ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠠᠷᠬᠠᠭᠠᠭᠰᠠᠨ | 〔2023〕 6 ᠳ᠋ᠤᠭᠠᠷ ᠲᠣᠭᠠᠲᠤ | ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄ | ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ ᠶᠢ ᠰᠢᠯᠵᠢᠬᠦᠯᠤᠨ ᠠᠷᠠᠯᠵᠢᠶᠠᠯᠠᠬᠤ ᠲᠤᠬᠠᠢ ᠬᠡᠷᠡᠭᠵᠢᠭᠦᠯᠬᠦ | ᠨᠠᠷᠢᠨ ᠳᠦᠷᠢᠮ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | 2023 ᠣᠨ ᠤ 2 ᠰᠠᠷ᠎ᠠ ᠶᠢᠨ 15 ᠤ ᠡᠳᠤᠷ | ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ ᠶᠢ ᠰᠢᠯᠵᠢᠬᠦᠯᠤᠨ | ᠠᠷᠠᠯᠵᠢᠶᠠᠯᠠᠬᠤ ᠶᠢ ᠬᠡᠷᠡᠭᠵᠢᠬᠦᠯᠬᠦ ᠨᠠᠷᠢᠨ ᠲᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ ᠶᠢ | ᠰᠢᠯᠵᠢᠬᠦᠯᠤᠨ ᠠᠷᠠᠯᠵᠢᠶᠠᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠮᠲᠤ ᠶᠢᠨ ᠡᠳ᠋ ᠬᠥᠷᠥᠩᠭᠡ ᠶᠢᠨ | ᠠᠯᠳᠠᠭᠳᠠᠬᠤ ᠶᠢ ᠰᠡᠷᠭᠡᠶᠢᠯᠡᠵᠦ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠥᠮᠴᠢᠯᠡᠭᠴᠢ ᠪᠠ | ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠵᠢᠷᠤᠮᠵᠢᠭᠰᠠᠨ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠬᠠᠤᠯᠢ︾ ︽ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠠᠴᠠ ᠲᠠᠷᠬᠠᠭᠠᠭᠰᠠᠨ ﹇2016﹈ 37 ᠳ᠋ᠤᠭᠠᠷ | ᠲᠣᠭᠠᠲᠤ︶ ︽ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ | ᠡᠷᠡᠭᠦᠯ ᠢᠶᠠᠷ ᠬᠥᠭᠵᠢᠬᠦ ᠶᠢ ᠬᠦᠳᠤᠯᠤᠨ ᠵᠢᠯᠤᠭᠤᠳᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠵᠢᠯᠤᠭᠤᠳᠬᠤ ᠰᠠᠨᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠠᠷᠬᠠᠭᠠᠭᠰᠠᠨ ﹇ | 2014﹈ 71 ᠳ᠋ᠤᠭᠡᠷ ᠲᠣᠭᠠᠲᠤ︶ ︽ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢ ᠰᠢᠯᠵᠢᠬᠦᠯᠬᠦ | ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠬᠦ ᠰᠠᠨᠠᠯ︾ ︵ᠥᠪᠥᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ | ᠲᠠᠷᠬᠠᠭᠠᠭᠰᠠᠨ ﹇2015﹈ 149 ᠳ᠋ᠤᠭᠡᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠤᠰᠤᠯᠡᠨ ᠲᠣᠰ ᠬᠡᠷᠡᠭᠵᠢᠭᠦᠯᠬᠦ ᠨᠠᠷᠢᠨ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠭᠡᠳᠡᠭ ᠪᠣᠯ ᠬᠥᠳᠡᠭᠡ ᠲᠣᠰᠬᠤᠨ ᠤ | ᠬᠠᠮᠲᠤ ᠠᠴᠠ ᠨᠢᠭᠡᠳᠦᠯᠲᠡᠢ ᠡᠵᠡᠩᠨᠡᠨ ᠬᠠᠮᠢᠶᠠᠷᠴᠤ ᠪᠠᠶᠢᠭ᠎ᠠ ᠡᠯ᠎ᠡ ᠲᠤᠶᠢᠷᠦᠯ ᠤᠨ ᠡᠳ᠋ ᠬᠥᠷᠥᠩᠭᠡ ᠶᠢᠨ ᠥᠮᠴᠢᠯᠡᠯ | ᠤᠨ ᠡᠷᠬᠡ ᠪᠠ ᠬᠡᠷᠡᠭᠯᠡᠬᠦ ᠡᠷᠬᠡ ᠶᠢ ᠵᠢᠭᠠᠵᠤ ᠪᠠᠶᠢᠨ᠎ᠠ᠂ ᠡᠭᠦᠨ ᠳᠤ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠪᠠ | ᠡᠬᠢ ᠪᠠᠶᠠᠯᠢᠭ ᠤᠨ ᠴᠢᠨᠠᠷᠲᠠᠢ ᠡᠳ᠋ ᠬᠥᠷᠥᠩᠭᠡ ᠪᠠᠭᠲᠠᠨ᠎ᠠ᠃ | ᠭᠤᠷᠪᠠᠳᠤᠭᠠᠷ ᠵᠦᠢᠯ ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠬᠠᠮᠲᠤ ᠶᠢᠨ ᠡᠳ᠋ ᠬᠥᠷᠥᠩᠭᠡ ᠶᠢᠨ | ᠠᠷᠠᠯᠵᠢᠶ᠎ᠠ ᠭᠡᠳᠡᠭ ᠨᠢ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠳᠠᠭᠠᠭᠠᠴᠢᠯᠠᠭᠤᠯᠬᠤ᠂ | ᠲᠦᠷᠢᠶᠡᠰᠦᠯᠡᠭᠦᠯᠬᠦ᠂ ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ ᠵᠢᠴᠢ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢ ᠠᠰᠢᠭᠯᠠᠨ ᠦᠨ᠎ᠡ ᠨᠤᠭᠤᠯᠤᠨ ᠪᠣᠳᠣᠵᠥ ᠬᠤᠪᠢ ᠣᠷᠣᠭᠤᠯᠬᠤ᠂ ᠬᠤᠷᠰᠢᠨ | ᠪᠦᠲᠦᠭᠡᠨ ᠪᠠᠶᠢᠭᠤᠯᠬᠤ ᠵᠡᠷᠭᠡ ᠠᠷᠠᠯᠵᠢᠶᠠᠨ ᠤ ᠥᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ ᠬᠠᠮᠲᠤ ᠶᠢᠨ ᠡᠳ᠋ | ᠬᠥᠷᠥᠩᠭᠡ ᠶᠢ ᠠᠷᠠᠯᠵᠢᠶᠠᠯᠠᠬᠤ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄ | ︵ᠨᠢᠭᠡ ︶ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ᠂ ᠦᠨ᠎ᠡ ᠲᠥᠯᠥᠪᠦᠷᠢ ᠲᠠᠢ ᠪᠠᠶᠢᠬᠤ | ᠬᠡᠷᠡᠭᠲᠡᠢ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠬᠥᠳᠡᠭᠡ ᠲᠣᠰᠬᠤᠨ ᠤ ᠬᠠᠮᠲᠤ ᠨᠡᠶᠢᠳᠠ | ᠪᠠ ᠳᠠᠭᠠᠭᠠᠴᠢᠯᠠᠭᠴᠢ ᠶᠢᠨ ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ ᠶᠢ ᠰᠢᠯᠵᠢᠬᠦᠯᠤᠨ | ᠠᠷᠠᠯᠵᠢᠶᠠᠯᠠᠬᠤ ᠶᠢ ᠠᠯᠪᠠᠳᠠᠬᠤ ᠪᠤᠶᠤ ᠬᠠᠷᠰᠢᠯᠠᠵᠤ ᠪᠣᠯᠬᠤ ᠦᠭᠡᠢ᠃ | ︵ᠬᠤᠶᠠᠷ︶ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠢ ᠬᠤᠪᠢᠷᠠᠭᠤᠯᠵᠤ ᠪᠣᠯᠬᠤ | ᠦᠭᠡᠢ᠃ | ︵ᠭᠤᠷᠪᠠ︶ ᠳᠠᠭᠠᠭᠠᠴᠢᠯᠠᠭᠴᠢ ᠠᠴᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠠ ᠡᠬᠢ ᠪᠠᠶᠠᠯᠢᠭ ᠤᠨ | ᠴᠢᠨᠠᠷᠲᠠᠢ ᠡᠳ᠋ ᠬᠥᠷᠥᠩᠭᠡ ᠶᠢ ᠰᠢᠯᠵᠢᠭᠦᠯᠦᠨ ᠥᠭᠴᠦ ᠠᠷᠠᠯᠵᠢᠶᠠᠯᠠᠬᠤ ᠳᠤ ᠲᠡᠭᠦᠨ ᠤ ᠦᠮᠴᠢᠯᠡᠯ ᠤᠨ ᠡᠷᠭᠡ ᠶᠢ | ᠰᠢᠯᠵᠢᠬᠦᠯᠬᠦ ᠬᠤᠭᠤᠴᠠᠭ᠎ᠠ ᠶᠢ ᠳᠠᠭᠠᠭᠠᠴᠢᠯᠠᠯᠲᠠ ᠶᠢᠨ ᠬᠤᠭᠤᠴᠠᠭ᠎ᠠ ᠶᠢᠨ ᠦᠯᠡᠳᠡᠭᠰᠡᠨ ᠬᠤᠭᠤᠴᠠᠭ᠎ᠠ ᠠᠴᠠ | ᠬᠡᠲᠦᠷᠡᠭᠦᠯᠵᠦ ᠪᠣᠯᠬᠤ ᠦᠭᠡᠢ᠃ | ᠳᠥᠷᠪᠡᠳᠦᠭᠡᠷ ᠵᠦᠢᠯ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠥᠪ ︵ᠳᠣᠷᠣᠭᠰᠢ ︽ᠲᠥᠪ︾ ᠭᠡᠵᠦ ᠲᠣᠪᠴᠢᠯᠠᠨ᠎ᠠ︶ ᠢ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ᠂ | ᠡᠬᠢ ᠪᠠᠶᠠᠯᠢᠭ ᠤᠨ ᠠᠷᠠᠯᠵᠢᠶ᠎ᠠ ᠪᠠ ᠬᠠᠮᠲᠤ ᠶᠢᠨ ᠪᠡᠯᠡ ᠮᠥᠩᠭᠦ ᠬᠤᠳᠠᠯᠳᠤᠨ ᠠᠪᠬᠤ ᠣᠯᠠᠨ ᠨᠡᠶᠢᠲᠡ ᠶᠢᠨ | ᠠᠷᠠᠯᠵᠢᠶᠠᠨ ᠤ ᠲᠠᠪᠴᠠᠩ ᠪᠣᠯᠭᠠᠨ᠎ᠠ᠃ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ ᠤᠨ | ᠠᠷᠠᠯᠵᠢᠶ᠎ᠠ ᠪᠠ ᠬᠠᠮᠲᠤ ᠶᠢᠨ ᠪᠡᠯᠡ ᠮᠥᠩᠭᠦ ᠬᠤᠳᠠᠯᠳᠤᠨ ᠠᠪᠬᠤ ᠳᠤ ᠲᠠᠯᠠᠪᠤᠷ ᠭᠠᠵᠠᠷ ᠤᠨ ᠲᠥᠬᠦᠭᠡᠷᠦᠮᠵᠢ᠂ | ᠮᠡᠳᠡᠭᠡ ᠵᠠᠩᠭᠢ ᠨᠡᠶᠢᠲᠡᠯᠡᠬᠦ᠂ ᠠᠷᠠᠯᠵᠢᠶ᠎ᠠ ᠶᠢ ᠰᠢᠯᠭᠠᠨ ᠭᠡᠷᠡᠴᠢᠯᠡᠬᠦ᠂ ᠪᠡᠯᠡ ᠮᠥᠩᠭᠦ ᠶᠢ ᠳ᠋ᠦᠩᠨᠡᠨ ᠪᠤᠳᠤᠬᠤ ᠵᠡᠷᠭᠡ | ᠦᠢᠯᠡᠴᠢᠯᠡᠭᠡ ᠬᠠᠩᠭᠠᠵᠤ᠂ ᠡᠭᠦᠨ ᠤ ᠬᠠᠮᠲᠤ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠭ᠎ᠠ᠂ ᠲᠤᠬᠠᠶᠢᠯᠠᠭᠰᠠᠨ | ᠠᠵᠢᠯ ᠤᠨ ᠪᠣᠯᠪᠠᠰᠤᠷᠠᠯ᠂ ᠦᠨ᠎ᠡ ᠬᠠᠩᠰᠢ ᠶᠢᠨ ᠵᠢᠯᠣᠭᠤᠳᠤᠯᠭ᠎ᠠ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ | ᠦᠢᠯᠡᠴᠢᠯᠡᠭᠡ ᠶᠢ ᠬᠠᠩᠭᠠᠵᠤ᠂ ᠠᠷᠠᠯᠵᠢᠶᠠᠨ ᠤ ᠭᠡᠷ᠎ᠡ ᠲᠣᠭᠲᠠᠬᠤ ᠶᠢ ᠵᠢᠯᠣᠭᠤᠳᠤᠨ᠂ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠨ ᠤ ᠪᠢᠴᠢᠭ ᠮᠠᠲ᠋ᠧᠷᠢᠶᠠᠯ ᠪᠠ ᠠᠷᠠᠯᠵᠢᠶᠠᠨ ᠤ ᠠᠵᠢᠯᠯᠠᠭ᠎ᠠ ᠶᠢᠨ | ᠲᠡᠮᠳᠡᠭᠯᠡᠯ ᠵᠡᠷᠭᠡ ᠲᠠᠩᠰᠠ ᠡᠪᠬᠡᠮᠡᠯ ᠤᠨ ᠮᠠᠲ᠋ᠧᠷᠢᠶᠠᠯ ᠢ ᠬᠠᠳᠠᠭᠠᠯᠠᠨ ᠬᠠᠮᠢᠶᠠᠷᠴᠤ᠂ ᠠᠷᠠᠯᠵᠢᠶᠠᠨ ᠤ ᠭᠤᠣᠯ | ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠲᠡᠮᠳᠡᠭᠯᠡᠨ᠎ᠡ᠃ | ᠲᠠᠪᠤᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠠᠵᠢᠯᠯᠠᠭ᠎ᠠ ᠪᠦᠬᠦᠨ ᠳᠤ | ᠲᠤᠰ ᠨᠠᠷᠢᠨ ᠳᠦᠷᠢᠮ ᠢ ᠬᠡᠷᠡᠭᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠳᠤ | ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠬᠤᠶᠠᠳᠤᠭᠠᠷ ᠪᠦᠯᠦᠭ ᠠᠷᠠᠯᠵᠢᠶᠠᠯᠠᠬᠤ ᠬᠡᠪᠴᠢᠶ᠎ᠡ ᠪᠠ ᠠᠷᠭ᠎ᠠ ᠮᠠᠶ᠋ᠢᠭ | ᠵᠢᠷᠭᠤᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠵᠢᠴᠢ ᠠᠷᠠᠯᠵᠢᠶᠠᠨ ᠤ ᠲᠦᠷᠤᠯ | ᠵᠤᠶᠢᠯ ᠳᠤ᠄ | ︵ᠨᠢᠭᠡ︶ ᠬᠠᠤᠯᠢ ᠴᠠᠭᠠᠵᠠ ᠳᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ ᠭᠡᠵᠦ | ᠲᠣᠭᠲᠠᠭᠠᠭᠰᠠᠨ ᠲᠠᠷᠢᠶᠠᠨ ᠭᠠᠵᠠᠷ᠂ ︽ᠠᠭᠯᠠᠭ ᠠᠭᠤᠯᠠ᠂ ᠲᠠᠴᠢᠷ ᠭᠤᠤ᠂ ᠡᠯᠡᠰᠤᠨ ᠲᠤᠪᠤ᠂ ᠠᠳᠠᠷ ᠲᠠᠩ︾᠂ | ᠡᠪᠡᠰᠦᠲᠦ ᠭᠠᠵᠠᠷ᠂ ᠤᠰᠤᠨ ᠤ ᠭᠠᠳᠠᠷᠭᠤ᠂ ᠭᠤᠣᠯ ᠤᠨ ᠲᠠᠩ ᠵᠡᠷᠭᠡ ᠭᠠᠵᠠᠷ ᠰᠢᠷᠣᠢ ᠶᠢᠨ ᠡᠵᠡᠩᠨᠡᠯᠲᠡ ᠶᠢᠨ | ᠡᠷᠬᠡ ᠵᠢᠴᠢ ᠠᠵᠤ ᠠᠬᠤᠢ ᠶᠢᠨ ᠬᠥᠭᠵᠢᠯᠲᠡ ᠳᠤ ᠬᠡᠷᠡᠭᠯᠡᠬᠦ ᠭᠠᠵᠠᠷ ᠵᠡᠷᠭᠡ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠪᠠᠭᠳᠠᠨ᠎ᠠ᠃ | ︵ᠬᠤᠶᠠᠷ︶ ᠤᠯᠠᠨ ᠨᠡᠶᠢᠲᠡ ᠶᠢᠨ ᠬᠤᠷᠠᠮᠳᠤᠭᠤᠯᠭ᠎ᠠ᠂ ᠪᠡᠯᠡ ᠣᠷᠣᠭᠤᠯᠤᠯᠲᠠ ᠬᠥᠳᠡᠯᠮᠦᠷᠢ ᠬᠦᠴᠦᠨ ᠤ | ᠣᠷᠣᠭᠤᠯᠤᠯᠲᠠ ᠪᠠᠷ ᠲᠠᠮᠵᠢᠨ ᠡᠷᠬᠢᠯᠡᠭᠰᠡᠨ ᠬᠠᠮᠲᠤ ᠶᠢᠨ ᠠᠵᠤ ᠠᠬᠤᠶᠢᠯᠠᠯ ᠤᠨ ᠡᠳ᠋ ᠬᠥᠷᠥᠩᠭᠡ ᠪᠤᠶᠤ ᠡᠷᠬᠡ ᠠᠰᠢᠭ | ᠵᠢᠴᠢ ᠨᠡᠶᠢᠯᠡᠭᠦᠯᠬᠦ᠂ ᠰᠠᠯᠭᠠᠬᠤ᠂ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠨ | ᠪᠦᠷᠢᠯᠳᠦᠭᠰᠡᠨ ᠡᠷᠬᠡ ᠠᠰᠢᠭ ᠪᠠᠭᠳᠠᠨ᠎ᠠ᠃ | ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠥᠮᠴᠢᠯᠡᠵᠦ ᠪᠠᠶᠢᠭ᠎ᠠ ᠡᠷᠬᠡ ᠶᠢ ᠨᠢ ᠡᠷᠦᠬᠡ ᠳᠤ ᠬᠦᠷᠲᠡᠯ᠎ᠡ ᠨᠤᠲᠠᠯᠠᠨ ᠲᠣᠭᠲᠠᠭᠠᠭᠰᠠᠨ ᠦᠭᠡᠢ ᠭᠠᠵᠠᠷ ᠰᠢᠷᠣᠢ᠂ ᠭᠡᠷ | ᠪᠠᠶᠢᠰᠢᠩ ᠵᠢᠴᠢ ᠪᠤᠰᠤᠳ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠤᠭᠰᠠᠨ ᠤ ᠳᠠᠷᠠᠭ᠎ᠠ᠂ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ ᠳᠤ ᠬᠤᠪᠢ ᠪᠣᠯᠭᠠᠨ ᠨᠤᠭᠤᠯᠤᠨ ᠪᠣᠳᠤᠵᠤ ᠬᠡᠮᠵᠢᠶᠡᠵᠢᠭᠦᠯᠬᠦ | ᠪᠠᠭᠳᠠᠨ᠎ᠠ᠃ | ︵ᠲᠦᠷᠪᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠠᠷᠢᠯᠭ᠎ᠠ᠂ ᠪᠠᠷᠢᠯᠭ᠎ᠠ ᠶᠢᠨ ᠵᠦᠢᠯ᠂ ᠬᠥᠳᠡᠭᠡ ᠠᠵᠤ ᠠᠬᠤᠢ ᠶᠢᠨ ᠮᠧᠬᠠᠨᠢᠭ᠂ ᠮᠠᠰᠢᠨ ᠴᠠᠬᠢᠯᠭᠠᠨ ᠤ ᠲᠥᠬᠦᠭᠡᠷᠦᠮᠵᠢ᠂ | ᠵᠡᠮ ᠬᠠᠷᠢᠯᠴᠠᠭᠠᠨ ᠤ ᠪᠠᠭᠠᠵᠢ᠂ ᠲᠠᠷᠢᠶᠠᠯᠠᠩ ᠤᠨ ᠤᠰᠦᠠ ᠠᠰᠢᠭᠯᠠᠯᠲᠠ ᠶᠢᠨ ᠲᠥᠬᠦᠭᠡᠷᠦᠮᠵᠢ᠂ ᠠᠭᠤᠷᠬᠠᠢ | ᠮᠠᠯᠲᠠᠬᠤ ᠲᠥᠬᠦᠭᠡᠷᠦᠮᠵᠢ ᠪᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ | ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠶᠢᠨ ᠲᠥᠬᠦᠭᠡᠷᠦᠮᠵᠢ ᠪᠠᠭᠳᠠᠨ᠎ᠠ᠃ | ︵ᠲᠠᠪᠤ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠪᠢ | ᠣᠷᠣᠭᠤᠯᠬᠤ᠂ ᠪᠡᠯᠡ ᠨᠡᠶᠢᠯᠡᠭᠦᠯᠬᠦ᠂ ᠬᠤᠷᠰᠢᠬᠤ ᠶᠢ ᠡᠷᠬᠢᠯᠡᠭᠰᠡᠠ ᠪᠠ ᠬᠢᠵᠠᠭᠠᠷᠯᠠᠭᠰᠠᠨ ᠠᠵᠤ ᠠᠬᠤᠶᠢᠯᠠᠯ ᠵᠢᠴᠢ | ᠬᠤᠯᠪᠤᠭᠠᠯᠠᠨ ᠡᠵᠡᠩᠨᠡᠭᠰᠡᠨ ᠠᠵᠤ ᠠᠬᠤᠶᠢᠯᠠᠯ᠂ ᠬᠤᠪᠢ ᠣᠷᠣᠭᠤᠯᠵᠤ ᠬᠤᠷᠰᠢᠭᠰᠠᠨ ᠠᠵᠤ ᠠᠬᠤᠶᠢᠯᠠᠯ᠂ ᠬᠤᠪᠢ | ᠣᠷᠣᠭᠤᠯᠬᠤ ᠳᠦᠷᠢᠮᠲᠦ ᠠᠵᠤ ᠠᠬᠤᠶᠢᠯᠠᠯ᠂ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ᠂ ᠬᠤᠷᠰᠢᠭᠰᠠᠨ | ᠠᠵᠤ ᠠᠬᠤᠶᠢᠯᠠᠯ ᠪᠠ ᠪᠡᠯᠡ ᠴᠤᠭᠯᠠᠭᠤᠯᠵᠤ ᠪᠦᠲᠦᠭᠡᠨ ᠪᠠᠶᠢᠭᠤᠯᠤᠭᠰᠠᠨ ᠵᠦᠢᠯᠡᠰ ᠤᠨ ᠳᠣᠲᠣᠷ᠎ᠠ᠂ ᠭᠡᠷ᠎ᠡ᠂ | ᠬᠡᠯᠡᠯᠴᠡᠭᠡᠷ᠂ ᠲᠦᠷᠢᠮ ᠲᠣᠭᠲᠠᠭᠠᠯ ᠶᠣᠰᠣᠭᠠᠷ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠬᠤ ᠡᠳ᠋ ᠬᠥᠷᠥᠩᠭᠡ ᠪᠤᠶᠤ | ᠡᠷᠬᠡ ᠠᠰᠢᠭ ᠪᠠᠭᠳᠠᠨ᠎ᠠ᠃ | ︵ᠵᠢᠷᠭᠤᠭ᠎ᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠥᠮᠴᠢᠯᠡᠵᠦ ᠪᠠᠶᠢᠭ᠎ᠠ ᠮᠡᠯ ︵ᠵᠢᠭᠦᠷᠲᠡᠨ︶ ᠵᠡᠷᠭᠡ ᠠᠮᠢᠳᠤ ᠪᠣᠳᠠᠰ ᠤᠨ ᠡᠳ᠋ ᠬᠥᠷᠥᠩᠭᠡ ᠪᠠᠭᠳᠠᠨ᠎ᠠ᠃ | ︵ᠲᠤᠯᠤᠭ᠎ᠠ︶ ᠲᠦᠷᠤ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠠᠴᠠ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠳᠤ ᠲᠥᠯᠥᠪᠦᠷᠢ ᠦᠭᠡᠢ ᠪᠠᠷ ᠵᠣᠭᠤᠰ ᠲᠠᠰᠤᠯᠵᠤ ᠥᠭᠬᠦ᠂ ᠡᠳ᠋ ᠮᠥᠩᠭᠦ ᠪᠠᠷ | ᠲᠤᠰᠠᠯᠠᠬᠤ᠂ ᠨᠥᠬᠦᠪᠦᠷᠢ ᠥᠭᠬᠦ᠂ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠪᠠ ᠡᠳ᠋ ᠪᠣᠳᠠᠰ ᠪᠡᠯᠡᠭᠯᠡᠨ | ᠬᠦᠷᠭᠡᠬᠦ ᠵᠡᠷᠭᠡ ᠪᠠᠷ ᠪᠦᠷᠢᠯᠳᠦᠭᠰᠡᠨ ᠡᠳ᠋ ᠬᠥᠷᠥᠩᠭᠡ ᠪᠠᠭᠳᠠᠨ᠎ᠠ᠃ | ︵ᠨᠠᠢᠮᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ | ᠠᠵᠤ ᠠᠬᠤᠶᠢᠯᠠᠯ ᠤᠨ ᠭᠠᠷᠭᠠᠭᠰᠠᠨ ᠲᠤᠰᠬᠠᠢ ᠪᠡᠯᠡ ᠮᠥᠩᠭᠦ᠂ ᠲᠠᠲᠠᠪᠤᠷᠢᠯᠠᠨ ᠬᠡᠷᠡᠭᠯᠡᠬᠦ ᠬᠠᠮᠲᠤ ᠶᠢᠨ ᠭᠠᠵᠠᠷ | ᠰᠢᠷᠣᠢ ᠶᠢᠨ ᠡᠯ᠎ᠡ ᠵᠦᠢᠯ ᠤᠨ ᠲᠥᠯᠥᠪᠦᠷᠢ ᠶᠢᠨ ᠰᠦᠢᠳᠬᠡᠯ ᠤᠨ ᠳᠣᠲᠣᠷᠠᠬᠢ ᠬᠠᠮᠲᠤ ᠶᠢᠨ ᠠᠰᠢᠭ ᠣᠷᠣᠯᠭ᠎ᠠ ᠳᠤ | ᠲᠣᠭᠠᠴᠠᠭᠳᠠᠬᠤ ᠬᠡᠰᠡᠭ᠂ ᠦᠢᠯᠡᠳᠪᠦᠷᠢᠯᠡᠨ ᠡᠵᠡᠩᠨᠡᠭᠴᠢ ᠶᠢᠨ ᠳᠡᠭᠡᠭᠰᠢ ᠲᠤᠰᠢᠶᠠᠭᠰᠠᠨ ᠳᠠᠭᠠᠭᠠᠴᠢᠯᠠᠯᠲᠠ ᠶᠢᠨ | ᠵᠣᠭᠤᠰ ᠮᠥᠩᠭᠦ ᠡᠳ᠋ ᠪᠣᠳᠠᠰ᠂ ᠲᠦᠷᠢᠶᠡᠰᠦᠨ ᠮᠥᠩᠭᠦ ᠵᠢᠴᠢ ᠬᠥᠳᠡᠯᠮᠦᠷᠢ ᠶᠢᠨ ᠠᠯᠪᠠᠨ ᠵᠢᠷᠤᠮ ᠤᠨ ᠠᠵᠢᠯᠴᠢᠨ ᠤ | ᠬᠦᠳᠡᠯᠮᠤᠷᠢ ᠶᠢᠨ ᠬᠤᠷᠠᠮᠳᠤᠭᠤᠯᠤᠯ ᠢᠶᠠᠷ ᠪᠦᠷᠢᠯᠳᠦᠭᠰᠡᠨ ᠡᠳ᠋ ᠬᠥᠷᠥᠩᠭᠡ ᠪᠠᠭᠳᠠᠨ᠎ᠠ᠃ | ︵ᠶᠢᠰᠦ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠥᠮᠴᠢᠯᠡᠵᠦ ᠪᠠᠶᠢᠭ᠎ᠠ ᠦᠨᠡᠲᠦ ᠲᠡᠮᠳᠡᠭ᠂ ᠠᠪᠴᠠᠭᠠᠨ ᠤ ᠡᠷᠬᠡ ᠵᠡᠷᠭᠡ ᠰᠢᠯᠵᠢᠮᠡᠯ ᠡᠳ᠋ ᠬᠥᠷᠥᠩᠭᠡ ᠪᠠᠭᠳᠠᠨ᠎ᠠ᠃ | ︵ᠠᠷᠪᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠥᠮᠴᠢᠯᠡᠭᠳᠡᠬᠦ ᠪᠤᠰᠤᠳ ᠡᠳ᠋ ᠬᠥᠷᠥᠩᠭᠡ ᠪᠠᠭᠳᠠᠨ᠎ᠠ᠃ | ᠳᠣᠯᠣᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠨ ᠤ ᠬᠦᠷᠢᠶ᠎ᠡ | ︵ᠨᠢᠭᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠪᠡᠯᠡ ᠣᠷᠣᠭᠤᠯᠬᠤ ᠪᠤᠶᠤ ᠪᠡᠯᠡ ᠣᠷᠣᠭᠤᠯᠬᠤ ᠳᠤ ᠣᠷᠣᠯᠴᠠᠵᠤ᠂ | ᠶᠡᠭᠡ ᠬᠡᠮᠵᠢᠶᠡᠨ ᠤ ᠡᠳ᠋ ᠪᠣᠳᠠᠰ᠂ ᠲᠤᠨᠤᠬ ᠲᠥᠬᠦᠭᠡᠷᠦᠮᠵᠢ᠂ ᠮᠠᠲ᠋ᠧᠷᠢᠶᠠᠯ ᠵᠡᠷᠭᠡ ᠶᠢ ᠬᠤᠳᠠᠯᠳᠤᠨ ᠠᠪᠴᠤ᠂ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢ ᠰᠢᠨ᠎ᠡ ᠪᠠᠷ ᠪᠤᠢ ᠪᠣᠯᠭᠠᠬᠤ | ᠠᠵᠢᠯᠯᠠᠭ᠎ᠠ ᠪᠠᠭᠳᠠᠨ᠎ᠠ᠃ | ︵ᠬᠤᠶᠠᠷ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠬᠤ ᠦᠭᠡᠢ | ᠤᠷᠢᠲᠠᠯ ᠳᠣᠣᠷ᠎ᠠ᠂ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠪᠡᠯᠡ ᠨᠡᠶᠢᠯᠡᠭᠦᠯᠬᠦ᠂ | ᠬᠤᠷᠰᠢᠬᠤ ᠵᠡᠷᠭᠡ ᠠᠷᠭ᠎ᠠ ᠪᠠᠷ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠬᠡᠷᠡᠭᠯᠡᠬᠦ ᠡᠷᠬᠡ ᠶᠢ | ᠠᠷᠠᠯᠵᠢᠶᠠᠯᠠᠬᠤ᠂ ᠰᠢᠯᠵᠢᠭᠦᠯᠦᠨ ᠥᠭᠬᠦ ᠠᠵᠢᠯᠯᠠᠭ᠎ᠠ ᠪᠠᠭᠳᠠᠨ᠎ᠠ᠃ | ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠰᠢᠯᠵᠢᠭᠦᠯᠦᠨ ᠥᠭᠬᠦ ᠠᠷᠭ᠎ᠠ ᠪᠠᠷ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠥᠮᠴᠢᠯᠡᠯ ᠤᠨ | ᠡᠷᠬᠡ ᠶᠢ ᠠᠷᠠᠯᠵᠢᠶᠠᠯᠠᠬᠤ᠂ ᠰᠢᠯᠵᠢᠭᠦᠯᠦᠨ ᠥᠭᠬᠦ ᠠᠵᠢᠯᠯᠠᠭ᠎ᠠ ᠪᠠᠭᠳᠠᠨ᠎ᠠ᠃ | ︵ᠲᠦᠷᠪᠡ︶ ᠳᠠᠭᠠᠭᠠᠴᠢᠯᠠᠭᠴᠢ ᠨᠢ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ | ᠢᠯᠠ ᠪᠠᠷ ᠵᠥᠪᠳᠡᠯᠴᠡᠬᠦ ᠵᠡᠷᠭᠡ ᠪᠤᠰᠤᠳ ᠠᠷᠭ᠎ᠠ ᠪᠠᠷ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠤᠨ | ᠴᠢᠨᠠᠷᠲᠠᠢ ᠡᠳ᠋ ᠬᠥᠷᠥᠩᠭᠡ ᠶᠢᠨ ᠬᠡᠷᠡᠭᠯᠡᠬᠦ ᠡᠷᠬᠡ ᠶᠢ ᠣᠯᠣᠭᠰᠠᠨ ᠤ ᠲᠡᠷᠠᠭ᠎ᠠ ᠰᠢᠯᠵᠢᠭᠦᠯᠦᠨ ᠥᠭᠬᠦ᠂ | ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠪᠠᠷᠢᠴᠠᠭᠠᠯᠠᠬᠤ ᠵᠡᠷᠭᠡ ᠠᠷᠭ᠎ᠠ ᠪᠠᠷ ᠳᠠᠮᠵᠢᠭᠤᠯᠤᠨ ᠦᠮᠴᠢᠯᠡᠯ ᠤᠨ | ᠡᠷᠭᠡ ᠶᠢ ᠰᠢᠯᠵᠢᠬᠦᠯᠬᠦ ᠵᠢᠴᠢ ᠦᠮᠴᠢᠯᠡᠯ ᠤᠨ ᠡᠷᠭᠡ ᠶᠢ ᠲᠡᠬᠢᠠ ᠰᠢᠯᠵᠢᠬᠦᠯᠬᠦ ᠠᠵᠢᠯᠯᠠᠭ᠎ᠠ ᠪᠠᠭᠳᠠᠨ᠎ᠠ᠃ | ︵ᠲᠠᠪᠤ︶ ᠳᠠᠭᠠᠭᠠᠴᠢᠯᠠᠭᠴᠢ ᠨᠢ ᠪᠤᠰᠤᠳ ᠠᠷᠭ᠎ᠠ ᠪᠠᠷ ᠬᠠᠮᠲᠤ ᠶᠢᠨ ᠡᠬᠢ ᠪᠠᠶᠠᠯᠢᠭ ᠤᠨ ᠴᠢᠨᠠᠷᠲᠠᠢ ᠡᠳ᠋ | ᠬᠥᠷᠥᠩᠭᠡ ᠶᠢ ᠳᠠᠭᠠᠭᠠᠴᠢᠯᠠᠭᠰᠠᠨ ᠪᠥᠭᠡᠳ ᠬᠠᠤᠯᠢ ᠶᠣᠰᠣᠭᠠᠷ ᠳᠠᠩᠰᠠᠯᠠᠭᠤᠯᠤᠭᠠᠳ ᠬᠥᠳᠡᠭᠡ ᠲᠣᠰᠬᠤᠨ ᠤ ᠭᠠᠵᠠᠷ | ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠣᠯᠣᠭᠰᠠᠨ ᠡᠷᠬᠡᠲᠦ ᠬᠥᠮᠥᠨ ᠨᠢ ᠳᠠᠭᠠᠭᠠᠴᠢᠯᠠᠯᠲᠠ ᠶᠢᠨ | ᠬᠤᠭᠤᠴᠠᠭᠠᠨ ᠤ ᠳᠣᠲᠣᠷ᠎ᠠ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠪᠠᠷᠢᠴᠠᠭᠠᠯᠠᠬᠤ | ᠵᠡᠷᠭᠡ ᠠᠷᠭ᠎ᠠ ᠪᠠᠷ ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ ᠶᠢ ᠰᠢᠯᠵᠢᠬᠦᠯᠤᠨ ᠠᠷᠠᠯᠵᠢᠶᠠᠯᠠᠬᠤ | ᠠᠵᠢᠯᠯᠠᠭ᠎ᠠ ᠪᠠᠭᠳᠠᠨ᠎ᠠ᠃ | ᠨᠠᠢᠮᠠᠳᠤᠭᠠᠷ ᠵᠦᠢᠯ ᠠᠷᠠᠯᠵᠢᠶᠠᠨ ᠤ ᠦᠨᠳᠦᠰᠦᠨ ᠨᠥᠬᠦᠴᠡᠯ᠄ | ︵ᠨᠢᠭᠡ︶ ᠠᠷᠠᠯᠵᠢᠶᠠᠨ ᠤ ᠬᠤᠶᠠᠷ ᠲᠠᠯ᠎ᠠ ᠨᠢ ᠡᠷᠬᠡᠪᠰᠢ ᠢᠷᠭᠡᠨ ᠤ ᠬᠡᠷᠡᠭ ᠤᠨ ᠡᠷᠬᠡ ᠶᠢᠨ ᠪᠦᠷᠢᠨ ᠴᠢᠳᠠᠪᠤᠷᠢ | ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢ ᠬᠥᠮᠥᠨ᠂ ᠬᠠᠤᠯᠢ ᠶᠢᠨ ᠡᠷᠭᠡᠳᠡᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠᠶᠢᠬᠤ ᠬᠡᠷᠡᠭᠲᠡᠢ ᠪᠥᠭᠡᠳ ᠦᠮᠴᠢᠯᠡᠯ ᠤᠨ ᠡᠷᠭᠡ ᠶᠢ ᠰᠢᠯᠵᠢᠬᠦᠯᠤᠨ | ᠠᠷᠠᠯᠵᠢᠶᠠᠯᠠᠬᠤ ᠦᠨᠡᠨ ᠪᠣᠳᠠᠲᠠᠢ ᠬᠦᠰᠡᠯ ᠰᠠᠨᠠᠭ᠎ᠠ ᠲᠠᠢ ᠪᠠᠶᠢᠬᠤ ᠬᠡᠷᠡᠭᠳᠡᠢ᠃ | ︵ᠬᠤᠶᠠᠷ︶ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠳᠤ ᠳᠠᠭᠠᠭᠠᠴᠢᠯᠠᠬᠤ᠂ ᠲᠦᠷᠢᠶᠡᠰᠦᠯᠡᠬᠦ᠂ | ᠬᠤᠪᠢ ᠣᠷᠣᠭᠤᠯᠬᠤ᠂ ᠬᠤᠯᠪᠤᠭᠠᠯᠠᠨ ᠡᠵᠡᠩᠨᠡᠬᠦ᠂ ᠪᠡᠯᠡ ᠨᠡᠶᠢᠯᠡᠭᠦᠯᠬᠦ ᠪᠠ ᠬᠤᠷᠰᠢᠨ ᠡᠵᠡᠩᠨᠡᠬᠦ ᠶᠢ ᠬᠡᠷᠡᠭᠵᠢᠭᠦᠯᠦᠭᠰᠡᠨ | ᠂ ᠡᠳ᠋ ᠬᠥᠷᠥᠩᠭᠡ ᠶᠢ ᠦᠨ᠎ᠡ ᠬᠠᠶᠠᠨ ᠬᠤᠳᠠᠯᠳᠤᠬᠤ᠂ ᠰᠢᠯᠵᠢᠭᠦᠯᠦᠨ ᠥᠭᠬᠦ ᠵᠡᠷᠭᠡ ᠥᠮᠴᠢᠯᠡᠯ ᠤᠨ ᠡᠷᠬᠡ ᠶᠢ | ᠬᠤᠪᠢᠷᠠᠭᠤᠯᠤᠭᠰᠠᠨ᠂ ᠡᠳ᠋ ᠬᠥᠷᠥᠩᠭᠡ ᠪᠠᠨ ᠪᠠᠷᠢᠴᠠᠭᠠᠯᠠᠬᠤ ᠵᠢᠴᠢ ᠪᠤᠰᠤᠳ ᠳᠠᠭᠠᠭᠠᠯᠲᠠ ᠬᠢᠭᠰᠡᠨ ᠪᠠᠶᠢᠪᠠᠯ᠂ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠠᠤᠯᠢ ᠶᠣᠰᠣᠭᠠᠷ | ᠪᠠᠶᠢᠭᠤᠯᠤᠭᠰᠠᠨ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠡᠳ᠋ ᠬᠥᠷᠥᠩᠭᠡ ᠶᠢ ᠦᠨᠡᠯᠡᠨ | ᠵᠢᠱᠢᠭᠦᠯᠬᠦ ᠬᠡᠷᠡᠭᠲᠡᠢ᠃ ᠦᠨᠡᠯᠡᠨ ᠵᠢᠱᠢᠭᠰᠡᠨ ᠦᠷ᠎ᠡ ᠳ᠋ᠦᠩ ᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤ ᠬᠤᠷᠠᠯ ᠪᠤᠶᠤ ᠲᠡᠭᠦᠨ ᠤ ᠲᠥᠯᠥᠭᠡᠯᠡᠭᠴᠢᠳ ᠤᠨ ᠬᠤᠷᠠᠯ ᠢᠶᠠᠷ ᠨᠤᠲᠠᠯᠠᠭᠤᠯᠬᠤ | ᠬᠡᠷᠡᠭᠲᠡᠢ᠃ | ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠬᠤ ᠪᠤᠶᠤ | ᠳᠠᠭᠤᠰᠬᠠᠬᠤ ᠳᠤ᠂ ᠲᠡᠭᠦᠨ ᠤ ᠬᠠᠮᠲᠤ ᠶᠢᠨ ᠡᠳ᠋ ᠬᠥᠷᠥᠩᠭᠡ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ | ᠡᠷᠬᠡᠪᠰᠢ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ | ᠳᠡᠭᠡᠭᠰᠢᠬᠢ ᠲᠥᠯᠥᠭᠡᠯᠡᠭᠴᠢ ᠪᠠᠷ ᠵᠥᠪᠰᠢᠶᠡᠷᠡᠭᠦᠯᠬᠦ ᠬᠡᠷᠡᠭᠲᠡᠢ᠃ | ︵ᠲᠦᠷᠪᠡ︶ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠤᠨ ᠴᠢᠨᠠᠷᠲᠠᠢ ᠡᠳ᠋ ᠬᠥᠷᠥᠩᠭᠡ ᠶᠢ | ᠰᠢᠯᠵᠢᠭᠦᠯᠦᠨ ᠠᠪᠤᠭᠴᠢ ᠲᠠᠯ᠎ᠠ ᠨᠢ ᠵᠣᠬᠢᠴᠠᠩᠭᠤᠢ ᠲᠠᠷᠢᠶᠠᠯᠠᠩ ᠤᠨ ᠡᠵᠡᠩᠨᠡᠯᠲᠡ ᠶᠢᠨ ᠴᠢᠳᠠᠪᠤᠷᠢ ᠲᠠᠢ ᠪᠠᠶᠢᠬᠤ | ᠬᠡᠷᠡᠭᠲᠡᠢ᠃ | ᠶᠢᠰᠦᠳᠦᠭᠡᠷ ᠵᠦᠢᠯ ᠬᠠᠤᠯᠢ ᠴᠠᠭᠠᠵᠠ ᠳᠤ ᠲᠣᠭᠲᠠᠭᠠᠭᠰᠠᠨ ᠡᠷᠬᠡ ᠶᠢᠨ ᠠᠷᠠᠯᠵᠢᠶ᠎ᠠ ᠶᠢ ᠬᠢᠵᠠᠭᠠᠷᠯᠠᠬᠤ ᠪᠤᠶᠤ | ᠤᠤᠯ ᠤᠨ ᠠᠷᠠᠯᠵᠢᠶᠠᠨ ᠤ ᠭᠡᠷ᠎ᠡ ᠳᠤ ᠪᠣᠯᠵᠣᠨ ᠲᠣᠭᠲᠠᠭᠰᠠᠨ ᠵᠦᠢᠯᠡᠰ ᠨᠢ ᠬᠠᠷᠠᠬᠠᠨ ᠳᠠᠭᠤᠰᠤᠭᠠᠳᠤᠢ ᠪᠠᠶᠢᠪᠠᠯ | ᠠᠷᠠᠯᠵᠢᠶᠠᠯᠠᠬᠤ ᠶᠢ ᠴᠠᠭᠠᠵᠠᠯᠠᠨ᠎ᠠ᠃ | ᠠᠷᠪᠠᠳᠤᠭᠠᠷ ᠵᠦᠢᠯ ᠤᠯᠠᠭᠠᠨᠬᠤᠲᠠ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠳᠣᠣᠷ᠎ᠠ | ᠵᠢᠭᠰᠠᠭᠠᠭᠰᠠᠨ ᠠᠷᠭ᠎ᠠ ᠪᠠᠷ ᠠᠷᠠᠯᠵᠢᠶ᠎ᠠ ᠶᠢ ᠵᠣᠬᠢᠶᠠᠨ ᠪᠠᠶᠢᠭᠤᠯᠵᠤ ᠪᠣᠯᠣᠨ᠎ᠠ᠄ | ︵ᠨᠢᠭᠡ︶ ᠬᠡᠯᠡᠯᠴᠡᠭᠡᠷ ᠤᠨ ᠠᠷᠭ᠎ᠠ ᠬᠡᠯᠪᠡᠷᠢ | ︵ᠬᠤᠶᠠᠷ︶ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠰᠦᠯᠵᠢᠶᠡᠨ ᠲᠡᠭᠡᠷ᠎ᠡ ᠦᠨ᠎ᠡ | ᠥᠷᠢᠰᠦᠯᠳᠦᠬᠦ ᠵᠡᠷᠭᠡ ᠠᠷᠭ᠎ᠠ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ᠃ | ᠭᠤᠷᠪᠠᠳᠤᠭᠠᠷ ᠪᠦᠯᠦᠭ ᠰᠢᠯᠵᠢᠬᠦᠯᠤᠨ ᠥᠭᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ | ᠠᠷᠪᠠᠨ ᠨᠢᠭᠡᠳᠦᠭᠡᠷ ᠵᠦᠢᠯ ᠰᠢᠯᠵᠢᠭᠦᠯᠦᠨ ᠬᠤᠳᠠᠯᠳᠤᠬᠤ ᠪᠠᠷ ᠭᠤᠶᠤᠴᠢᠯᠠᠭᠴᠢ ᠨᠢ ᠦᠮᠴᠢᠯᠡᠯ ᠤᠨ ᠡᠷᠭᠡ ᠶᠢᠨ | ᠠᠷᠠᠯᠵᠢᠶᠠᠨ ᠤ ᠲᠦᠪ ᠲᠤ ᠭᠤᠶᠤᠴᠢᠯᠠᠯ ᠭᠠᠷᠭᠠᠵᠤ᠂ ᠱᠠᠭᠠᠷᠳᠠᠯᠭ᠎ᠠ ᠶᠣᠰᠣᠭᠠᠷ ᠴᠠᠭᠠᠰᠤᠨ ᠪᠢᠴᠢᠭ ᠮᠠᠲ᠋ᠧᠷᠢᠶᠠᠯ ᠢᠶᠠᠨ | ᠲᠤᠰᠢᠶᠠᠬᠤ ᠶᠢᠨ ᠬᠠᠮᠲᠤ ᠲᠤᠰᠢᠶᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ | ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠰᠢᠯᠵᠢᠭᠦᠯᠦᠨ | ᠬᠤᠳᠠᠯᠳᠤᠬᠤ ᠪᠠᠷ ᠭᠤᠶᠤᠴᠢᠯᠠᠬᠤ ᠳᠤ᠂ ᠰᠢᠯᠵᠢᠭᠦᠯᠦᠨ ᠬᠤᠳᠠᠯᠳᠤᠬᠤ ᠲᠠᠯ᠎ᠠ ᠨᠢ ᠦᠮᠴᠢᠯᠡᠯ ᠤᠨ ᠡᠷᠭᠡ ᠶᠢᠨ | ᠠᠷᠠᠯᠵᠢᠶᠠᠨ ᠤ ᠲᠦᠪ ᠲᠤ ᠠᠷᠠᠯᠵᠢᠶᠠᠯᠠᠬᠤ ᠪᠠᠷ ᠭᠤᠶᠤᠴᠢᠯᠠᠬᠤ ᠶᠢᠨ ᠬᠠᠮᠲᠤ ᠳᠣᠣᠷ᠎ᠠ ᠵᠢᠭᠰᠠᠭᠠᠭᠰᠠᠨ | ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃ | ︵ᠨᠢᠭᠡ︶ ᠰᠢᠯᠵᠢᠬᠦᠯᠤᠨ ᠥᠭᠬᠦ ᠭᠤᠶᠤᠴᠢᠯᠠᠯ ᠤᠨ ᠪᠢᠴᠢᠭ᠃ | ︵ᠬᠤᠶᠠᠷ︶ ᠬᠠᠷᠠᠯᠲᠠ ᠪᠣᠳᠠᠰ ᠤᠨ ᠡᠷᠬᠡ ᠶᠢᠨ ᠬᠠᠷᠢᠶᠠᠯᠠᠯ ᠤᠨ ᠭᠡᠷᠡᠴᠢ᠃ | ︵ᠭᠤᠷᠪᠠ︶ ᠡᠷᠬᠡ ᠶᠢᠨ ᠬᠠᠷᠢᠶᠠᠯᠠᠯ ᠤᠨ ᠥᠮᠴᠢᠯᠡᠭᠴᠢ ᠶᠢᠨ ᠪᠡᠶ᠎ᠡ ᠶᠢᠨ ᠭᠠᠷᠤᠯ᠂ ᠬᠢᠷᠢ ᠬᠡᠮ ᠤᠨ ᠭᠡᠷᠡᠴᠢ᠃ | ︵ᠳᠥᠷᠪᠡ︶ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠪᠤᠶᠤ ᠬᠢᠨᠠᠨ | ᠵᠥᠪᠰᠢᠶᠡᠷᠡᠬᠦ ᠲᠠᠰ ᠳᠠᠷᠠᠭᠠᠯᠠᠯ ᠢ ᠭᠦᠢᠴᠡᠳᠬᠡᠬᠦ ᠴᠢᠬᠤᠯᠠᠲᠠᠢ ᠪᠠᠶᠢᠪᠠᠯ᠂ ᠳᠣᠲᠣᠭᠠᠳᠤ ᠶᠢᠨ ᠰᠢᠢᠳᠪᠦᠷᠢᠲᠦ | ᠪᠣᠳᠣᠯᠭ᠎ᠠ ᠶᠢᠨ ᠰᠢᠯᠵᠢᠭᠦᠯᠦᠨ ᠬᠤᠳᠠᠯᠳᠤᠬᠤ ᠶᠢ ᠵᠥᠪᠰᠢᠶᠡᠷᠡᠭᠰᠡᠨ ᠭᠡᠷᠡᠴᠢ ᠪᠢᠴᠢᠭ ᠬᠠᠷ᠎ᠠ ᠪᠤᠶᠤ ᠬᠢᠨᠠᠨ | ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ︵ᠲᠠᠪᠤ︶ ᠬᠠᠷᠠᠯᠲᠠ ᠪᠤᠳᠠᠰ ᠢ ᠰᠢᠯᠵᠢᠭᠦᠯᠦᠨ ᠬᠤᠳᠠᠯᠳᠤᠬᠤ ᠳᠤ ᠤᠤᠯ ᠤᠨ ᠥᠮᠴᠢᠯᠡᠯ ᠤᠨ ᠡᠷᠬᠡ ᠶᠢᠨ | ᠡᠷᠬᠡᠲᠦ ᠬᠥᠮᠥᠨ ᠤ ᠵᠥᠪᠰᠢᠶᠡᠷᠡᠯ ᠢ ᠣᠯᠬᠤ ᠴᠢᠬᠤᠯᠠᠲᠠᠢ ᠪᠠᠶᠢᠪᠠᠯ᠂ ᠤᠤᠯ ᠤᠨ ᠥᠮᠴᠢᠯᠡᠯ ᠤᠨ ᠡᠷᠬᠡ ᠶᠢᠨ ᠡᠷᠬᠡᠲᠦ | ᠬᠥᠮᠥᠨ ᠤ ᠰᠢᠯᠵᠢᠭᠦᠯᠦᠨ ᠬᠤᠳᠠᠯᠳᠤᠬᠤ ᠶᠢ ᠵᠥᠪᠰᠢᠶᠡᠷᠡᠭᠰᠡᠨ ᠭᠡᠷᠡᠴᠢᠯᠡᠬᠦ ᠪᠢᠴᠢᠭ ᠬᠠᠷ᠎ᠠ ᠶᠢ ᠲᠤᠰᠢᠶᠠᠬᠤ ᠬᠡᠷᠡᠭᠲᠡᠢ᠃ | | ︵ᠵᠢᠷᠭᠤᠭ᠎ᠠ︶ ᠣᠷᠣᠯᠠᠭᠤᠯᠬᠤ ᠪᠠᠷ ᠨᠠᠶᠢᠳᠠᠬᠤ ᠳᠤ ᠬᠦᠷᠪᠡᠯ᠂ ᠡᠷᠬᠡ ᠣᠯᠭᠤᠭᠰᠠᠨ ᠬᠠᠤᠯᠢ ᠴᠠᠭᠠᠵᠠ ᠶᠢᠨ | ᠪᠢᠴᠢᠭ ᠬᠠᠷ᠎ᠠ ᠶᠢ ᠲᠤᠰᠢᠶᠠᠬᠤ ᠬᠡᠷᠡᠭᠲᠡᠢ᠃ | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠤᠯᠤᠰ ᠤᠨ | ᠲᠥᠷᠥ ᠶᠢᠨ ᠪᠣᠳᠣᠯᠭ᠎ᠠ ᠠᠴᠠ ᠲᠣᠭᠲᠠᠭᠠᠭᠰᠠᠨ ᠳᠡᠪᠰᠢᠭᠦᠯᠦᠨ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ᠃ | ᠠᠷᠪᠠᠨ ᠭᠤᠷᠪᠠᠳᠤᠭᠠᠷ ᠵᠦᠢᠯ ᠰᠢᠯᠵᠢᠭᠦᠯᠦᠨ ᠬᠤᠳᠠᠯᠳᠤᠬᠤ ᠭᠤᠶᠤᠴᠢᠯᠠᠯ ᠢ ᠳᠣᠣᠷᠠᠬᠢ ᠶᠠᠪᠤᠴᠠ ᠪᠠᠷ | ᠭᠦᠢᠴᠡᠳᠬᠡᠨ᠎ᠡ᠄ | ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠃ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ ᠠᠴᠠ | ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠨ ᠤ ᠭᠤᠶᠤᠴᠢᠯᠠᠯ ᠢ ᠬᠦᠯᠢᠶᠡᠨ ᠠᠪᠴᠤ | ᠰᠢᠢᠳᠪᠦᠷᠢᠯᠡᠨ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠳᠠᠩᠰᠠᠯᠠᠯᠲᠠ | ᠬᠢᠨ᠎ᠡ᠃ | ︵ᠬᠤᠶᠠᠷ︶ ᠬᠢᠨᠠᠨ ᠬᠠᠷᠭᠤᠭᠤᠯᠬᠤ᠃ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ | ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃ ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ | ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠴᠢ ᠲᠠᠢ ︽ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠨᠠᠶᠢᠳᠠᠯᠭ᠎ᠠ ᠶᠢᠨ ᠭᠡᠷ᠎ᠡ︾ ᠳᠤ ᠭᠠᠷ ᠤᠨ ᠥᠰᠥᠭ ᠵᠢᠷᠤᠬᠤ ᠶᠢᠨ ᠬᠠᠮᠲᠤ | ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠠᠪᠴᠠᠩ ᠳᠤ ᠮᠡᠳᠡᠭᠡ | ᠵᠠᠩᠭᠢ ᠶᠢ ᠢᠯᠡ ᠪᠠᠷ ᠨᠡᠶᠢᠲᠡᠯᠡᠬᠦ ᠪᠠ ᠵᠤᠬᠢᠶᠠᠨ ᠪᠠᠶᠢᠭᠤᠯᠤᠨ ᠠᠷᠠᠯᠵᠢᠶᠠᠯᠠᠨ᠎ᠠ᠃ ᠬᠢᠨᠠᠨ ᠬᠠᠷᠭᠤᠭᠤᠯᠤᠭᠠᠳ ᠬᠢᠷᠢ | ᠲᠡᠩᠴᠡᠭᠰᠡᠨ ᠦᠭᠡᠢ ᠪᠤᠯ᠂ ᠠᠷᠠᠯᠵᠢᠶᠠᠨ ᠤ ᠶᠠᠪᠤᠴᠠ ᠶᠢ ᠵᠣᠭᠰᠣᠭᠠᠵᠤ᠂ ᠬᠥᠳᠡᠭᠡ ᠲᠣᠰᠬᠤᠨ ᠤ ᠥᠮᠴᠢᠯᠡᠯ ᠤᠨ | ᠡᠷᠬᠡ ᠶᠢᠨ ᠠᠷᠠᠯᠵᠢᠶᠠᠨ ᠤ ᠪᠠᠶᠢᠭᠤᠯᠤᠮᠵᠢ ᠠᠴᠠ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠨ᠎ᠡ᠃ | ︵ᠭᠤᠷᠪᠠ︶ ᠫᠠᠶᠢᠰᠠ ᠡᠯᠭᠦᠬᠦ᠃ ᠠᠷᠠᠯᠵᠢᠶᠠᠯᠠᠬᠤ ᠪᠠᠷ ᠭᠤᠶᠤᠴᠢᠯᠠᠭᠰᠠᠨ ᠲᠥᠷᠥᠯ ᠵᠦᠢᠯ ᠤᠨ ᠮᠠᠲ᠋ᠧᠷᠢᠶᠠᠯ ᠨᠢ | ᠪᠦᠷᠢᠨ ᠭᠦᠢᠴᠡᠳ ᠪᠠᠶᠢᠪᠠᠯ᠂ ᠲᠥᠪ ᠨᠢ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ 5 ᠠᠵᠢᠯᠯᠠᠬᠤ | ᠡᠳᠦᠷ ᠤᠨ ᠳᠣᠲᠣᠷ᠎ᠠ ᠫᠠᠶᠢᠰᠠ ᠡᠯᠭᠦᠨ ᠮᠡᠳᠡᠭᠡ ᠵᠠᠩᠭᠢ ᠦᠢᠯᠡᠳᠬᠦ ᠶᠢ ᠪᠡᠶᠡᠯᠡᠭᠦᠯᠵᠦ᠂ ᠦᠢᠯᠡᠳᠦᠭᠰᠡᠨ ᠫᠠᠶᠢᠰᠠ | ᠡᠯᠭᠦᠭᠰᠡᠨ ᠮᠡᠳᠡᠭᠡ ᠵᠠᠩᠭᠢ ᠨᠢ ᠦᠨᠡᠨ ᠪᠣᠳᠠᠲᠠᠢ᠂ ᠣᠨᠣᠪᠴᠢᠲᠠᠶ᠂ ᠨᠠᠷᠢᠨ ᠪᠣᠳᠠᠲᠠᠢ᠂ ᠵᠢᠷᠤᠮᠵᠢᠯ ᠲᠠᠢ ᠪᠠᠶᠢᠬᠤ | ᠬᠡᠷᠡᠭᠲᠡᠢ᠃ | ᠫᠠᠶᠢᠰᠠ ᠡᠯᠭᠦᠬᠦ ᠮᠡᠳᠡᠭᠡ ᠵᠠᠩᠭᠢ ᠶᠢ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ | ᠠᠷᠠᠯᠵᠢᠶᠠᠨ ᠤ ᠲᠠᠪᠴᠠᠩ ᠳᠤ ᠫᠠᠶᠢᠰᠠ ᠡᠯᠭᠦᠬᠦ ᠠᠯᠪᠠᠨ ᠵᠠᠷᠯᠠᠯ ᠨᠡᠶᠢᠲᠡᠯᠡᠨ᠎ᠠ᠃ ᠠᠯᠪᠠᠨ ᠵᠠᠷᠯᠠᠯ ᠤᠨ ᠬᠤᠭᠤᠴᠠᠭ᠎ᠠ ᠶᠢ | ᠡᠩ ᠤᠨ ᠪᠠᠶᠢᠳᠠᠯ ᠳᠤ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠠᠳᠠᠯᠢ ᠨᠢᠭᠡ | ᠠᠷᠠᠯᠵᠢᠶᠠᠨ ᠤ ᠲᠥᠷᠥᠯ ᠵᠦᠢᠯ ᠢ ᠳᠠᠬᠢᠨ ᠠᠷᠠᠯᠵᠢᠶᠠᠯᠠᠬᠤ ᠴᠠᠭ ᠤᠨ ᠵᠠᠢ ᠶᠢ 5 ᠠᠷᠠᠯᠵᠢᠶᠠᠨ ᠤ ᠡᠳᠦᠷ ᠠᠴᠠ | ᠳᠤᠲᠠᠭᠤ ᠪᠠᠶᠢᠯᠭᠠᠵᠤ ᠪᠣᠯᠬᠤ ᠦᠭᠡᠢ᠃ | ᠳᠥᠷᠪᠡᠳᠦᠭᠡᠷ ᠪᠦᠯᠦᠭ ᠰᠢᠯᠵᠢᠭᠦᠯᠦᠨ ᠠᠪᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ | ᠠᠷᠪᠠᠨ ᠳᠥᠷᠪᠡᠳᠦᠭᠡᠷ ᠵᠦᠢᠯ ᠬᠢᠮᠳᠠ ᠪᠠᠷ ᠬᠤᠳᠠᠯᠳᠤᠬᠤ ᠲᠥᠷᠥᠯ ᠵᠦᠢᠯ ᠳᠤ ᠰᠢᠯᠵᠢᠭᠦᠯᠦᠨ ᠠᠪᠬᠤ | ᠰᠠᠨᠠᠭ᠎ᠠ ᠲᠠᠢ ᠬᠥᠮᠥᠨ ᠪᠥᠬᠦᠨ ᠫᠠᠶᠢᠰᠠ ᠡᠯᠭᠦᠨ ᠵᠠᠷᠯᠠᠨ ᠨᠡᠶᠢᠲᠡᠯᠡᠬᠦ ᠬᠤᠭᠤᠴᠠᠭᠠᠨ ᠳᠤ ᠦᠮᠴᠢᠯᠡᠯ ᠤᠨ ᠡᠷᠭᠡ ᠶᠢᠨ | ᠠᠷᠠᠯᠵᠢᠶᠠᠨ ᠤ ᠲᠦᠪ ᠲᠤ ᠭᠤᠶᠤᠴᠢᠯᠠᠯ ᠭᠠᠷᠭᠠᠵᠤ᠂ ᠱᠠᠭᠠᠷᠳᠠᠯᠭ᠎ᠠ ᠶᠣᠰᠣᠭᠠᠷ ᠴᠠᠭᠠᠰᠤᠨ ᠪᠢᠴᠢᠭᠮᠠᠲ᠋ᠧᠷᠢᠶᠠᠯ | ᠢᠶᠠᠨ ᠲᠤᠰᠢᠶᠠᠬᠤ ᠶᠢᠨ ᠬᠠᠮᠲᠤ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ | ᠬᠠᠤᠯᠢ ᠶᠣᠰᠣᠨ ᠤ ᠴᠢᠨᠠᠷ ᠲᠤ ᠬᠠᠷᠢᠭᠤᠴᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠰᠢᠯᠵᠢᠭᠦᠯᠦᠨ | ᠠᠪᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | ︵ᠨᠢᠭᠡ︶ ᠰᠢᠯᠵᠢᠭᠦᠯᠦᠨ ᠠᠪᠬᠤ ᠭᠤᠶᠤᠴᠢᠯᠠᠯ ᠤᠨ ᠪᠢᠴᠢᠭ᠃ | ︵ᠬᠤᠶᠠᠷ︶ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ᠂ ᠡᠭᠦᠨ ᠳᠤ ᠬᠤᠪᠢ ᠬᠥᠮᠥᠨ ᠤ ᠪᠡᠶ᠎ᠡ ᠶᠢᠨ | ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ | ᠦᠨᠡᠮᠯᠡᠯ ᠪᠠᠭᠲᠠᠨ᠎ᠠ᠃ | ︵ᠭᠤᠷᠪᠠ︶ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠪᠤᠶᠤ ᠬᠢᠨᠠᠨ ᠵᠥᠪᠰᠢᠶᠡᠷᠡᠬᠦ | ᠲᠠᠰ ᠳᠠᠷᠠᠭᠠᠯᠠᠯ ᠢ ᠭᠦᠢᠴᠡᠳᠬᠡᠬᠦ ᠴᠢᠬᠤᠯᠠᠲᠠᠢ ᠪᠠᠶᠢᠪᠠᠯ᠂ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠶᠢᠨ | ᠰᠢᠯᠵᠢᠭᠦᠯᠦᠨ ᠠᠪᠬᠤ ᠶᠢ ᠵᠥᠪᠰᠢᠶᠡᠷᠡᠭᠰᠡᠨ ᠭᠡᠷᠡᠴᠢ ᠪᠢᠴᠢᠭ ᠬᠠᠷ᠎ᠠ ᠪᠤᠶᠤ ᠬᠢᠨᠠᠨ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ︵ᠳᠥᠷᠪᠡ︶ ᠣᠷᠣᠯᠠᠭᠤᠯᠬᠤ ᠪᠠᠷ ᠨᠠᠶᠢᠳᠠᠬᠤ ᠳᠤ ᠬᠦᠷᠪᠡᠯ᠂ ᠡᠷᠬᠡ ᠣᠯᠭᠤᠭᠰᠠᠨ ᠬᠠᠤᠯᠢ ᠴᠠᠭᠠᠵᠠ ᠶᠢᠨ | ᠪᠢᠴᠢᠭ ᠬᠠᠷ᠎ᠠ ᠶᠢ ᠲᠤᠰᠢᠶᠠᠬᠤ ᠬᠡᠷᠡᠭᠲᠡᠢ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠤᠨ ᠲᠥᠷᠥ ᠶᠢᠨ ᠪᠣᠳᠣᠯᠭ᠎ᠠ ᠠᠴᠠ | ᠲᠣᠭᠲᠠᠭᠠᠭᠰᠠᠨ ᠳᠡᠪᠰᠢᠭᠦᠯᠦᠨ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ ᠃ | ᠠᠷᠪᠠᠨ ᠵᠢᠷᠭᠤᠳᠤᠭᠠᠷ ᠵᠦᠢᠯ ᠰᠢᠯᠵᠢᠭᠦᠯᠦᠨ ᠠᠪᠬᠤ ᠭᠤᠶᠤᠴᠢᠯᠠᠯ ᠢ ᠳᠣᠣᠷᠠᠬᠢ ᠶᠠᠪᠤᠴᠠ ᠪᠠᠷ | ᠭᠦᠢᠴᠡᠳᠬᠡᠨ᠎ᠡ᠄ | ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠃ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ ᠠᠴᠠ | ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠭᠥᠯᠢᠶᠡᠨ | ᠠᠪᠴᠤ ᠳᠡᠩᠰᠡᠯᠡᠨᠠ᠃ | ︵ᠬᠤᠶᠠᠷ︶ ᠬᠢᠨᠠᠨ ᠬᠠᠷᠭᠤᠭᠤᠯᠬᠤ᠃ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ | ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃ | ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ | ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ ᠶᠢᠨ ᠬᠠᠮᠲᠤ ᠵᠣᠬᠢᠶᠠᠨ ᠪᠠᠶᠢᠭᠤᠯᠵᠤ ᠠᠷᠠᠯᠵᠢᠶᠠᠯᠠᠨ᠎ᠠ᠃ ᠬᠢᠨᠠᠨ | ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠪᠤᠯ᠂ ᠠᠷᠠᠯᠵᠢᠶᠠᠨ ᠤ ᠶᠠᠪᠤᠴᠠ ᠶᠢ ᠵᠣᠭᠰᠣᠭᠠᠵᠤ᠂ ᠦᠮᠴᠢᠯᠡᠯ ᠤᠨ | ᠡᠷᠭᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠨ᠎ᠡ᠃ ᠬᠠᠤᠯᠢ ᠴᠠᠭᠠᠵᠠ | ᠂ ᠬᠠᠤᠯᠢ ᠲᠣᠭᠲᠠᠭᠠᠯ ᠳᠤ ᠠᠷᠠᠯᠵᠢᠶᠠᠨ ᠤ ᠭᠤᠣᠯ ᠴᠣᠭᠴᠠ ᠶᠢᠨ ᠬᠢᠷᠢ ᠬᠡᠮ ᠢ ᠬᠢᠵᠠᠭᠠᠷᠯᠠᠭᠰᠠᠨ ᠦᠭᠡᠢ ᠪᠠᠶᠢᠪᠠᠯ᠂ | ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠰᠢᠭᠤᠳ ᠮᠡᠳᠡᠭᠡ ᠵᠠᠩᠭᠢ ᠨᠡᠶᠢᠲᠡᠯᠡᠵᠦ᠂ ᠵᠣᠬᠢᠶᠠᠨ | ᠪᠠᠶᠢᠭᠤᠯᠤᠨ ᠠᠷᠠᠯᠵᠢᠶᠠᠯᠠᠨ᠎ᠠ᠃ | ᠠᠷᠪᠠᠨ ᠳᠣᠯᠣᠳᠤᠭᠠᠷ ᠵᠦᠢᠯ ᠫᠠᠶᠢᠰᠠ ᠡᠯᠭᠦᠬᠦ ᠬᠤᠭᠤᠴᠠᠭᠠᠨ ᠳᠤ᠂ ᠦᠮᠴᠢᠯᠡᠯ ᠤᠨ ᠡᠷᠭᠡ ᠶᠢᠨ | ᠠᠷᠠᠯᠵᠢᠶᠠᠨ ᠤ ᠲᠥᠪ ᠠᠴᠠ ᠰᠠᠨᠠᠮᠵᠢ ᠲᠠᠢ ᠡᠳᠡᠭᠡᠳ ᠤᠨ ᠠᠰᠠᠭᠤᠨ ᠯᠠᠪᠯᠠᠬᠤ ᠶᠢ ᠭᠥᠯᠢᠶᠡᠨ ᠠᠪᠴᠤ᠂ ᠭᠥᠯᠢᠶᠡᠨ | ᠠᠪᠬᠤ ᠰᠠᠨᠠᠮᠵᠢ ᠲᠠᠢ ᠡᠳᠡᠭᠡᠳ ᠨᠢ ᠥᠷᠢᠰᠦᠯᠳᠦᠨ ᠬᠤᠳᠠᠯᠳᠤᠨ ᠠᠪᠤᠭᠴᠢ ᠪᠣᠯᠵᠤ ᠳᠡᠶᠢᠯᠬᠦ ᠡᠰᠡᠬᠦ ᠶᠢ ᠬᠢᠨᠠᠨ | ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠰᠢᠯᠵᠢᠭᠦᠯᠦᠨ ᠠᠪᠬᠤ ᠭᠤᠶᠤᠴᠢᠯᠠᠭᠴᠢ ᠨᠢ ᠱᠠᠭᠠᠷᠳᠠᠯᠭ᠎ᠠ ᠶᠣᠰᠣᠭᠠᠷ | ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ ᠲᠤ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠲᠤᠰᠢᠶᠠᠬᠤ | ᠬᠡᠷᠡᠭᠲᠡᠢ᠃ ᠪᠠᠲᠤᠯᠠᠭ᠎ᠠ ᠶᠢᠨ ᠮᠥᠩᠭᠦ ᠲᠤᠰᠢᠶᠠᠬᠤ ᠭᠤᠶᠤᠴᠢᠯᠠᠭᠴᠢ ᠶᠢ ᠦᠮᠴᠢᠯᠡᠯ ᠤᠨ ᠡᠷᠭᠡ ᠶᠢᠨ ᠠᠷᠠᠯᠵᠢᠶᠠᠨ ᠤ | ᠲᠦᠪ ᠠᠴᠠ ᠲᠠᠯᠠᠪᠤᠷ ᠲᠤ ᠣᠷᠣᠵᠤ ᠦᠨ᠎ᠡ ᠬᠠᠶᠠᠯᠴᠠᠵᠤ ᠪᠣᠯᠬᠤ ᠥᠷᠢᠰᠦᠯᠳᠦᠨ ᠬᠤᠳᠠᠯᠳᠤᠨ ᠠᠪᠤᠭᠴᠢ ᠪᠠᠷ | ᠨᠤᠲᠠᠯᠠᠨ ᠲᠣᠭᠲᠠᠭᠠᠨ᠎ᠠ᠃ ᠱᠠᠭᠠᠷᠳᠠᠯᠭ᠎ᠠ ᠶᠣᠰᠣᠭᠠᠷ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠪᠠᠨ ᠲᠤᠰᠢᠶᠠᠭᠰᠠᠨ | ᠦᠭᠡᠢ ᠰᠢᠯᠵᠢᠭᠦᠯᠦᠨ ᠠᠪᠤᠭᠴᠢ ᠶᠢ ᠥᠷᠢᠰᠦᠯᠳᠦᠨ ᠬᠤᠳᠠᠯᠳᠤᠨ ᠠᠪᠬᠤ ᠬᠢᠷᠢ ᠬᠡᠮ ᠢᠶᠠᠨ ᠬᠠᠶᠠᠭᠰᠠᠨ ᠢᠶᠠᠷ | ᠦᠵᠡᠨ᠎ᠡ᠃ | ᠲᠠᠪᠤᠳᠤᠭᠠᠷ ᠪᠦᠯᠦᠭ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ | ᠠᠷᠪᠠᠨ ᠨᠠᠢᠮᠠᠳᠤᠭᠠᠷ ᠵᠦᠢᠯ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠴᠢ ᠶᠢᠨ | ᠲᠤᠰᠢᠶᠠᠭᠰᠠᠨ ᠮᠠᠲ᠋ᠧᠷᠢᠶᠠᠯ ᠢ ᠦᠨᠳᠦᠰᠦᠯᠡᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠦᠨ᠎ᠡ ᠬᠠᠶᠠᠵᠤ | ᠬᠤᠳᠠᠯᠳᠤᠬᠤ ᠠᠷᠭ᠎ᠠ ᠶᠢ ᠰᠣᠩᠭᠤᠵᠤ ᠬᠢᠮᠳᠠ ᠪᠠᠷ ᠬᠤᠳᠠᠯᠳᠤᠭᠰᠠᠨ ᠪᠠᠶᠢᠪᠠᠯ᠂ ᠮᠡᠳᠡᠭᠡ ᠵᠠᠩᠭᠢ ᠨᠡᠶᠢᠲᠡᠯᠡᠬᠦ ᠴᠠᠭ ᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠶᠠᠵᠤ ᠬᠤᠳᠠᠯᠳᠤᠬᠤ ᠬᠠᠤᠯᠢ︾ ᠶᠢᠨ | ᠶᠣᠰᠣᠭᠠᠷ ᠬᠡᠷᠡᠭᠵᠢᠭᠦᠯᠦᠨ᠎ᠡ᠃ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠰᠣᠩᠭᠤᠵᠤ ᠬᠢᠮᠳᠠ ᠪᠠᠷ | ᠬᠤᠳᠠᠯᠳᠤᠭᠰᠠᠨ ᠪᠠᠶᠢᠪᠠᠯ᠂ ᠮᠡᠳᠡᠭᠡ ᠵᠠᠩᠭᠢ ᠨᠡᠶᠢᠲᠡᠯᠡᠬᠦ ᠴᠠᠭ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ᠶᠢᠨ ᠶᠣᠰᠣᠭᠠᠷ ᠬᠡᠷᠡᠭᠵᠢᠭᠦᠯᠦᠨ᠎ᠡ᠃ | ᠠᠷᠪᠠ ᠶᠢᠰᠦᠳᠦᠭᠡᠷ ᠵᠦᠢᠯ ᠭᠤᠶᠤᠴᠢᠯᠠᠭᠴᠢ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭᠠᠨ ᠳᠤ ᠮᠡᠳᠡᠭᠡ | ᠵᠠᠩᠭᠢ ᠳᠤ ᠨᠡᠶᠢᠲᠡᠯᠡᠭᠰᠡᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠬᠡᠷᠪᠡ ᠤᠨᠴᠠᠭᠠᠢ | ᠰᠢᠯᠲᠠᠭᠠᠨ ᠠᠴᠠ ᠪᠣᠯᠣᠭᠠᠳ ᠦᠨᠡᠨ ᠬᠦ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ ᠵᠥᠪᠰᠢᠶᠡᠷᠡᠭᠰᠡᠨ | ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠤᠤᠯ ᠤᠨ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢᠶᠠᠷ | ᠳᠠᠭᠢᠵᠤ ᠵᠠᠷᠯᠠᠨ ᠨᠡᠶᠢᠲᠡᠯᠡᠵᠦ᠂ ᠮᠡᠳᠡᠭᠡ ᠵᠠᠩᠭᠢ ᠨᠡᠶᠢᠲᠡᠯᠡᠬᠦ ᠬᠤᠭᠤᠴᠠᠭ᠎ᠠ ᠶᠢ ᠳᠠᠭᠢᠵᠤ ᠰᠢᠨ᠎ᠡ ᠪᠠᠷ ᠪᠤᠳᠤᠨ᠎ᠠ᠃ | ᠬᠤᠷᠢᠳᠤᠭᠠᠷ ᠵᠦᠢᠯ ᠭᠤᠶᠤᠴᠢᠯᠠᠭᠴᠢ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭᠠᠨ ᠳᠤ ᠨᠡᠶᠢᠲᠡᠯᠡᠭᠰᠡᠨ | ᠮᠡᠳᠡᠭᠡ ᠵᠠᠩᠭᠢ ᠪᠠᠨ ᠳᠤᠷ᠎ᠠ ᠪᠠᠷ ᠢᠶᠠᠨ ᠬᠦᠴᠦᠨ ᠦᠭᠡᠢ ᠪᠣᠯᠭᠠᠵᠤ ᠪᠣᠯᠬᠤ ᠦᠭᠡᠢ᠂ ᠡᠰᠡ ᠲᠡᠭᠡᠪᠡᠯ ᠬᠤᠯᠪᠣᠭᠳᠠᠯ | ᠪᠦᠬᠦᠢ ᠡᠯ᠎ᠡ ᠲᠠᠯ᠎ᠠ ᠶᠢᠨ ᠬᠢᠨ ᠳᠤ ᠤᠴᠠᠷᠠᠭᠤᠯᠤᠭᠰᠠᠨ ᠬᠤᠬᠢᠷᠠᠯ ᠢ ᠬᠠᠷᠢᠭᠤᠴᠠᠨ ᠲᠥᠯᠥᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭᠠᠨ ᠳᠤ ᠨᠥᠬᠦᠴᠡᠯ ᠳᠤ ᠨᠡᠶᠢᠴᠡᠬᠦ | ᠰᠢᠯᠵᠢᠭᠦᠯᠦᠨ ᠥᠭᠬᠦ ᠰᠠᠨᠠᠮᠵᠢ ᠲᠠᠢ ᠲᠠᠯ᠎ᠠ ᠪᠤᠶᠤ ᠰᠢᠯᠵᠢᠭᠦᠯᠦᠨ ᠠᠪᠬᠤ ᠰᠠᠨᠠᠮᠵᠢ ᠲᠠᠢ ᠲᠠᠯ᠎ᠠ ᠶᠢ ᠣᠯᠣᠭᠰᠠᠨ | ᠦᠭᠡᠢ ᠪᠠᠶᠢᠪᠠᠯ᠂ ᠡᠷᠭᠢᠯᠲᠡ ᠶᠢᠨ ᠰᠠᠭᠤᠷᠢ ᠦᠨ᠎ᠡ ᠵᠡᠷᠭᠡ ᠰᠢᠯᠵᠢᠭᠦᠯᠦᠨ ᠠᠪᠬᠤ ᠨᠥᠬᠦᠴᠡᠯ ᠢ ᠬᠤᠶᠢᠰᠢᠯᠠᠭᠤᠯᠬᠤ | ᠪᠤᠶᠤ ᠬᠤᠪᠢᠷᠠᠭᠤᠯᠤᠭᠰᠠᠨ ᠤ ᠳᠠᠷᠠᠭ᠎ᠠ ᠳᠠᠭᠢᠵᠤ ᠨᠡᠶᠢᠲᠡᠯᠡᠵᠦ ᠪᠣᠯᠣᠨ᠎ᠠ᠃ ᠭᠤᠶᠤᠴᠢᠯᠠᠭᠴᠢ ᠮᠡᠳᠡᠭᠡ ᠵᠠᠩᠭᠢ | ᠨᠡᠶᠢᠲᠡᠯᠡᠬᠦ ᠬᠤᠭᠤᠴᠠᠭ᠎ᠠ ᠶᠢ ᠤᠷᠲᠤᠳᠬᠠᠬᠤ ᠪᠠᠷ ᠲᠣᠳᠣᠷᠬᠠᠢ ᠲᠣᠭᠲᠠᠭᠠᠭᠰᠠᠨ ᠦᠭᠡᠢ ᠪᠠᠶᠢᠪᠠᠯ᠂ ᠲᠤᠰ ᠤᠳᠠᠭᠠᠨ ᠤ | ᠮᠡᠳᠡᠭᠡ ᠵᠠᠩᠭᠢ ᠨᠡᠶᠢᠲᠡᠯᠡᠬᠦ ᠠᠵᠢᠯᠯᠠᠭ᠎ᠠ ᠠᠶᠠᠨᠳᠠᠭᠠᠨ ᠳᠠᠭᠤᠰᠤᠨ᠎ᠠ᠃ | ᠬᠤᠷᠢᠨ ᠬᠤᠶᠠᠳᠤᠭᠠᠷ ᠵᠦᠢᠯ ᠫᠠᠶᠢᠰᠠ ᠡᠯᠭᠦᠭᠡᠳ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ | ᠲᠠᠭᠤᠰᠤᠭᠰᠠᠨ ᠤ ᠳᠠᠷᠠᠭ᠎ᠠ᠂ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠨᠤᠲᠠᠯᠠᠨ ᠲᠣᠭᠲᠠᠭᠠᠭᠰᠠᠨ | ᠥᠷᠢᠰᠦᠯᠳᠦᠨ ᠬᠤᠳᠠᠯᠳᠤᠨ ᠠᠪᠤᠭᠴᠢ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠥᠪ ᠤᠨ ᠦᠢᠯᠡᠴᠢᠯᠡᠭᠡᠨ ᠤ ᠲᠢᠩᠬᠢᠮ ᠤᠨ ᠲᠤᠬᠠᠢ ᠶᠢᠨ ᠲᠠᠯᠠᠪᠠᠢ ᠪᠤᠶᠤ ᠰᠦᠯᠵᠢᠶᠡᠨ ᠤ ᠥᠷᠢᠰᠦᠯᠳᠦᠭᠡᠨ ᠳᠤ | ᠰᠢᠭᠤᠳ ᠣᠷᠣᠵᠤ ᠪᠣᠯᠣᠨ᠎ᠠ᠂ ᠥᠷᠢᠰᠦᠯᠳᠦᠨ ᠬᠤᠳᠠᠯᠳᠤᠨ ᠠᠪᠤᠭᠴᠢ ᠨᠢ ᠥᠪᠡᠷ ᠤᠨ ᠮᠡᠳᠡᠭᠦᠯᠦᠭᠰᠡᠨ ᠦᠨ᠎ᠡ | ᠪᠤᠶᠤ ᠥᠷᠢᠰᠦᠯᠳᠦᠭᠡᠨ ᠤ ᠦᠨ᠎ᠡ ᠬᠠᠩᠰᠢ ᠶᠢᠨ ᠠᠵᠢᠯᠯᠠᠭ᠎ᠠ ᠳᠠᠭᠠᠨ ᠠᠵᠤ ᠠᠬᠤᠢ ᠶᠢᠨ ᠪᠠ ᠬᠠᠤᠯᠢ ᠶᠢᠨ ᠪᠦᠷᠢᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠬᠡᠷᠪᠡ ᠵᠥᠪᠬᠡᠨ ᠨᠥᠬᠦᠴᠡᠯ ᠳᠤ ᠨᠡᠶᠢᠴᠡᠭᠰᠡᠨ ᠰᠢᠯᠵᠢᠭᠦᠯᠦᠨ ᠠᠪᠤᠭᠴᠢ | ᠪᠤᠢ ᠪᠣᠯᠤᠭᠰᠠᠨ ᠪᠠᠶᠢᠪᠠᠯ᠂ ᠰᠢᠯᠵᠢᠭᠦᠯᠦᠨ ᠠᠪᠤᠭᠴᠢ ᠭᠤᠶᠤᠴᠢᠯᠠᠭᠴᠢ ᠶᠢ ᠦᠷᠭᠦᠯᠵᠢᠯᠡᠨ ᠡᠯᠰᠡᠵᠦ᠂ ᠴᠢᠨᠠᠭᠰᠢᠯᠠᠪᠠᠯ | ᠦᠨ᠎ᠡ ᠥᠷᠢᠰᠦᠯᠳᠦᠬᠦ ᠱᠠᠭᠠᠷᠳᠠᠯᠭ᠎ᠠ ᠶᠢ ᠬᠠᠩᠭᠠᠨ᠎ᠠ᠃ ᠬᠤᠶᠠᠷ ᠪᠤᠶᠤ ᠲᠡᠭᠦᠨ ᠠᠴᠠ ᠳᠡᠭᠡᠭᠰᠢ ᠰᠢᠯᠵᠢᠭᠦᠯᠦᠨ | ᠠᠪᠬᠤ ᠪᠠᠷ ᠭᠤᠶᠤᠴᠢᠯᠠᠭᠴᠢ ᠲᠠᠢ ᠪᠠᠶᠢᠪᠠᠯ᠂ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ | ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠰᠦᠯᠵᠢᠶ᠎ᠡ ᠪᠠᠷ ᠦᠨ᠎ᠡ ᠬᠠᠶᠠᠯᠴᠠᠬᠤ ᠵᠡᠷᠭᠡ ᠦᠨ᠎ᠡ | ᠬᠠᠶᠠᠯᠴᠠᠬᠤ ᠠᠷᠭ᠎ᠠ ᠶᠢ ᠰᠣᠩᠭᠤᠵᠤ ᠵᠣᠬᠢᠶᠠᠨ ᠪᠠᠶᠢᠭᠤᠯᠤᠨ ᠠᠷᠠᠯᠵᠢᠶᠠᠯᠠᠨ᠎ᠠ᠃ ᠬᠠᠮᠤᠭ ᠤᠨ ᠳᠣᠣᠷ᠎ᠠ ᠦᠨ᠎ᠡ ᠲᠠᠢ | ᠪᠠᠶᠢᠪᠠᠯ᠂ ᠬᠠᠮᠤᠭ ᠤᠨ ᠳᠣᠣᠷ᠎ᠠ ᠦᠨ᠎ᠡ ᠳᠤ ᠬᠦᠷᠦᠭᠰᠡᠨ ᠰᠠᠭᠤᠷᠢᠨ ᠳᠡᠭᠡᠷ᠎ᠡ᠂ ᠥᠨᠳᠥᠷ ᠦᠨ᠎ᠡ ᠲᠠᠢ ᠨᠢ | ᠥᠷᠢᠰᠦᠯᠳᠦᠨ ᠣᠯᠬᠤ ᠳᠦᠷᠢᠮ ᠢ ᠬᠡᠷᠡᠭᠵᠢᠭᠦᠯᠦᠨ᠎ᠡ᠂ ᠲᠤᠬᠠᠶᠢᠯᠠᠪᠠᠯ ᠦᠨ᠎ᠡ ᠥᠷᠢᠰᠦᠯᠳᠦᠬᠦ ᠪᠠ ᠫᠠᠶᠢᠰᠠ ᠡᠯᠭᠦᠬᠦ | ᠬᠠᠮᠤᠭ ᠤᠨ ᠥᠨᠳᠥᠷ ᠦᠨ᠎ᠡ ᠮᠡᠳᠡᠭᠦᠯᠦᠭᠴᠢ ᠶᠢ ᠥᠷᠢᠰᠦᠯᠳᠦᠨ ᠣᠯᠣᠭᠴᠢ ᠪᠣᠯᠭᠠᠨ᠎ᠠ᠃ ᠬᠠᠮᠲᠤ ᠶᠢᠨ ᠡᠳ᠋ | ᠬᠥᠷᠥᠩᠭᠡ ᠶᠢ ᠭᠥᠯᠢᠶᠡᠨ ᠠᠪᠬᠤ ᠲᠠᠯ᠎ᠠ ᠶᠢᠨ ᠠᠷᠠᠯᠵᠢᠶ᠎ᠠ ᠪᠦᠲᠦᠭᠰᠡᠨ ᠦᠨ᠎ᠡ ᠶᠢ ᠵᠠᠷᠴᠢᠮ ᠳᠡᠭᠡᠷ᠎ᠡ ᠪᠠᠨ ᠲᠣᠰ ᠡᠳ᠋ | ᠬᠥᠷᠥᠩᠭᠡ ᠶᠢᠨ ᠬᠠᠷᠠᠯᠲᠠ ᠵᠠᠬ᠎ᠠ ᠳᠡᠯᠭᠡᠭᠦᠷ ᠤᠨ ᠦᠨ᠎ᠡ ᠪᠠ ᠦᠨᠡᠯᠡᠨ ᠵᠢᠱᠢᠭᠰᠡᠨ ᠦᠨ᠎ᠡ ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ | ᠦᠨ᠎ᠡ ᠬᠠᠶᠠᠯᠴᠠᠬᠤ ᠬᠥᠮᠥᠨ ᠪᠠᠶᠢᠬᠤ ᠦᠭᠡᠢ᠂ ᠦᠨ᠎ᠡ ᠬᠠᠶᠠᠯᠴᠠᠬᠤ ᠨᠢ ᠬᠦᠴᠦᠨ ᠦᠭᠡᠢ ᠪᠤᠶᠤ ᠠᠷᠠᠯᠵᠢᠶ᠎ᠠ | ᠨᠢ ᠪᠦᠲᠦᠭᠰᠡᠨ ᠦᠭᠡᠢ ᠪᠠᠶᠢᠪᠠᠯ᠂ ᠬᠥᠳᠡᠭᠡ ᠲᠣᠰᠬᠤᠨ ᠤ ᠬᠠᠮᠲᠤ ᠨᠡᠶᠢᠲᠡ ᠠᠴᠠ ᠠᠷᠠᠯᠵᠢᠶᠠᠨ ᠤ ᠨᠥᠬᠦᠴᠡᠯ ᠢ | ᠬᠤᠪᠢᠷᠠᠭᠤᠯᠬᠤ ᠦᠭᠡᠢ ᠪᠠᠶᠢᠳᠠᠯ ᠳᠣᠣᠷ᠎ᠠ ᠠᠷᠠᠯᠵᠢᠶᠠᠨ ᠤ ᠠᠯᠪᠠᠨ ᠵᠠᠷᠯᠠᠯ ᠢ ᠳᠠᠬᠢᠵᠤ ᠨᠡᠶᠢᠲᠡᠯᠡᠬᠦ ᠪᠠᠷ ᠭᠤᠶᠤᠴᠢᠯᠠᠵᠤ | ᠪᠣᠯᠣᠨ᠎ᠠ᠃ ᠠᠷᠠᠯᠵᠢᠶᠠᠯᠠᠬᠤ ᠨᠥᠬᠦᠴᠡᠯ ᠢ ᠬᠤᠪᠢᠷᠠᠭᠤᠯᠬᠤ ᠳᠤ ᠬᠦᠷᠪᠡᠯ᠂ ᠲᠤᠰ ᠨᠠᠷᠢᠨ ᠲᠤᠶᠢᠷᠢᠮ ᠤᠨ ᠲᠣᠭᠲᠠᠭᠠᠯ | ᠶᠣᠰᠣᠭᠠᠷ ᠲᠡᠬᠢᠠ ᠠᠷᠠᠯᠵᠢᠶᠠᠯᠠᠬᠤ ᠪᠠᠷ ᠭᠤᠶᠤᠴᠢᠯᠠᠬᠤ ᠬᠡᠷᠡᠭᠲᠡᠢ᠃ | ᠵᠢᠷᠭᠤᠳᠤᠭᠠᠷ ᠪᠦᠯᠦᠭ ᠭᠡᠷ᠎ᠡ ᠲᠣᠭᠲᠠᠬᠤ ᠪᠠ ᠵᠣᠭᠤᠰ ᠢ ᠳ᠋ᠦᠩᠨᠡᠨ ᠪᠤᠳᠤᠬᠤ | ᠬᠤᠷᠢᠨ ᠭᠤᠷᠪᠠᠳᠤᠭᠠᠷ ᠵᠦᠢᠯ ᠠᠷᠠᠯᠵᠢᠶ᠎ᠠ ᠳᠠᠭᠤᠰᠤᠭᠰᠠᠨ ᠤ ᠳᠠᠷᠠᠭ᠎ᠠ᠂ ᠦᠮᠴᠢᠯᠡᠯ ᠤᠨ ᠡᠷᠭᠡ ᠶᠢᠨ | ᠠᠷᠠᠯᠵᠢᠶᠠᠨ ᠤ ᠲᠥᠪ ᠠᠴᠠ ᠬᠥᠳᠡᠭᠡ ᠲᠣᠰᠬᠤᠨ ᠤ ᠬᠠᠮᠲᠤ ᠨᠡᠶᠢᠲᠡ ᠪᠠ ᠥᠷᠢᠰᠦᠯᠳᠦᠨ ᠣᠯᠣᠭᠰᠠᠳ ᠢ ᠵᠣᠬᠢᠶᠠᠨ | ᠪᠠᠶᠢᠭᠤᠯᠵᠤ ᠲᠤᠬᠠᠢ ᠶᠢᠨ ᠭᠠᠵᠠᠷ ᠲᠤᠨᠢ ᠠᠷᠠᠯᠵᠢᠶᠠᠨ ᠤ ᠦᠷ᠎ᠡ ᠳ᠋ᠦᠩ ᠢ ᠪᠢᠴᠢᠭ ᠢᠶᠠᠷ ᠨᠤᠲᠠᠯᠠᠭᠤᠯᠵᠤ᠂ | ᠬᠡᠯᠪᠡᠷᠢ ᠶᠢᠨ ᠠᠷᠠᠯᠵᠢᠶᠠᠨ ᠤ ᠭᠡᠷ᠎ᠡ ᠲᠣᠭᠲᠠᠵᠤ᠂ ᠠᠷᠠᠯᠵᠢᠶᠠᠯᠠᠬᠤ ᠬᠤᠶᠠᠷ ᠡᠲᠡᠭᠡᠳ ᠲᠤ ︽ᠠᠷᠠᠯᠵᠢᠶ᠎ᠠ | ᠪᠦᠲᠦᠭᠰᠡᠨ ᠢ ᠨᠤᠲᠠᠯᠠᠭᠰᠠᠨ ᠪᠢᠴᠢᠭ︾ ᠭᠠᠷᠭᠠᠵᠤ ᠥᠭᠬᠦ ᠬᠡᠷᠡᠭᠲᠡᠢ᠃ ᠥᠷᠢᠰᠦᠯᠳᠦᠨ ᠣᠯᠣᠭᠴᠢ ᠶᠢᠨ | ᠰᠢᠯᠲᠠᠭᠠᠨ ᠠᠴᠠ ᠪᠣᠯᠵᠤ᠂ ᠬᠥᠳᠡᠭᠡ ᠲᠣᠰᠬᠤᠨ ᠤ ᠬᠠᠮᠲᠤ ᠨᠡᠶᠢᠲᠡ ᠲᠠᠢ ᠭᠡᠷ᠎ᠡ ᠲᠤᠭᠳᠠᠭᠰᠠᠨ ᠦᠭᠡᠢ ᠪᠠᠶᠢᠪᠠᠯ᠂ | ᠠᠷᠠᠯᠵᠢᠶᠠᠯᠠᠬᠤ ᠶᠢ ᠬᠠᠶᠠᠭᠰᠠᠨ ᠢᠶᠠᠷ ᠦᠵᠡᠵᠦ᠂ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠶᠢ ᠠᠷᠠᠯᠵᠢᠶᠠᠨ ᠤ | ᠳᠦᠷᠢᠮ ᠢᠶᠠᠷ ᠰᠢᠢᠳᠪᠦᠷᠢᠯᠡᠨ᠎ᠡ᠃ | ᠠᠷᠠᠯᠵᠢᠶᠠᠨ ᠤ ᠦᠷ᠎ᠡ ᠳ᠋ᠦᠩ ᠢ ᠡᠷᠬᠡᠪᠰᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠠᠪᠴᠠᠩ ᠵᠢᠴᠢ ᠵᠠᠰᠠᠭ ᠤᠨ ᠣᠷᠳᠣᠨ ᠤ ᠲᠣᠭᠲᠠᠭᠠᠭᠰᠠᠨ ᠰᠦᠯᠵᠢᠶᠡᠨ ᠤ ᠲᠠᠪᠴᠠᠩ ᠪᠠ ᠰᠦᠯᠵᠢᠶᠡᠨ ᠤ | ᠦᠷᠲᠡᠭᠡ ᠳᠤ ᠵᠠᠷᠯᠠᠨ ᠨᠡᠶᠢᠲᠡᠯᠡᠵᠦ᠂ ᠬᠥᠳᠡᠭᠡ ᠲᠣᠰᠬᠤᠨ ᠤ ᠬᠠᠮᠲᠤ ᠨᠡᠶᠢᠲᠡ ᠠᠴᠠ ᠪᠠᠰᠠ ᠭᠠᠴᠠᠭ᠎ᠠ ᠲᠤᠰᠬᠤᠨ ᠤ | ᠶᠠᠪᠤᠳᠠᠯ ᠢ ᠢᠯᠡ ᠪᠣᠯᠭᠠᠬᠤ ᠪᠤᠯᠤᠩ ᠳᠤ ᠵᠠᠷᠯᠠᠨ ᠨᠡᠶᠢᠲᠡᠯᠡᠬᠦ ᠬᠡᠷᠡᠭᠲᠡᠢ᠃ ᠵᠠᠷᠯᠠᠨ ᠨᠡᠶᠢᠲᠡᠯᠡᠬᠦ ᠴᠠᠭ ᠬᠤᠭᠤᠴᠠᠭ᠎ᠠ ᠶᠢ | 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠵᠠᠷᠯᠠᠨ ᠨᠡᠶᠢᠲᠡᠯᠡᠬᠦ ᠳᠤ᠄ ᠠᠷᠠᠯᠵᠢᠶᠠᠨ ᠤ | ᠲᠥᠷᠥᠯ ᠵᠦᠢᠯ ᠤᠨ ᠨᠡᠷᠡᠶᠢᠳᠦᠯ ᠵᠢᠴᠢ ᠲᠣᠶᠢᠮᠣ ᠪᠠᠶᠢᠳᠠᠯ᠂ ᠥᠷᠢᠰᠦᠯᠳᠦᠨ ᠣᠯᠣᠭᠰᠠᠨ ᠬᠥᠮᠥᠨ᠂ ᠠᠷᠠᠯᠵᠢᠶᠠᠨ ᠤ | ᠴᠠᠭ ᠬᠤᠭᠤᠴᠠᠭ᠎ᠠ ᠵᠢᠴᠢ ᠠᠷᠠᠯᠵᠢᠶ᠎ᠠ ᠪᠦᠲᠦᠭᠰᠡᠨ ᠦᠨ᠎ᠡ ᠬᠠᠩᠰᠢ᠂ ᠵᠠᠷᠯᠠᠨ ᠨᠡᠶᠢᠲᠡᠯᠡᠬᠦ ᠬᠤᠭᠤᠴᠠᠭ᠎ᠠ ᠬᠢᠵᠠᠭᠠᠷ᠂ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠪᠠ ᠬᠠᠷᠢᠯᠴᠠᠬᠤ ᠠᠷᠭ᠎ᠠ ᠬᠡᠯᠪᠡᠷᠢ ᠶᠢ | ᠪᠠᠭᠳᠠᠭᠠᠨ᠎ᠠ᠃ | ᠬᠤᠷᠢᠨ ᠳᠥᠷᠪᠡᠳᠦᠭᠡᠷ ᠵᠦᠢᠯ ᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠥᠪ ᠲᠤ ᠣᠷᠣᠵᠤ ᠠᠷᠠᠯᠵᠢᠶᠠᠯᠠᠭᠰᠠᠨ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠪᠦᠬᠦᠨ ᠳᠤ ︽ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠦᠨᠡᠮᠯᠡᠯ︾ ᠢ ᠨᠢᠭᠡᠳᠦᠯᠲᠡᠢ ᠭᠠᠷᠭᠠᠵᠤ | ᠥᠭᠬᠦ ᠶᠢᠨ ᠬᠠᠮᠲᠤ ᠠᠷᠠᠯᠵᠢᠶ᠎ᠠ ᠪᠦᠲᠦᠭᠰᠡᠨ ᠪᠠᠶᠢᠳᠠᠯ ᠢ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠃ ᠥᠮᠴᠢᠯᠡᠯ ᠤᠨ | ᠡᠷᠬᠡ ᠶᠢ ᠬᠤᠪᠢᠷᠠᠭᠤᠯᠬᠤ ᠳᠤ ᠬᠤᠯᠪᠣᠭᠳᠠᠭᠰᠠᠨ ᠪᠠᠶᠢᠪᠠᠯ᠂ ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ︽ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠦᠨᠡᠮᠯᠡᠯ︾ ᠵᠢᠴᠢ ᠬᠤᠯᠪᠣᠭᠳᠠᠯ ᠪᠦᠬᠦᠢ | ᠪᠢᠴᠢᠭ ᠤᠨ ᠭᠡᠷᠡᠴᠢ ᠮᠠᠲ᠋ᠧᠷᠢᠶᠠᠯ ᠢᠶᠠᠨ ᠠᠪᠴᠤ ᠰᠢᠯᠵᠢᠭᠦᠯᠦᠨ ᠬᠤᠳᠠᠯᠳᠤᠬᠤ ᠲᠠᠯ᠎ᠠ ᠶᠢᠨ ᠤᠤᠯ ᠤᠨ ᠦᠨᠡᠮᠯᠡᠯ | ᠣᠯᠭᠤᠭᠰᠠᠨ ᠪᠠᠶᠢᠭᠤᠯᠭ᠎ᠠ ᠳᠤ ᠬᠦᠷᠴᠦ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠭᠠᠷ ᠭᠦᠢᠴᠡᠳᠬᠡᠯ ᠬᠢᠨ᠎ᠡ᠃ | ᠬᠤᠷᠢᠨ ᠲᠠᠪᠤᠳᠤᠭᠠᠷ ᠵᠦᠢᠯ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠠᠷᠠᠯᠵᠢᠶ᠎ᠠ ᠬᠢᠵᠦ | ᠪᠠᠶᠢᠭ᠎ᠠ ᠲᠠᠷᠢᠶᠠᠴᠢᠨ ᠡᠷᠦᠬᠡ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ | ᠬᠤᠲᠠ ᠶᠢᠨ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠦᠨᠡᠮᠯᠡᠯ ᠣᠯᠭᠤᠵᠤ ᠮᠠᠭᠠᠳᠯᠠᠨ ᠲᠣᠭᠲᠠᠭᠠᠭᠰᠠᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ | ᠵᠢᠭᠠᠵᠤ ᠪᠠᠶᠢᠨ᠎ᠠ︶ ᠠᠴᠠ ᠦᠢᠯᠡᠴᠢᠯᠡᠭᠡᠨ ᠤ ᠰᠦᠢᠳᠬᠡᠯ ᠬᠤᠷᠢᠶᠠᠬᠤ ᠦᠭᠡᠢ᠂ ᠪᠤᠰᠤᠳ ᠠᠷᠠᠯᠵᠢᠶᠠᠨ ᠤ ᠭᠤᠤᠯ | ᠴᠣᠭᠴᠠ ᠠᠴᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠪᠠᠶᠢᠭᠤᠯᠤᠮᠵᠢ ᠶᠢᠨ ᠰᠦᠢᠳᠬᠡᠯ | ᠬᠤᠷᠢᠶᠠᠬᠤ ᠪᠠᠷᠢᠮᠵᠢᠶ᠎ᠠ ᠪᠠᠷ ᠰᠦᠢᠳᠬᠡᠯ ᠬᠤᠷᠢᠶᠠᠨ᠎ᠠ᠃ | ᠬᠤᠷᠢᠨ ᠵᠢᠷᠭᠤᠳᠤᠭᠠᠷ ᠵᠦᠢᠯ ᠭᠡᠷ᠎ᠡ ᠲᠣᠭᠲᠠᠭᠠᠭᠰᠠᠨ ᠤ ᠳᠠᠷᠠᠭᠠᠬᠢ ᠰᠢᠯᠵᠢᠭᠦᠯᠦᠨ ᠥᠭᠬᠦ ᠲᠠᠯ᠎ᠠ ᠬᠢᠭᠡᠳ | ᠰᠢᠯᠵᠢᠭᠦᠯᠦᠨ ᠠᠪᠬᠤ ᠲᠠᠯ᠎ᠠ ᠨᠢ ᠭᠤᠣᠯ ᠲᠤᠰᠬᠠᠢ ᠲᠠᠩᠰᠠᠨ ᠡᠷᠦᠭᠡ ᠪᠠᠷ ᠳᠠᠮᠵᠢᠭᠤᠯᠤᠨ ᠭᠡᠷ᠎ᠡ ᠶᠢᠨ ᠦᠨ᠎ᠡ ᠶᠢᠨ | ᠵᠣᠭᠤᠰ ᠢ ᠳ᠋ᠦᠩᠨᠡᠨ ᠪᠤᠳᠤᠨ᠎ᠠ᠂ ᠠᠷᠠᠯᠵᠢᠶᠠᠨ ᠤ ᠪᠠᠲᠤᠯᠠᠭ᠎ᠠ ᠶᠢᠨ ᠮᠥᠩᠭᠦ᠂ ᠠᠷᠠᠯᠵᠢᠶ᠎ᠠ ᠪᠦᠲᠦᠭᠰᠡᠨ ᠦᠨ᠎ᠡ ᠶᠢᠨ | ᠵᠣᠭᠤᠰ ᠵᠡᠷᠭᠡ ᠠᠷᠠᠯᠵᠢᠶᠠᠨ ᠤ ᠵᠣᠭᠤᠰ ᠲᠤ ᠬᠦᠦ ᠮᠥᠩᠭᠦ ᠦᠭᠡᠢ ᠪᠠᠷ ᠳ᠋ᠦᠩᠨᠡᠨ ᠪᠤᠳᠤᠬᠤ ᠶᠢ ᠬᠡᠷᠡᠭᠵᠢᠭᠦᠯᠦᠨ᠎ᠡ᠃ | ᠳᠣᠯᠣᠳᠤᠭᠠᠷ ᠪᠦᠯᠦᠭ ᠦᠢᠯᠡ ᠠᠵᠢᠯᠯᠠᠭᠠᠨ ᠤ ᠵᠢᠷᠤᠮᠵᠢᠯ | ᠬᠤᠷᠢᠨ ᠳᠣᠯᠣᠳᠤᠭᠠᠷ ᠵᠦᠢᠯ ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠯᠠᠬᠤ ᠦᠨ᠎ᠡ ᠶᠢ | ᠬᠤᠪᠢᠷᠠᠭᠤᠯᠬᠤ ᠳᠤ᠂ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠭᠰᠡᠨ ᠦᠷᠳᠡᠭ ᠢᠶᠠᠷ | ᠦᠨᠳᠦᠰᠦᠯᠡᠯ ᠪᠣᠯᠭᠠᠨ᠎ᠠ᠃ ᠭᠠᠷᠭᠠᠵᠤ ᠥᠭᠬᠦ ᠦᠨ᠎ᠡ ᠨᠢ ᠬᠠᠮᠤᠭ ᠤᠨ ᠳᠣᠣᠷ᠎ᠠ ᠦᠨ᠎ᠡ ᠪᠠ ᠵᠠᠬ᠎ᠠ ᠳᠡᠯᠭᠡᠭᠦᠷ ᠤᠨ | ᠦᠨ᠎ᠡ ᠠᠴᠠ ᠳᠣᠣᠷ᠎ᠠ ᠪᠠᠶᠢᠪᠠᠯ᠂ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ ᠨᠠᠷ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ | ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠤ ᠲᠥᠯᠥᠭᠡᠯᠡᠭᠴᠢ ᠪᠠᠷ ᠬᠢᠨᠠᠨ ᠶᠠᠷᠢᠯᠴᠠᠭᠤᠯᠵᠤ | ᠪᠠᠲᠤᠯᠠᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ | ᠶᠢ ᠰᠢᠯᠵᠢᠬᠦᠯᠤᠨ ᠠᠷᠠᠯᠵᠢᠶᠠᠯᠠᠬᠤ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠭᠠᠷᠤᠭᠰᠠᠨ | ᠪᠠᠶᠢᠪᠠᠯ᠂ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠠᠷᠠᠯᠵᠢᠶ᠎ᠠ ᠶᠢ ᠲᠤᠷᠭᠤᠨ ᠵᠣᠭᠰᠤᠭᠠᠬᠤ | ᠲᠣᠭᠲᠠᠭᠠᠯ ᠭᠠᠷᠭᠠᠬᠤ ᠶᠢᠨ ᠬᠠᠮᠲᠤ ᠵᠠᠷᠯᠠᠨ ᠨᠡᠶᠢᠲᠡᠯᠡᠵᠦ ᠪᠣᠯᠣᠨ᠎ᠠ᠄ | ︵ᠨᠢᠭᠡ︶ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠠᠷᠠᠯᠵᠢᠶ᠎ᠠ ᠶᠢ ᠲᠤᠷᠭᠤᠠ | ᠵᠣᠭᠰᠤᠭᠠᠬᠤ ᠪᠠᠷ ᠳᠤᠷᠠᠳᠤᠭᠰᠠᠨ᠃ | ︵ᠬᠤᠶᠠᠷ︶ ᠰᠢᠯᠵᠢᠭᠦᠯᠦᠨ ᠥᠭᠬᠦ ᠲᠠᠯ᠎ᠠ ᠪᠤᠶᠤ ᠥᠮᠴᠢᠯᠡᠯ ᠤᠨ ᠡᠷᠬᠡ ᠲᠠᠢ ᠰᠢᠭᠤᠳ ᠬᠠᠷᠢᠴᠠᠭ᠎ᠠ ᠲᠠᠢ | ᠭᠤᠷᠪᠠᠳᠠᠭᠢ ᠲᠠᠯ᠎ᠠ ᠠᠴᠠ ᠵᠦᠢ ᠶᠣᠰᠣᠨ ᠤ ᠤᠴᠢᠷ ᠰᠢᠯᠲᠠᠭᠠᠨ ᠳᠤᠷᠠᠳᠤᠭᠰᠠᠨ ᠪᠥᠭᠡᠳ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ᠃ | ︵ᠭᠤᠷᠪᠠ︶ ᠥᠷᠢᠰᠦᠯᠳᠦᠨ ᠲᠠᠭᠠᠭᠠᠴᠢᠯᠠᠭᠴᠢ ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ | ᠰᠥᠯᠪᠡᠭᠡᠯᠳᠦᠵᠤ ᠲᠠᠭᠠᠭᠠᠴᠢᠯᠠᠭᠰᠠᠨ᠂ ᠬᠠᠭ᠋ᠤᠤᠯᠢ ᠲᠦᠯᠬᠢᠭᠰᠡᠨ᠂ ᠬᠢᠬᠠᠵᠤ ᠠᠪᠤᠭᠰᠠᠨ᠂ ᠪᠤᠰᠤᠳ ᠢ | ᠰᠦᠷᠳᠡᠭᠦᠯᠦᠭᠰᠡᠨ ᠵᠡᠷᠭᠡ ᠰᠡᠵᠢᠭᠯᠡᠯᠲᠡᠢ ᠲᠠᠢ ᠪᠥᠭᠡᠳ ᠪᠠᠶᠢᠴᠠᠭᠠᠵᠤ ᠨᠤᠲᠠᠯᠠᠬᠤ ᠴᠢᠬᠤᠯᠠᠲᠠᠢ᠃ | ︵ᠳᠥᠷᠪᠡ︶ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠴᠢᠬᠤᠯᠠ ᠲᠠᠢ ᠭᠡᠵᠦ ᠦᠵᠡᠪᠡᠯ᠂ | ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠪᠠᠷ ᠵᠥᠪᠰᠢᠶᠡᠷᠡᠭᠦᠯᠬᠦ ᠬᠡᠷᠡᠭᠳᠡᠢ᠃ | | ︵ᠲᠠᠪᠤ︶ ᠠᠷᠠᠯᠵᠢᠶ᠎ᠠ ᠶᠢ ᠬᠠᠤᠯᠢ ᠶᠣᠰᠣᠭᠠᠷ ᠲᠤᠷᠭᠤᠠ ᠵᠣᠭᠰᠤᠭᠠᠬᠤ ᠶᠣᠰᠣᠲᠠᠢ ᠪᠤᠰᠤᠳ ᠪᠠᠶᠢᠳᠠᠯ ᠤᠳ᠃ | ᠬᠤᠷᠢ ᠶᠢᠰᠦᠳᠦᠭᠡᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ | ᠠᠷᠠᠯᠵᠢᠶᠠᠨ ᠤ ᠲᠠᠪᠴᠠᠩ ᠳᠤ ᠢᠯᠡ ᠪᠠᠷ ᠠᠷᠠᠯᠵᠢᠶᠠᠯᠠᠬᠤ ᠶᠢ ᠵᠣᠷᠢᠭᠵᠢᠭᠤᠯᠤᠨ ᠳᠡᠮᠵᠢᠨ᠎ᠡ᠃ ᠦᠮᠴᠢᠯᠡᠯ ᠤᠨ ᠡᠷᠭᠡ | ᠶᠢᠨ ᠠᠷᠠᠯᠵᠢᠶᠠᠨ ᠤ ᠲᠥᠪ ᠠᠴᠠ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠭᠰᠠᠨ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠶᠠᠰᠤ ᠴᠢᠨᠠᠷ ᠤᠨ ᠦ ᠰᠡᠪ᠂ ᠡᠷᠬᠡ ᠶᠢᠨ ᠬᠠᠷᠢᠶᠠᠯᠠᠯ ᠤᠨ ᠬᠠᠤᠯᠢ ᠶᠣᠰᠣᠴᠢ | ᠴᠢᠨᠠᠷ ᠤᠨ ᠦ ᠰᠡᠪ ᠵᠢᠴᠢ ᠭᠡᠷ᠎ᠡ ᠠᠴᠠ ᠵᠥᠷᠢᠴᠡᠭᠰᠡᠨ ᠵᠡᠷᠭᠡ ᠠᠶᠤᠯ ᠲᠦᠭᠰᠢᠭᠦᠷᠢ ᠳᠤ ᠬᠠᠤᠯᠢ ᠶᠢᠨ ᠬᠠᠷᠢᠭᠤᠴᠠᠯᠭ᠎ᠠ | ᠡᠭᠦᠷᠭᠡᠯᠡᠬᠦ ᠦᠭᠡᠢ᠃ | ᠨᠠᠢᠮᠠᠳᠤᠭᠠᠷ ᠪᠦᠯᠦᠭ ᠠᠷᠠᠯᠵᠢᠶ᠎ᠠ ᠶᠢ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ | ᠭᠤᠴᠢᠳᠤᠭᠠᠷ ᠵᠦᠢᠯ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠤᠨ ᠲᠣᠭᠲᠠᠭᠠᠯ ᠶᠣᠰᠣᠭᠠᠷ᠂ ᠬᠥᠳᠡᠭᠡ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠨ ᠤ ᠠᠵᠢᠯᠯᠠᠭ᠎ᠠ ᠶᠢ ᠬᠢᠨᠠᠨ ᠬᠠᠮᠢᠶᠠᠷᠬᠤ ᠬᠡᠷᠡᠭᠲᠡᠢ᠃ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠠᠪᠴᠠᠩ ᠤᠨ | ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠨ ᠤ ᠪᠠᠶᠢᠳᠠᠯ ᠢ ᠬᠥᠳᠡᠭᠡ ᠲᠣᠰᠬᠤᠨ ᠤ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠤᠨ᠂ ᠬᠦᠳᠡᠯᠤᠩᠭᠦᠢ ᠬᠢᠨᠠᠨ ᠬᠠᠮᠢᠶᠠᠷᠤᠯᠳᠠ ᠬᠢᠨ᠎ᠠ᠃ | ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠠᠷᠠᠯᠵᠢᠶᠠᠯᠠᠬᠤ ᠦᠶ᠎ᠡ ᠳᠤ᠂ ᠭᠠᠴᠠᠭ᠎ᠠ ᠲᠣᠰᠬᠤᠨ ᠤ ︽ | ᠬᠤᠶᠠᠷ ᠵᠥᠪᠯᠡᠯ︾᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ︵ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠬᠤᠷᠰᠢᠶ᠎ᠠ | ᠵᠡᠷᠭᠡ ᠶᠢ ᠪᠠᠭᠲᠠᠭᠠᠨ᠎ᠠ︶᠂ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠵᠥᠪᠯᠡᠯ ᠵᠡᠷᠭᠡ ᠨᠢ | ᠲᠤᠬᠠᠢ ᠶᠢᠨ ᠲᠠᠯᠠᠪᠤᠷ ᠲᠤ ᠬᠦᠷᠴᠦ ᠬᠢᠨᠠᠯᠲᠠ ᠲᠠᠯᠪᠢᠬᠤ ᠶᠢ ᠭᠡᠷᠡᠴᠢᠯᠡᠵᠦ ᠪᠣᠯᠣᠨ᠎ᠠ᠃ ᠬᠡᠷᠡᠭ ᠡᠷᠬᠢᠯᠡᠭᠴᠢᠳ ᠤᠨ | ᠬᠤᠷᠠᠯ᠂ ᠬᠢᠨᠠᠭᠴᠢᠳ ᠤᠨ ᠵᠥᠪᠯᠡᠯ ᠵᠡᠷᠭᠡ ᠬᠥᠮᠥᠰ ᠲᠣᠭᠲᠠᠭᠠᠯ ᠠᠴᠠ ᠵᠥᠷᠢᠴᠡᠨ ᠠᠷᠠᠯᠵᠢᠶᠠᠯᠠᠭᠰᠠᠨ ᠦᠢᠯᠡ | ᠠᠵᠢᠯᠯᠠᠭ᠎ᠠ ᠶᠢ ᠣᠯᠵᠤ ᠮᠡᠳᠡᠭᠰᠡᠨ ᠪᠤᠶᠤ ᠬᠤᠯᠪᠣᠭᠳᠠᠯ ᠪᠦᠬᠦᠢ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ | ᠣᠯᠣᠭᠰᠠᠨ ᠪᠠᠶᠢᠪᠠᠯ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠠᠷᠠᠯᠵᠢᠶᠠᠯᠠᠬᠤ ᠶᠠᠪᠤᠴᠠ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ | ᠪᠠᠶᠢᠬᠤ ᠶᠢ ᠣᠯᠵᠤ ᠮᠡᠳᠡᠪᠡᠯ᠂ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠠᠷᠠᠯᠵᠢᠶ᠎ᠠ ᠶᠢ | ᠵᠦᠪᠰᠢᠶᠡᠷᠡᠬᠦ ᠦᠭᠡᠢ᠃ | ︵ᠨᠢᠭᠡ︶ ᠠᠷᠠᠯᠵᠢᠶᠠᠨ ᠤ ᠵᠠᠬ᠎ᠠ ᠳᠡᠯᠭᠡᠭᠦᠷ ᠢ ᠵᠠᠬᠢᠷᠤᠨ ᠡᠵᠡᠮᠳᠡᠬᠦ ᠪᠤᠶᠤ ᠠᠷᠠᠯᠵᠢᠶᠠᠨ ᠤ ᠡᠮᠬᠢ ᠵᠢᠷᠤᠮ ᠢ | ᠰᠠᠮᠠᠭᠤᠷᠠᠭᠤᠯᠬᠤ ᠪᠠᠶᠢᠳᠠᠯ᠃ | ︵ᠬᠤᠶᠠᠷ︶ ᠠᠷᠠᠯᠵᠢᠶᠠᠯᠠᠬᠤ ᠬᠤᠶᠠᠷ ᠲᠠᠯ᠎ᠠ ᠶᠢᠨ ᠭᠤᠣᠯᠴᠢ ᠪᠠᠷ ᠠᠷᠠᠯᠵᠢᠶᠠᠯᠠᠬᠤ ᠶᠢ ᠬᠤᠬᠢᠷᠠᠭᠤᠯᠤᠭᠰᠠᠨ | ᠶᠠᠪᠤᠳᠠᠯ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ | ᠤᠳ ᠪᠠᠭᠳᠠᠨ᠎ᠠ᠃ | ᠭᠤᠴᠢᠨ ᠬᠤᠶᠠᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠠᠷᠠᠯᠵᠢᠶᠠᠯᠠᠬᠤ | ᠶᠠᠪᠤᠴᠠ ᠳᠤ ᠠᠷᠠᠯᠵᠢᠶᠠᠨ ᠤ ᠵᠢᠭᠤᠷᠠᠯᠳᠤᠭᠠᠨ ᠭᠠᠷᠪᠠᠯ᠂ ᠲᠤᠬᠠᠢ ᠶᠢᠨ ᠬᠥᠮᠥᠨ ᠨᠢ ᠦᠮᠴᠢᠯᠡᠯ ᠤᠨ ᠡᠷᠭᠡ ᠶᠢᠨ | ᠠᠷᠠᠯᠵᠢᠶᠠᠨ ᠤ ᠲᠥᠪ ᠪᠤᠶᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢ ᠬᠢᠨᠠᠨ ᠬᠠᠮᠢᠶᠠᠷᠬᠤ | ᠵᠦᠪᠯᠡᠯ ᠳᠤ ᠡᠶᠡᠳᠡᠬᠦᠯᠬᠦ ᠪᠠᠷ ᠭᠤᠶᠤᠴᠢᠯᠠᠬᠤ ᠪᠤᠶᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃ | ᠭᠤᠴᠢᠨ ᠭᠤᠷᠪᠠᠳᠤᠭᠠᠷ ᠵᠦᠢᠯ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠬᠠᠮᠲᠤ ᠶᠢᠨ ᠡᠳ᠋ | ᠬᠥᠷᠥᠩᠭᠡ ᠶᠢᠨ ᠠᠷᠠᠯᠵᠢᠶ᠎ᠠ᠂ ᠭᠡᠷ᠎ᠡ ᠶᠢ ᠭᠦᠢᠴᠡᠳᠬᠡᠭᠰᠡᠨ ᠵᠡᠷᠭᠡ ᠢᠲᠡᠭᠡᠮᠵᠢ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠲᠡᠮᠳᠡᠭᠯᠡᠬᠦ ᠶᠢᠨ ᠬᠠᠮᠲᠤ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ | ᠡᠷᠭᠢᠯᠲᠡ ᠶᠢᠨ ᠠᠷᠠᠯᠵᠢᠶᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠦᠮᠴᠢᠯᠡᠯ ᠤᠨ | ᠡᠷᠭᠡ ᠶᠢᠨ ᠠᠷᠠᠯᠵᠢᠶᠠᠨ ᠤ ᠲᠥᠪ ᠠᠴᠠ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠵᠤ᠂ | ᠢᠲᠡᠭᠡᠮᠵᠢ ᠶᠢᠨ ᠦᠨᠡᠯᠡᠯᠲᠡ ᠪᠠᠷ ᠪᠠᠷᠤᠭᠲᠠᠢ ᠥᠷᠢᠰᠦᠯᠳᠦᠨ ᠲᠠᠭᠠᠭᠠᠴᠢᠯᠠᠭᠴᠢ ᠶᠢᠨ ᠥᠷᠢᠰᠦᠯᠳᠦᠨ ᠲᠠᠭᠠᠭᠠᠴᠢᠯᠠᠯᠳᠠ | ᠳᠤ ᠣᠷᠣᠯᠴᠠᠬᠤ ᠶᠢ ᠨᠢ ᠬᠢᠵᠠᠭᠠᠷᠯᠠᠬᠤ ᠬᠡᠷᠡᠭᠲᠡᠢ᠃ | ᠶᠢᠰᠦᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠭᠤᠴᠢᠨ ᠳᠥᠷᠪᠡᠳᠦᠭᠡᠷ ᠵᠦᠢᠯ ᠬᠥᠳᠡᠭᠡ ᠲᠣᠰᠬᠤᠨ ᠤ ᠬᠠᠮᠲᠤ ᠶᠢᠨ ᠬᠤᠯᠪᠣᠭᠳᠠᠯ ᠪᠦᠬᠦᠢ ᠬᠥᠮᠥᠰ ᠲᠤᠰ | ᠨᠠᠷᠢᠨ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠣᠷᠠᠬᠢ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠦᠢᠯᠡ | ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ ᠪᠠᠶᠢᠭᠠᠳ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ | ᠰᠢᠭᠦᠮᠵᠢᠯᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠶᠣᠰᠣᠭᠠᠷ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ᠎ᠡ᠃ ᠬᠠᠮᠲᠤ ᠶᠢᠨ ᠠᠵᠤ ᠠᠬᠤᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠬᠠᠤᠯᠢ ᠶᠣᠰᠣᠭᠠᠷ ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠲᠣᠰ ᠨᠠᠷᠢᠨ ᠳᠦᠷᠢᠮ ᠤᠨ ᠲᠣᠭᠲᠠᠭᠠᠯ ᠶᠣᠰᠣᠭᠠᠷ ᠦᠮᠴᠢᠯᠡᠯ ᠤᠨ ᠡᠷᠭᠡ ᠶᠢᠨ ᠠᠷᠠᠯᠵᠢᠶᠠᠨ ᠤ | ᠲᠥᠪ ᠲᠤ ᠣᠷᠣᠵᠤ ᠢᠯᠡ ᠪᠠᠷ ᠠᠷᠠᠯᠵᠢᠶᠠᠯᠠᠭᠰᠠᠨ ᠦᠭᠡᠢ᠃ | ︵ᠬᠤᠶᠠᠷ︶ ᠬᠠᠷᠠᠯᠲᠠ ᠶᠢᠨ ᠵᠣᠭᠤᠰ ᠤᠨ ᠲᠤᠭ᠎ᠠ᠂ ᠲᠠᠯᠠᠪᠠᠢ᠂ ᠬᠤᠭᠤᠴᠠᠭ᠎ᠠ ᠵᠡᠷᠭᠡ ᠶᠢ ᠰᠠᠯᠭᠠᠵᠤ᠂ | ᠳᠠᠯᠳᠠᠭᠤᠷ ᠠᠷᠠᠯᠵᠢᠶᠠᠯᠠᠭᠠᠳ ᠲᠥᠪ ᠲᠤ ᠣᠷᠣᠵᠤ ᠢᠯᠡ ᠪᠠᠷ ᠠᠷᠠᠯᠵᠢᠶᠠᠯᠠᠬᠤ ᠠᠴᠠ ᠵᠠᠶᠢᠯᠠᠭᠤᠯᠤᠭᠰᠠᠨ᠃ | ︵ᠭᠤᠷᠪᠠ︶ ᠠᠷᠠᠯᠵᠢᠶᠠᠨ ᠤ ᠶᠠᠪᠤᠴᠠ ᠳᠤ ᠪᠣᠳᠠᠲᠤ ᠬᠡᠷᠡᠭ ᠢ ᠨᠢᠭᠤᠨ ᠳᠠᠯᠳᠠᠯᠠᠭᠰᠠᠨ᠂ ᠬᠤᠳᠠᠯ ᠬᠠᠭᠤᠷᠮᠠᠭ | ᠮᠠᠲ᠋ᠧᠷᠢᠶᠠᠯ ᠬᠠᠩᠭᠠᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ᠃ | ︵ᠳᠥᠷᠪᠡ︶ ᠠᠷᠠᠳᠴᠢᠯᠠᠯ ᠢᠶᠠᠷ ᠪᠠᠲᠤᠯᠠᠬᠤ ᠵᠢᠷᠤᠮ ᠢ ᠲᠣᠭᠲᠠᠭᠠᠯ ᠶᠣᠰᠣᠭᠠᠷ ᠦᠯᠦ ᠭᠦᠢᠴᠡᠳᠬᠡᠭᠰᠡᠨ᠃ | ︵ᠲᠠᠪᠤ︶ ᠠᠷᠠᠯᠵᠢᠶᠠᠨ ᠤ ᠡᠮᠬᠢ ᠵᠢᠷᠤᠮ ᠢ ᠰᠠᠮᠠᠭᠤᠷᠠᠭᠤᠯᠵᠤ᠂ ᠠᠷᠠᠯᠵᠢᠶᠠᠨ ᠤ ᠬᠡᠪ ᠢᠶᠠᠷ ᠶᠠᠪᠤᠭᠳᠠᠬᠤ ᠶᠢ | ᠨᠥᠯᠥᠭᠡᠯᠡᠭᠰᠡᠨ᠃ | ︵ᠵᠢᠷᠭᠤᠭ᠎ᠠ︶ ᠠᠷᠠᠯᠵᠢᠶᠠᠯᠠᠭᠰᠠᠨ ᠤ ᠲᠡᠷᠠᠭ᠎ᠠ ᠲᠣᠭᠲᠠᠭᠠᠯ ᠶᠣᠰᠣᠭᠠᠷ ᠭᠡᠷ᠎ᠡ ᠲᠣᠭᠲᠠᠭᠠᠭᠰᠠᠨ ᠦᠭᠡᠢ᠃ | ︵ᠲᠤᠯᠤᠭ᠎ᠠ︶ ᠵᠣᠷᠢᠭᠤᠳᠠ ᠬᠠᠷᠰᠢ ᠰᠠᠭᠠᠳ ᠭᠠᠷᠭᠠᠭᠠᠳ ᠭᠡᠷ᠎ᠡ ᠶᠢ ᠡᠰᠡ ᠭᠦᠢᠴᠡᠳᠬᠡᠭᠰᠡᠨ᠃ | ︵ᠨᠠᠢᠮᠠ︶ ᠬᠡᠭᠡᠯᠢ ᠲᠦᠯᠬᠢᠵᠤ ᠬᠠᠭ᠋ᠤᠤᠯᠢ ᠢᠳᠡᠭᠰᠡᠨ ᠦᠢᠯᠡ ᠠᠵᠢᠯᠯᠠᠭ᠎ᠠ ᠲᠠᠢ ᠪᠠᠶᠢᠬᠤ᠃ | ︵ᠶᠢᠰᠦ︶ ᠠᠷᠠᠯᠵᠢᠶᠠᠨ ᠤ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠷ ᠶᠠᠪᠤᠭᠳᠠᠬᠤ ᠶᠢ | ᠨᠥᠯᠥᠭᠡᠯᠡᠭᠰᠡᠨ ᠪᠤᠰᠤᠳ ᠦᠢᠯᠡ ᠠᠵᠢᠯᠯᠠᠭ᠎ᠠ᠃ | ᠭᠤᠴᠢᠨ ᠲᠠᠪᠤᠳᠤᠭᠠᠷ ᠵᠦᠢᠯ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠤᠨ ᠠᠵᠢᠯᠲᠠᠨ ᠲᠣᠰ ᠨᠠᠷᠢᠨ | ᠳᠦᠷᠢᠮ ᠤᠨ ᠲᠣᠭᠲᠠᠭᠠᠯ ᠢ ᠵᠥᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠵᠥᠪ ᠢᠶᠠᠷ ᠭᠦᠢᠴᠡᠳᠬᠡᠭᠰᠡᠨ ᠦᠭᠡᠢ ᠪᠠᠶᠢᠪᠠᠯ᠂ ᠦᠶᠯᠡ | ᠪᠠᠶᠢᠳᠠᠯ ᠤᠨ ᠬᠦᠨᠳᠦ ᠬᠥᠩᠭᠡᠨ ᠢ ᠦᠵᠡᠵᠦ ᠪᠠᠶᠢᠭᠠᠳ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠣᠬᠢᠴᠠᠩᠭᠤᠢ ᠪᠠᠷ ᠰᠢᠢᠳᠪᠦᠷᠢᠯᠡᠨ᠎ᠡ᠃ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ | ᠬᠠᠤᠯᠢ ᠶᠣᠰᠣᠭᠠᠷ ᠲᠦᠯᠤᠬᠦᠯᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠵᠢᠷᠭᠤᠳᠤᠭᠠᠷ ᠵᠦᠢᠯ ᠰᠢᠯᠵᠢᠭᠦᠯᠦᠨ ᠠᠪᠬᠤ ᠪᠠᠷ ᠭᠤᠶᠤᠴᠢᠯᠠᠭᠴᠢ᠂ ᠥᠷᠢᠰᠦᠯᠳᠦᠨ ᠬᠤᠳᠠᠯᠳᠤᠨ | ᠠᠪᠤᠭᠴᠢ᠂ ᠥᠷᠢᠰᠦᠯᠳᠦᠨ ᠣᠯᠣᠭᠴᠢ ᠲᠤᠰ ᠨᠠᠷᠢᠨ ᠳᠦᠷᠢᠮ ᠤᠨ ᠲᠣᠭᠲᠠᠭᠠᠯ ᠢ ᠵᠥᠷᠢᠴᠡᠵᠦ᠂ ᠪᠤᠰᠤᠳ ᠬᠥᠮᠥᠨ᠂ | ᠬᠥᠳᠡᠭᠡ ᠲᠣᠰᠬᠤᠨ ᠤ ᠬᠠᠮᠲᠤ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠬᠤᠳᠠᠯ ᠬᠠᠭᠤᠷᠮᠠᠭ ᠢᠶᠠᠷ ᠵᠣᠬᠢᠶᠠᠬᠤ᠂ ᠰᠥᠯᠪᠡᠭᠡᠯᠳᠦᠨ | ᠦᠷᠢᠰᠤᠯᠳᠤᠨ ᠲᠠᠭᠠᠭᠠᠴᠢᠯᠠᠬᠤ᠂ ᠬᠠᠭ᠋ᠤᠤᠯᠢ ᠲᠦᠯᠬᠢᠬᠦ᠂ ᠬᠢᠬᠠᠵᠤ ᠠᠪᠬᠤ᠂ ᠪᠤᠰᠤᠳ ᠢ ᠰᠦᠷᠳᠡᠭᠦᠯᠬᠦ ᠵᠡᠷᠭᠡ | ᠪᠠᠶᠢᠳᠠᠯ ᠲᠠᠢ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠳᠣᠯᠣᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠠᠷᠠᠯᠵᠢᠶᠠᠨ ᠤ | ᠭᠡᠷ᠎ᠡ ᠶᠢ ᠭᠦᠢᠴᠡᠳᠬᠡᠬᠦ ᠶᠠᠪᠤᠴᠠ ᠳᠤ ᠵᠢᠭᠤᠷᠠᠯᠳᠤᠭᠠᠨ ᠭᠠᠷᠤᠭᠰᠠᠨ ᠪᠠᠶᠢᠪᠠᠯ᠂ ᠭᠡᠷ᠎ᠡ ᠳᠤ ᠪᠣᠯᠵᠣᠨ ᠲᠣᠭᠲᠠᠭᠰᠠᠨ | ᠠᠷᠭ᠎ᠠ ᠵᠠᠮ ᠢᠶᠠᠷ ᠰᠢᠢᠳᠪᠦᠷᠢᠯᠡᠵᠦ ᠪᠣᠯᠣᠨ᠎ᠠ᠃ ᠪᠣᠯᠵᠣᠨ ᠲᠣᠭᠲᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃ | ᠠᠷᠪᠠᠳᠤᠭᠠᠷ ᠪᠦᠯᠦᠭ ᠲᠠᠭᠠᠯᠳᠤᠭᠤᠯᠤᠭᠰᠠᠨ ᠳᠦᠷᠢᠮ | ᠭᠤᠴᠢᠨ ᠨᠠᠢᠮᠠᠳᠤᠭᠠᠷ ᠵᠦᠢᠯ ᠲᠣᠰ ᠠᠷᠠᠯᠵᠢᠶ᠎ᠠ ᠶᠢᠨ ᠬᠡᠷᠡᠭᠵᠢᠭᠦᠯᠬᠦ ᠨᠠᠷᠢᠨ ᠳᠦᠷᠢᠮ ᠢ ᠤᠯᠠᠭᠠᠨᠬᠤᠲᠠ ᠶᠢᠨ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢ ᠶᠢᠰᠦᠳᠦᠭᠡᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ | ᠳᠠᠷᠠᠭ᠎ᠠ ᠬᠡᠷᠡᠭᠵᠢᠭᠦᠯᠦᠨ᠎ᠡ᠃ | ᠬᠢᠳᠠᠳ ᠠᠭᠤᠯᠭ᠎ᠠ ᠶᠢ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ | ᠦᠵᠡᠭᠡᠷᠡᠢ︕ | ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠰᠠᠷ᠎ᠠ ᠶᠢᠨ 15 ᠤ ᠡᠳᠦᠷ ᠲᠠᠷᠤᠮᠠᠯᠯᠠᠨ ᠲᠠᠷᠬᠠᠭᠠᠪᠠ | | |