| ᠤᠶᠢᠷ᠎ᠠ ᠶᠢᠨ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠡᠯ᠎ᠠ ᠰᠠᠯᠠᠭ᠎ᠠ | ᠮᠦᠴᠢᠷ ᠤᠨ ᠬᠢᠨ ᠬᠠᠮᠵᠢᠯᠴᠠᠨ᠂ ᠪᠥᠬᠦ ᠺᠠᠳ᠋ᠷ ᠴᠠᠬᠳᠠᠭ᠎ᠠ ᠤᠷᠤᠯᠴᠠᠬᠰᠠᠨ ᠵᠤᠨ ᠤ ᠤᠯᠠᠷᠢᠯ ᠤᠨ ᠨᠡᠶᠢᠭᠡᠮ ᠤᠨ | ᠠᠮᠤᠷ ᠢ ᠬᠠᠮᠠᠭᠠᠯᠠᠬᠤ ᠴᠡᠭᠴᠡᠯᠡᠨ ᠵᠠᠰᠠᠯᠳᠠ ᠶᠢᠨ ᠠᠵᠢᠯᠯᠠᠭ᠎ᠠ ᠥᠷᠨᠢᠭᠦᠯᠵᠥ᠂ ᠬᠠᠷᠢᠶᠠᠳᠦ ᠤᠷᠤᠨ ᠤ ᠪᠠᠨ ᠵᠣᠨ ᠤ | ᠤᠯᠠᠷᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠵᠢᠮ᠎ᠡ ᠶᠣᠰᠣ ᠣᠨᠴᠠᠯᠢᠭ ᠵᠢᠴᠢ ᠣᠯᠠᠨ | ᠲᠦᠮᠡᠨ ᠤ ᠲᠤᠰᠬᠠᠯ ᠶᠡᠬᠡᠲᠡᠶ ᠪᠠᠶᠢᠭ᠎ᠠ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠡᠳ᠋ ᠮᠥᠩᠭᠦ ᠶᠢ ᠵᠣᠷᠢᠭᠤᠳᠠ | ᠬᠤᠬᠢᠷᠠᠭᠤᠯᠬᠤ᠂ ᠣᠯᠠᠭᠤᠯᠠ ᠨᠡᠶᠢᠯᠡᠵᠦ ᠵᠣᠳᠣᠭᠠᠨ ᠬᠢᠬᠦ ᠵᠡᠷᠭᠡ ᠬᠡᠷᠡᠭ ᠢ ᠴᠢᠩᠭ᠎ᠠ ᠠᠩᠬᠠᠷᠴᠤ᠂ ︽ᠥᠴᠦᠬᠡᠨ ᠴᠦ | ᠠᠭᠤᠴᠢᠯᠠᠬᠤ ᠥᠬᠡᠶ︾ ᠪᠠᠶᠢᠬᠤ ᠶᠢ ᠪᠠᠲᠤᠯᠠᠵᠤ᠂ ︽ᠲᠦᠷᠭᠡᠨ ᠣᠨᠣᠴᠠᠲᠠᠶ ᠬᠦᠴᠦᠲᠡᠶ︾ ᠪᠠᠶᠢᠬᠤ ᠶᠢ | ᠳᠣᠪᠤᠶᠢᠯᠭᠠᠨ᠂ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠪᠥᠬᠦ ᠲᠠᠯ᠎ᠠ ᠪᠠᠷ ᠰᠢᠬᠠᠨ ᠳᠠᠷᠤᠵᠤ᠂ ᠬᠦᠴᠦᠷᠬᠡᠭ ᠶᠡᠭᠡ | ᠰᠦᠷᠳᠡᠭᠦᠯᠦᠯ ᠢ ᠪᠣᠶ ᠪᠣᠯᠭᠠᠵᠤ᠂ ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ | ᠨᠡᠮᠡᠭᠳᠡᠬᠦᠯᠪᠡ᠃ | ᠪᠠᠶᠢᠴᠠᠭᠠᠯᠳᠠ ᠶᠢᠨ ᠠᠵᠢᠯᠯᠠᠭ᠎ᠠ ᠳᠤ᠂ ᠤᠯᠠᠭᠠᠨᠬᠤᠳᠠ ᠶᠢᠨ ᠳᠣᠲᠣᠭᠠᠳᠤ ᠶᠢ ᠬᠠᠮᠠᠭᠠᠯᠠᠬᠤ | ᠳᠤᠪᠴᠢᠶᠠᠨ ᠤ ᠬᠢᠨ ᠴᠠᠭᠳᠠᠭᠠᠨ ᠤ ᠬᠦᠴᠦᠨ ᠢ ᠨᠡᠶᠢᠲᠡ 1300 ᠭᠠᠷᠤᠶ ᠬᠥᠮᠦᠨ ︵ᠤᠳᠠᠭ᠎ᠠ︶ ᠬᠦᠳᠡᠯᠭᠡᠨ᠂ | 672 ᠠᠵᠢᠯ ᠲᠥᠷᠥᠯ ᠤᠨ ᠲᠠᠯᠠᠪᠤᠷ ᠭᠠᠵᠠᠷ ᠢᠶᠠᠷ ᠪᠠᠶᠢᠴᠠᠭᠠᠯᠳᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ | ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠬᠰᠠᠨ ᠪᠠᠶᠢᠨ᠎ᠠ᠃ ᠳᠤᠬᠠᠶᠢᠯᠠᠪᠠᠯ ᠵᠠᠮ | ᠬᠠᠷᠢᠯᠴᠠᠭᠠᠨ ᠤ ᠳᠤᠭᠤᠷᠢᠨ ᠴᠠᠬᠳᠠᠬᠤ ᠶᠡᠭᠡ ᠠᠩᠬᠢ ᠶᠢᠨ ᠬᠢᠨ ᠰᠦᠨᠢ ᠶᠢᠨ ᠪᠠᠶᠢᠴᠠᠭᠠᠯᠳᠠ ᠶᠢᠨ ᠠᠵᠢᠯᠯᠠᠭ᠎ᠠ | ᠦᠷᠨᠢᠬᠦᠯᠵᠦ᠂ ᠰᠤᠬᠳᠤᠭᠤ ᠪᠠᠷ ᠲᠡᠷᠭᠡ ᠵᠢᠯᠣᠭᠤᠳᠤᠭᠰᠠᠨ 11 ᠬᠡᠷᠡᠭ᠂ ᠠᠶᠤᠯᠲᠠᠢ ᠪᠠᠷ ᠲᠡᠷᠭᠡ ᠵᠢᠯᠣᠭᠤᠳᠤᠭᠰᠠᠨ | 2 ᠬᠡᠷᠡᠭ᠂ ᠦᠨᠡᠮᠯᠡᠯ ᠦᠭᠡᠢ ᠪᠠᠷ ᠲᠡᠷᠭᠡ ᠵᠢᠯᠣᠭᠤᠳᠤᠭᠰᠠᠨ 3 ᠬᠡᠷᠡᠭ ᠵᠡᠷᠭᠡ ᠵᠠᠮ ᠬᠠᠷᠢᠯᠴᠠᠭᠠᠨ ᠤ ᠠᠮᠤᠷ | ᠲᠦᠪᠰᠢᠨ ᠢ ᠡᠪᠳᠡᠭᠰᠡᠨ ᠭᠡᠷᠡᠭ ᠢ ᠢᠯᠡᠷᠡᠬᠦᠯᠵᠦ᠂ ᠬᠠᠮᠢᠶ᠎ᠠ ᠪᠦᠬᠦᠢ ᠲᠦᠷᠢᠮ ᠳᠤᠬᠳᠠᠭᠠᠯ ᠢ ᠦᠨᠳᠦᠰᠦᠯᠡᠨ | ᠳᠤᠷᠭᠤᠭᠠᠨ ᠰᠢᠳᠭᠡᠪᠡ᠃ ᠡᠬᠦᠨ ᠠᠴᠠ ᠭᠠᠳᠠᠨ᠎ᠠ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ | ᠳᠤᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠶᠢᠨ ᠬᠢᠨ 46 ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ | ᠰᠢᠢᠳᠪᠦᠷᠢᠯᠡᠵᠦ᠂ 90 ᠬᠥᠮᠦᠨ ᠳᠤ ᠵᠠᠰᠠᠭ ᠵᠠᠬᠢᠷᠭᠠᠨ ᠤ ᠰᠢᠳᠭᠡᠯ ᠥᠭᠪᠡ︔ ᠡᠷᠡᠭᠦᠦ ᠶᠢᠨ ᠬᠡᠷᠡᠭ ᠢ 6 | ᠢᠯᠡᠷᠡᠭᠦᠯᠵᠦ᠂ 4 ᠬᠥᠮᠦᠨ ᠢ ᠬᠠᠤᠯᠢ ᠶᠤᠰᠤᠭᠠᠷ ᠰᠢᠳᠭᠡᠭᠰᠡᠨ ᠪᠠᠶᠢᠨ᠎ᠠ᠃ | ᠡᠬᠦᠨ ᠤ ᠵᠡᠷᠭᠡ ᠪᠠᠷ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶᠠᠨ ᠤ ᠬᠢᠨ | ᠤᠬᠠᠭᠤᠯᠵᠦ ᠰᠡᠷᠡᠮᠵᠢᠯᠡᠬᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠭᠤᠳᠠᠮ ᠳᠠᠯᠠᠪᠠᠢ᠂ ᠪᠠᠭ᠎ᠠ ᠳᠤᠭᠤᠷᠢᠬ | ᠂ ᠨᠠᠭᠠᠳᠤᠮ ᠴᠠᠩᠭᠡᠯ ᠤᠨ ᠭᠠᠵᠠᠷ ᠢᠶᠠᠷ ᠬᠦᠨᠵᠡᠭᠡᠶᠢᠷᠡᠵᠦ᠂ ᠰᠠᠭᠤᠭᠠᠯᠢ ᠠᠷᠠᠳ ᠵᠢᠴᠢ ᠪᠠᠭᠠᠴᠤᠳ ᠭᠡᠤᠭᠡᠳ ᠲᠤ | ᠤᠰᠤᠨ ᠳᠤ ᠴᠠᠴᠠᠬᠤ ᠠᠴᠠ ᠰᠡᠷᠭᠡᠶᠢᠯᠡᠬᠦ᠂ ᠬᠤᠤᠷᠳᠦ ᠡᠳ᠋ ᠠᠴᠠ ᠵᠠᠶᠢᠯᠠᠬᠤ᠂ ᠠᠮᠤᠷ ᠲᠦᠪᠰᠢᠨ ᠢᠶᠠᠷ ᠳᠡᠷᠭᠡ | ᠵᠢᠯᠤᠭᠤᠳᠬᠤ᠂ ᠱᠠᠯᠢᠬ ᠵᠠᠪᠬᠠᠢ ᠵᠤᠭᠤᠰ ᠮᠦᠷᠦᠶᠢᠴᠡᠬᠦ ᠠᠴᠠ ᠴᠡᠭᠡᠷᠯᠡᠬᠦ ᠵᠡᠷᠭᠡ ᠤᠬᠠᠭᠤᠯᠭ᠎ᠠ ᠬᠦᠮᠦᠵᠢᠯ ᠬᠢᠵᠦ᠂ | ᠬᠠᠮᠳᠦ ᠪᠠᠷ ᠠᠮᠤᠷ ᠲᠦᠪᠰᠢᠨ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠶᠢ ᠤᠬᠠᠭᠤᠯᠤᠬᠰᠠᠨ ᠪᠠᠶᠢᠨ᠎ᠠ᠃ |