ᠤᠯᠠᠭᠠᠨᠬᠤᠲᠠ ᠶᠢᠨ ᠲᠦᠷᠦᠭᠦᠸ ᠬᠠᠭᠠᠰ ᠵᠢᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 9.1 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2023/7/25
        2023 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 9.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 19.46% ᠪᠠᠷ ᠨᠡᠮᠡᠭᠳᠡᠵᠦ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 3.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.81% ᠪᠠᠷ ᠨᠡᠮᠡᠭᠳᠡᠪᠡ᠃ ᠳᠡᠭᠡᠭᠡᠳ ᠬᠢᠩᠭᠠᠨ ᠠᠶᠢᠮᠠᠭ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ 58.98% ᠶᠢ ᠡᠵᠡᠯᠡᠨ᠂ ᠨᠢᠭᠡᠳᠦᠭᠡᠷ ᠲᠤ ᠵᠢᠭᠰᠠᠭᠠᠭᠳᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 0.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.61% ᠪᠠᠷ ᠨᠡᠮᠡᠭᠳᠡᠵᠡᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号