᠵᠢᠭᠦᠯᠵᠦ᠂ ᠡᠪᠡᠳᠴᠢᠨ ᠬᠢᠵᠢᠭ ᠠᠴᠠ ᠰᠡᠷᠭᠡᠶᠢᠯᠡᠬᠦ ᠤᠬᠠᠮᠰᠠᠷ ᠢ ᠨᠢ ᠲᠡᠬᠡᠭᠰᠢᠯᠠᠭᠦᠯᠪᠡ᠃ ᠡᠭᠦᠨ ᠤ ᠬᠠᠮᠲᠤ᠂ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠮᠢᠰᠬᠤᠯ ᠤᠨ ᠳᠣᠲᠣᠷ ᠰᠠᠯᠠᠭ᠎ᠠ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ᠂ ᠬᠡᠲᠦ ᠲᠠᠭᠤᠨ ᠳᠣᠯᠭᠢᠶᠠᠨ ᠤ ᠰᠠᠯᠠᠭ᠎ᠠ ᠶᠢᠨ ᠲᠤᠰᠬᠠᠶ ᠮᠡᠷᠭᠡᠵᠢᠯᠲᠡᠨ ᠠᠷᠠᠳ ᠤᠯᠠᠨ ᠳᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠵᠥᠪᠯᠡᠯᠭᠡ ᠥᠭᠴᠦ᠂ ᠠᠷᠠᠳ ᠢᠷᠭᠡᠳ ᠤᠨ ᠣᠳᠣᠬᠠᠨ ᠳᠤ ᠲᠤᠯᠭᠠᠷᠠᠵᠤ ᠪᠠᠶᠢᠭ᠎ᠠ ᠪᠠ ᠣᠷᠣᠰᠢᠵᠤ ᠪᠠᠶᠢᠭ᠎ᠠ ᠡᠷᠡᠭᠦᠯ ᠮᠡᠨᠳᠦ ᠶᠢᠨ ᠠᠰᠠᠭᠤᠳᠠᠯ ᠤᠨ ᠲᠣᠭᠤᠷᠢᠨ ᠳᠤ ᠡᠷᠡᠭᠦᠯ ᠮᠡᠨᠳᠦ ᠶᠢᠨ ᠵᠣᠷ ᠪᠢᠴᠢᠵᠦ᠂ ᠠᠷᠠᠳ ᠤᠯᠠᠨ ᠢ ᠬᠥᠲᠥᠯᠦᠨ ᠵᠢᠯᠣᠭᠤᠳᠴᠤ ᠪᠠᠶᠢᠭᠠᠳ ᠡᠷᠡᠬᠦᠯ ᠡᠩᠭᠡ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠪᠠ᠃        ᠲᠠᠷᠠᠭᠠᠴᠢ ᠪᠠᠷ᠂ ᠡᠯ᠎ᠠ ᠬᠤᠰᠢᠭᠤ ᠰᠢᠶᠠᠨ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠷᠡᠭᠦᠯ ᠮᠡᠨᠳᠦ ᠶᠢᠨ ᠬᠥᠮᠦᠵᠢᠯ ᠤᠨ ᠪᠠᠶᠢᠭᠤᠯᠤᠮᠵᠢ ᠤᠨᠢᠨ ᠳᠡᠭᠡᠷ᠎ᠡ ᠨᠢ ᠬᠦᠴᠦᠯᠡᠵᠦ᠂ ᠪᠥᠬᠦ ᠠᠶᠢᠮᠠᠭ ᠤᠨ ᠬᠡᠪᠴᠢᠶᠡᠨ ᠳᠤ ᠢᠯᠠᠩᠭᠤᠶ᠎ᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠥ᠂ ᠪᠦᠬᠦ ᠠᠶᠢᠮᠠᠭ ᠤᠨ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号